|
ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠢ ᠶᠠᠳᠠᠭᠤ ᠬᠦᠴᠢᠷᠳᠡᠯᠲᠡᠢ ᠰᠢᠶᠠᠨ ᠤ | ᠡᠩᠨᠡᠭᠡ ᠠᠴᠠ ᠭᠠᠷᠭᠠᠬᠤ ᠳᠡᠰ ᠳᠠᠷᠠᠭᠠᠯᠠᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠯᠪᠠᠨ ᠭᠡᠷ ᠤᠨ ᠵᠠᠷᠯᠠᠯ |
|
|
ᠨᠡᠶᠢᠲᠡᠯᠡᠭᠰᠡᠨ ᠴᠠᠭ᠄
2020/2/24
|
|
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠶᠠᠳᠠᠭᠤ ᠬᠦᠴᠢᠷᠳᠡᠯᠲᠡᠢ ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠰᠠᠨᠠᠯ︾ ︵ᠲᠢᠩᠬᠢᠮ ᠥᠰᠥᠭ ︹ 2016︺16 ᠳ᠋ᠤᠭᠠᠷ ᠲᠣᠭᠠᠲᠤ︶ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠶᠠᠳᠠᠭᠤ ᠬᠦᠴᠢᠷᠳᠡᠯᠲᠡᠢ ᠡᠩᠨᠡᠭᠡ ᠠᠴᠠ ᠭᠠᠷᠭᠠᠬᠤ ᠲᠣᠭᠲᠠᠴᠠ ᠶᠢ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠲᠢᠩᠬᠢᠮ ᠲᠠᠷᠬᠠᠭᠠᠭᠰᠠᠨ ︹ 2018︺ 11 ᠳ᠋ᠦ᠋ᠭᠡᠷ ᠲᠣᠭᠠᠲᠤ︶ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠥᠯᠥᠨ ᠪᠤᠶᠢᠷ ᠬᠤᠲᠠ ᠶᠢᠨ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠢᠩᠭᠠᠨ ᠠᠶᠢᠮᠠᠭ ᠤᠨ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠲᠦᠩᠯᠢᠶᠣᠤ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ ᠬᠤᠰᠢᠭᠤ᠂ ᠤᠯᠠᠭᠠᠨᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠣᠩᠨᠢᠭᠤᠳ ᠬᠤᠰᠢᠭᠤ᠂ ᠠᠤᠬᠠᠨ ᠬᠤᠰᠢᠭᠤ᠂ ᠰᠢᠯᠢ ᠶᠢᠨ ᠭᠤᠤᠯ ᠠᠶᠢᠮᠠᠭ ᠤᠨ ᠲᠠᠶᠢᠹᠤᠰᠧ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠳᠥᠷᠪᠡᠳ ᠬᠤᠰᠢᠭᠤ᠂ ᠵᠦᠸᠧᠽᠢ ᠰᠢᠶᠠᠨ᠂ ᠰᠢᠩᠾᠧ ᠰᠢᠶᠠᠨ᠂ ᠱᠠᠩᠳᠤ ᠰᠢᠶᠠᠨ᠂ ᠬᠤᠸᠠᠳᠧ ᠰᠢᠶᠠᠨ ᠵᠡᠷᠭᠡ ᠤᠯᠤᠰ ᠤᠨ ᠲᠠᠰ ᠤᠨ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠨᠢᠭᠡᠨᠲᠡ ᠰᠢᠶᠠᠨ ᠤ ᠱᠠᠲᠤᠨ ᠳᠤ ᠭᠤᠶᠤᠴᠢᠯᠠᠬᠤ᠂ ᠬᠤᠲᠠ ᠶᠢᠨ ᠲᠠᠰ ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠲᠤᠰᠬᠠᠶ ᠬᠢᠨᠠᠨ ᠪᠠᠶᠢᠴᠠᠭᠠᠵᠤ ᠦᠨᠡᠯᠡᠨ ᠵᠢᠱᠢᠬᠦ ᠵᠡᠷᠭᠡ ᠲᠠᠰ ᠳᠠᠷᠠᠭᠠᠯᠠᠯ ᠢ ᠪᠡᠶᠡᠯᠡᠭᠦᠯᠪᠡ᠃ ᠬᠠᠷᠭᠤᠭᠤᠯᠤᠨ ᠪᠠᠶᠢᠴᠠᠭᠠᠬᠤ ᠪᠠᠷ ᠳᠡᠮᠵᠢᠨ᠂ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠶᠡᠷᠦᠩᠬᠡᠶᠢᠯᠡᠭᠰᠡᠨ ᠶᠠᠳᠠᠭᠤᠷᠠᠬᠤ ᠨᠤᠷᠮ᠎ᠠ ᠴᠥᠮ 3% ᠠᠴᠠ ᠳᠣᠤᠷ᠎ᠠ ᠪᠣᠯᠵᠤ᠂ ᠥᠨᠡᠯᠲᠡ ᠠᠴᠠ ᠣᠷᠬᠢᠭᠳᠠᠭᠰᠠᠨ ᠨᠣᠷᠮ᠎ᠠ ᠪᠠ ᠪᠤᠷᠤᠭᠤ ᠪᠠᠷ ᠭᠠᠷᠭᠠᠭᠰᠠᠨ ᠨᠣᠷᠮ᠎ᠠ ᠴᠥᠮ 2% ᠠᠴᠠ ᠳᠣᠤᠷ᠎ᠠ ᠪᠠᠶᠢᠵᠤ᠂ ᠣᠯᠠᠨ ᠲᠦᠮᠡᠨ ᠤ ᠶᠡᠷᠦᠩᠬᠡᠶᠢᠯᠡᠭᠰᠡᠨ ᠮᠡᠳᠡᠷᠡᠬᠦ ᠬᠡᠮᠵᠢᠶ᠎ᠡ ᠴᠥᠮ 90% ᠠᠴᠠ ᠳᠡᠭᠡᠭᠰᠢ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠴᠥᠮ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠢ ᠲᠣᠭᠲᠠᠴᠠ ᠨᠢ ᠪᠦᠷᠢᠨᠰᠢᠵᠦ᠂ ᠦᠷᠭᠦᠯᠵᠢᠯᠡᠨ ᠬᠥᠭᠵᠢᠬᠦ ᠴᠢᠳᠠᠪᠤᠷᠢ ᠴᠢᠩᠭᠠᠷᠠᠨ᠂ ᠨᠢᠭᠡᠨᠲᠡ ᠶᠠᠳᠠᠭᠤ ᠬᠦᠴᠢᠷᠳᠡᠯᠲᠡᠶ ᠰᠢᠶᠠᠨ ᠤ ᠡᠩᠨᠡᠭᠡ ᠠᠴᠠ ᠭᠠᠷᠭᠠᠬᠤ ᠪᠠᠷᠢᠮᠵᠢᠶ᠎ᠠ ᠳᠤ ᠬᠦᠷᠦᠭᠰᠡᠨ ᠪᠠᠶᠢᠨ᠎ᠠ᠃ ᠡᠳᠦᠭᠡ ᠣᠷᠴᠣᠨ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ ᠵᠡᠷᠭᠡ 20 ᠶᠠᠳᠠᠭᠤ ᠬᠦᠴᠢᠷᠳᠡᠯᠲᠡᠶ ᠬᠤᠰᠢᠭᠤ ᠰᠢᠶᠠᠨ ᠤ ᠡᠩᠨᠡᠭᠡ ᠠᠴᠠ ᠭᠠᠷᠭᠠᠬᠤ ᠨᠡᠷᠡᠰ ᠢ ᠨᠡᠶᠢᠭᠡᠮ ᠨᠡᠶᠢᠲᠡ ᠳᠤ 7 ᠡᠳᠦᠷ ︵ᠠᠮᠠᠷᠠᠯᠲᠠ ᠶᠢᠨ ᠡᠳᠦᠷ ᠪᠠᠭᠲᠠᠬᠤ ᠥᠬᠡᠶ︶ ᠢᠯᠡ ᠨᠡᠶᠢᠲᠡᠯᠡᠬᠦ ᠪᠠᠷ ᠪᠣᠯᠪᠠ᠂ ᠬᠡᠷᠪᠡ ᠰᠠᠨᠠᠭᠤᠯᠭ᠎ᠠ ᠰᠠᠨᠠᠯ ᠪᠠᠶᠢᠪᠠᠯ᠂ 2020 ᠣᠨ ᠤ 3 ᠳ᠋ᠤᠭᠠᠷ ᠰᠠᠷ᠎ᠠ ᠶᠢᠨ 3 ᠤ ᠡᠳᠦᠷ ᠠᠴᠠ ᠡᠮᠦᠨ᠎ᠡ ᠵᠠᠬᠢᠳᠠᠯ ᠪᠤᠶᠤ ᠡᠯᠧᠺᠲᠷᠣᠨ ᠰᠢᠤᠳᠠᠨ᠂ ᠳ᠋ᠢᠶᠠᠩᠬᠤᠸᠠ ᠵᠡᠷᠭᠡ ᠠᠷᠭ᠎ᠠ ᠬᠡᠯᠪᠡᠷᠢ ᠪᠠᠷ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠲᠤ ᠬᠠᠷᠢᠭᠤ ᠲᠤᠰᠬᠠᠬᠤ ᠪᠣᠯᠪᠠᠤ᠃ ᠬᠠᠷᠢᠯᠴᠠᠬᠤ ᠤᠲᠠᠰᠤ᠄ 0471 — 4969849 ᠢᠮᠧᠯ᠄ fpblwt@163.com ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ︵ᠬᠥᠬᠡᠬᠤᠲᠠ ᠶᠢᠨ ᠤᠯᠠᠭᠠᠨᠴᠠᠪ ᠵᠡᠭᠦᠨ ᠵᠡᠭᠡᠯᠢ ᠶᠢᠨ 82 ᠳ᠋ᠤᠭᠠᠷ ᠨᠣᠮᠧᠷ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠭᠡᠷ 2020 ᠣᠨ ᠤ 2 ᠳ᠋ᠤᠭᠠᠷ ᠰᠠᠷ᠎ᠠ ᠶᠢᠨ 24 ᠤ ᠡᠳᠦᠷ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|