ᠦᠪᠡᠷᠳᠡᠭᠡᠨ ᠵᠠᠰᠠᠬᠤ ᠤᠷᠤᠨ ᠤ ᠨᠠᠢᠮᠠᠳᠤᠭᠠᠷ ᠪᠦᠯᠦᠭ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠮᠤᠷᠳᠡᠪᠡ ᠡᠸᠤ ᠶᠠᠩ ᠰᠢᠶᠤᠤ ᠬᠤᠢ ᠨᠢᠰᠭᠡᠯ ᠤᠨ ᠪᠠᠭᠤᠳᠠᠯ ᠳᠤ ᠬᠦᠷᠴᠤ ᠦᠳᠡᠨ ᠮᠤᠷᠳᠡᠭᠤᠯᠵᠠᠢ
ᠨᠡᠶᠢᠲᠡᠯᠡᠭᠰᠡᠨ ᠴᠠᠭ᠄
2020/2/24
     2 ᠰᠠᠷ᠎ᠡ ᠶᠢᠨ 21᠎ ᠤ ᠦᠳᠠ ᠶᠢᠨ ᠡᠮᠤᠨ᠎ᠡ᠂ ᠮᠠᠨ ᠤ ᠤᠷᠤᠨ ᠤ ᠨᠠᠢᠮᠠᠳᠤᠭᠠᠷ ᠪᠦᠯᠦᠭ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ 173 ᠡᠮᠴᠢ ᠰᠤᠪᠢᠯᠠᠬᠴᠢ ᠬᠤᠪᠸᠢ ᠮᠤᠵᠢ ᠶᠢᠨ ᠦᠬᠠᠨ ᠬᠤᠳᠠ ᠳᠤ ᠬᠦᠷᠴᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠠᠮᠠᠴᠡᠵᠤ ᠠᠪᠤᠷᠠᠨ ᠲᠤᠰᠠᠯᠠᠬᠤ ᠡᠬᠦᠷᠭᠡ ᠬᠦᠢᠴᠡᠳᠭᠡᠬᠦ ᠪᠠᠷ ᠬᠦᠭᠡᠬᠤᠳᠠ ᠠᠴᠠ ᠮᠤᠷᠳᠡᠪᠡ᠃      ᠦᠪᠡᠷᠳᠡᠭᠡᠨ ᠵᠠᠰᠬᠠᠤ ᠤᠷᠤᠨ ᠤ ᠲᠡᠳ᠋ ᠲᠡᠷᠢᠬᠦᠯᠡᠭᠴᠢ᠂ ᠦᠪᠡᠷᠳᠡᠭᠡᠨ ᠵᠠᠰᠠᠬᠤ ᠤᠷᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠲᠡᠳ᠋ ᠶᠡᠷᠤᠩᠭᠡᠢ ᠵᠢᠯᠤᠭᠤᠳᠤᠬᠴᠢ ᠡᠸᠤ ᠶᠠᠩ ᠰᠢᠶᠤᠤ ᠬᠤᠢ ᠨᠢᠰᠭᠡᠯ ᠤᠨ ᠪᠠᠭᠤᠳᠠᠯ ᠳᠤ ᠬᠦᠷᠴᠤ ᠡᠮᠴᠢᠯᠡᠭᠡᠨ ᠤ ᠠᠩᠭᠢ ᠶᠢᠨ ᠬᠢᠨ ᠢ ᠦᠳᠡᠨ ᠮᠤᠷᠳᠠᠭᠤᠯᠵᠠᠢ᠃      ᠡᠸᠤ ᠶᠠᠩ ᠰᠢᠶᠤᠤ ᠬᠤᠢ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠢ ᠲᠦᠯᠦᠭᠡᠯᠡᠨ ᠡᠮᠴᠢᠯᠡᠭᠡᠨ ᠤ ᠠᠩᠭᠢ ᠶᠢᠨ ᠭᠡᠰᠢᠬᠦᠳ ᠲᠤ ᠴᠢᠩ ᠰᠡᠳᠭᠢᠯ ᠤᠨ ᠳᠠᠯᠠᠷᠬᠠᠯ ᠪᠠ ᠡᠷᠬᠢᠮ ᠲᠡᠭᠡᠳᠤ ᠬᠦᠨᠳᠦᠳᠭᠡᠯ ᠢᠶᠠᠨ ᠲᠡᠪᠰᠢᠬᠦᠯᠵᠤ ᠪᠠᠶᠢᠬᠤ ᠪᠠᠨ ᠢᠯᠡᠳᠭᠡᠪᠡ᠃ ᠲᠡᠷᠨ᠂ ᠤᠯᠠᠨ ᠢᠶᠠᠷ ᠢᠶᠠᠨ ᠨᠠᠮ ᠤᠨ ᠲᠦᠪ ᠬᠤᠷᠢᠶᠠᠨ ᠤ ᠤᠷᠢᠶᠠᠯᠠᠭ᠎ᠠ ᠶᠢ ᠢᠳᠡᠪᠬᠢᠳᠠᠢ ᠴᠤᠤᠷᠢᠶᠠᠳᠤᠨ᠂ ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠬᠠᠮᠤᠭ ᠎ ᠤᠨ ᠡᠮᠤᠨ᠎ᠡ ᠹᠷᠤᠨᠲ ᠲᠤ ᠬᠦᠷᠴᠤ ᠬᠢᠵᠢᠭ ᠲᠠᠢ ᠲᠠᠮᠠᠴᠡᠬᠦ ᠠᠵᠢᠯ ᠳᠤ ᠤᠷᠤᠯᠴᠠᠬᠤ ᠪᠠᠷ ᠪᠠᠶᠢᠬᠤ ᠨᠢ ᠡᠮᠨᠡᠯᠭᠡ ᠶᠢᠨ ᠠᠵᠢᠯᠳᠠᠳ ᠤᠨ ᠦᠬᠦᠯ ᠠᠴᠠ ᠠᠪᠤᠷᠠᠨ ᠰᠢᠷᠬᠠᠳᠤᠬᠰᠡᠳ ᠢ ᠲᠡᠩᠭᠡᠷᠡᠬᠦᠯᠬᠦ᠂ ᠬᠠᠶᠢᠷ᠎ᠡ ᠬᠠᠯᠠᠮᠵᠢ ᠬᠢᠵᠠᠭᠠᠷ ᠦᠭᠡᠢ ᠪᠠᠶᠢᠬᠤ ᠵᠤᠷᠢᠭ ᠰᠠᠨᠠᠭ᠎ᠠ ᠶᠢ ᠬᠦᠢᠴᠡᠳ ᠢᠯᠠᠷᠠᠬᠦᠯᠪᠠ᠃ ᠤᠯᠠᠨ ᠢᠶᠠᠷ ᠢᠶᠠᠨ ᠦᠪᠡᠷ ᠢ ᠪᠠᠨ ᠰᠠᠶᠢᠳᠤᠷ ᠬᠠᠮᠠᠭᠠᠯᠠᠵᠤ᠂ ᠰᠡᠷᠭᠡᠶᠢᠯᠡᠯᠳᠠ ᠶᠢᠨ ᠲᠠᠯ᠎ᠡ ᠪᠠᠷ ᠦᠴᠦᠭᠡᠨ ᠴᠤ ᠰᠤᠯᠠᠷᠠᠭᠤᠯᠬᠤ ᠦᠭᠡᠢ ᠪᠠᠶᠢᠬᠤ ᠶᠢ ᠬᠦᠰᠡᠵᠤ ᠪᠠᠶᠢᠨ᠎ᠡ︔ ᠴᠢᠷᠮᠠᠶᠢᠨ ᠠᠵᠢᠯᠯᠠᠵᠤ᠂ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠵᠤ᠂ ᠡᠬᠦᠷᠭᠡ ᠪᠠᠨ ᠲᠡᠬᠦᠰ ᠠᠮᠵᠢᠯᠳᠠ ᠲᠠᠢ ᠪᠠᠶᠠᠯᠡᠬᠦᠯᠬᠦ ᠶᠢ ᠬᠦᠰᠡᠵᠤ ᠪᠠᠶᠢᠨ᠎ᠡ︔ ᠰᠠᠬᠢᠯᠭ᠎ᠠ ᠪᠠᠳᠤ ᠶᠢ ᠵᠢᠷᠤᠮᠯᠠᠨ ᠰᠠᠬᠢᠵᠤ᠂ ᠵᠢᠯᠤᠭᠤᠳᠤᠯᠭ᠎ᠠ ᠶᠢ ᠡᠷᠡᠰ ᠲᠠᠭᠠᠬᠤ ᠶᠢ ᠬᠦᠰᠡᠵᠤ ᠪᠠᠶᠢᠨ᠎ᠡ︔ ᠤᠯᠠᠨ ᠢᠶᠠᠷ ᠢᠶᠠᠨ ᠡᠷᠡᠬᠦᠯ ᠮᠠᠨᠳᠤ᠂ ᠠᠮᠤᠷ ᠠᠮᠤᠭᠤᠯᠠᠩ᠂ ᠢᠯᠠᠯᠳᠠ ᠲᠠᠢ ᠪᠠᠷ ᠪᠤᠴᠠᠵᠤ ᠢᠷᠡᠬᠦ ᠶᠢ ᠬᠦᠰᠡᠵᠤ ᠪᠠᠶᠢᠨ᠎ᠡ ᠭᠡᠵᠤ ᠬᠡᠯᠡᠪᠡ᠃      ᠤᠢᠢᠯᠠᠭᠠᠬᠰᠡᠨ ᠢᠶᠠᠷ᠂ ᠲᠤᠰ ᠪᠦᠯᠦᠭ ᠤᠨ ᠡᠮᠴᠢᠯᠡᠭᠡᠨ ᠤ ᠠᠩᠭᠢ ᠶᠢᠨ ᠭᠡᠰᠢᠬᠦᠳ ᠲᠤᠰ ᠲᠤᠰ ᠤᠷᠤᠨ ᠪᠤᠯᠤᠨ ᠭᠡᠰᠡᠭ ᠠᠶᠢᠮᠠᠭ ᠬᠤᠳᠠ ᠶᠢᠨ 20 ᠭᠠᠷᠤᠢ ᠡᠮᠨᠡᠯᠭᠡ ᠶᠢᠨ ᠬᠤᠷᠢᠶ᠎ᠠ ᠠᠴᠠ ᠢᠷᠠᠵᠤ᠂ ᠠᠮᠢᠰᠬᠤᠯ᠂ ᠬᠦᠨᠳᠤ ᠡᠪᠡᠳᠴᠢᠨ᠂ ᠬᠠᠯᠳᠠᠪᠤᠷᠢᠯᠠᠯᠳᠠ᠂ ᠰᠤᠪᠢᠯᠠᠯᠳᠠ ᠵᠡᠷᠭᠡ ᠲᠤᠰᠬᠠᠢ ᠮᠡᠷᠭᠡᠵᠢᠯ ᠳᠤ ᠬᠤᠯᠪᠤᠬᠳᠠᠵᠤ᠂ ᠦᠬᠠᠨ ᠳᠤ ᠬᠦᠷᠦᠭᠰᠡᠨ ᠤ ᠲᠠᠷᠠᠭ᠎ᠠ᠂ ᠲᠡᠳᠡ ᠬᠤᠶᠠᠷ ᠲᠤᠭᠤᠢᠢᠯᠠᠩ ᠪᠤᠯᠤᠨ ᠬᠤᠪᠢᠶᠠᠬᠳᠠᠵᠤ ᠲᠤᠰ ᠲᠤᠰ ᠦᠬᠠᠨ ᠬᠤᠳᠠ ᠶᠢᠨ ᠲᠦᠪ ᠡᠮᠨᠡᠯᠭᠡ ᠶᠢᠨ ᠬᠤᠷᠢᠶ᠎ᠡ ᠪᠤᠯᠤᠨ ᠦᠬᠠᠨ ᠶᠡᠭᠡ ᠰᠤᠷᠭᠠᠭᠤᠯᠢ ᠶᠢᠨ ᠵᠦᠩ ᠨᠠᠨ ᠡᠮᠨᠡᠯᠭᠡ ᠶᠢᠨ ᠬᠤᠷᠢᠶ᠎ᠡ ᠳᠤ ᠬᠦᠷᠴᠤ ᠡᠮᠴᠢᠯᠡᠭᠡᠨ ᠤ ᠠᠪᠤᠷᠨᠨ ᠵᠠᠰᠠᠬᠤ ᠡᠬᠦᠷᠭᠡ ᠶᠢ ᠡᠬᠦᠷᠭᠡᠯᠡᠬᠦ ᠪᠤᠯᠤᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号