ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/2/26
     2 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠤᠲᠠᠰᠤ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 2 ᠰᠠᠷ᠎ᠠ ᠶᠢᠨ 23᠎ ᠤ ᠡᠳᠦᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠎ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠳᠠᠷᠠᠭᠠᠴᠢ ᠶᠢᠨ ᠱᠠᠲᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠎ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠶᠢᠩᠭᠤ ᠶᠢᠨ ᠳᠡᠳ᠋ ᠶᠡᠷᠦᠩᠬᠡᠶ ᠵᠢᠯᠣᠭᠤᠳᠣᠭᠴᠢ ᠮᠠ ᠰᠢᠤᠸᠠᠢ ᠵᠢᠶᠦ᠋ᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠬᠤᠷᠠᠯ ᠳᠤ ᠣᠷᠣᠯᠴᠠᠭᠰᠠᠨ ᠪᠥᠭᠡᠳ ᠠᠵᠢᠯ ᠤᠨ ᠲᠣᠬᠢᠷᠠᠭᠤᠯᠤᠯᠲᠠ ᠬᠢᠪᠠ᠃      ᠬᠤᠷᠠᠯ ᠠᠴᠠ᠂ ᠦᠵᠡᠯ ᠰᠠᠨᠠᠭ᠎ᠠ ᠪᠤᠯᠤᠨ ᠦᠶ᠋ᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ︽ᠳᠥᠷᠪᠡᠨ ᠤᠬᠠᠮᠰᠠᠷ︾᠎ ᠢᠶᠠᠨ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠲᠠᠶᠢᠪᠤᠰᠢᠷᠠᠬᠤ ᠪᠤᠳᠤᠯ᠂ ᠬᠠᠯᠠᠰᠢᠷᠠᠬᠤ ᠰᠡᠤᠨᠬᠢᠯᠬᠡ᠂ ᠭᠤᠷᠢᠳᠠᠬᠤ ᠪᠤᠳᠤᠯ᠂ ᠰᠤᠯᠠᠷᠠᠬᠤ ᠰᠡᠤᠨᠬᠢᠯᠬᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠤᠯᠠᠮ ᠨᠢᠭᠡ ᠠᠯᠬᠤᠮ ᠴᠢᠩᠭ᠎ᠠ ᠠᠳᠬᠤᠵᠥ ᠪᠣᠳᠠᠲᠠᠶ ᠠᠳᠬᠤᠨ ᠨᠠᠷᠢᠯᠢᠭ ᠠᠳᠬᠤᠵᠤ᠂ ᠢᠳᠡᠪᠬᠢᠲᠡᠶ ᠪᠠᠷ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠭᠠᠵᠠᠷ ᠣᠷᠣᠨ ᠬᠤᠪᠢᠶᠠᠨ ᠳᠡᠰ ᠳᠦᠷᠦᠯ ᠬᠤᠪᠢᠶᠠᠬᠤ᠂ ᠤᠨᠤᠴᠠᠳᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠶᠢ ᠨᠠᠷᠢᠯᠢᠭ ᠣᠨᠣᠴᠠᠲᠠᠶ ᠪᠠᠷ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠭᠠᠳᠠᠨ᠎ᠠ ᠠᠴᠠ ᠬᠠᠯᠳᠠᠪᠤᠷᠢᠯᠠᠨ ᠤᠷᠤᠵᠥ ᠢᠷᠡᠬᠦ ᠪᠠ ᠬᠠᠯᠳᠠᠪᠤᠷᠢᠯᠠᠭᠤᠯᠬᠤ᠂ ᠳᠣᠲᠣᠭᠠᠳᠤ ᠳᠠᠭᠠᠨ ᠲᠠᠷᠬᠠᠨ ᠳᠡᠯᠬᠡᠷᠡᠬᠦ ᠶᠢ ᠰᠡᠷᠭᠡᠶᠢᠯᠡᠬᠦ︾ ᠦᠨᠳᠦᠰᠦᠨ ᠠᠷᠭ᠎ᠠ ᠪᠣᠳᠣᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠭᠠᠳᠠᠨ᠎ᠠ ᠪᠠᠨ ᠭᠤᠤᠯᠳᠠᠯᠭ᠎ᠠ ᠲᠠᠢ ᠬᠢᠵᠢᠭᠲᠦ ᠣᠷᠣᠨ ᠠᠴᠠ ᠢᠷᠡᠭᠰᠡᠨ ᠬᠥᠮᠦᠰ ᠢ ᠴᠢᠩᠭ᠎ᠠ ᠵᠢᠭᠰᠠᠭᠠᠨ ᠪᠠᠶᠢᠴᠠᠭᠠᠵᠤ᠂ ᠳᠣᠲᠣᠭᠠᠳᠤ ᠳᠠᠭᠠᠨ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠨᠢᠭᠡᠴᠢ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠡᠷᠬᠡ ᠳᠡᠰ ᠢ ᠵᠤᠬᠢᠰᠳᠠᠢ ᠪᠠᠷ ᠲᠣᠬᠢᠷᠠᠭᠤᠯᠵᠤ᠂ ᠵᠦᠷᠢᠶᠡᠴᠢᠯᠡᠭᠰᠡᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠨ᠂ ᠬᠠᠮᠢᠶᠠᠷᠬᠤ ᠶᠣᠰᠣᠲᠠᠶ ᠶᠢ ᠨᠢ ᠬᠠᠮᠢᠶᠠᠷᠴᠤ᠂ ᠴᠢᠯᠥᠭᠡᠲᠡᠶ ᠲᠠᠯᠪᠢᠬᠤ ᠶᠤᠰᠤᠳᠠᠢ ᠶᠢ ᠨᠢ ᠦᠨᠡᠨ ᠬᠦ ᠴᠢᠯᠦᠬᠡ ᠲᠠᠢ ᠪᠠᠶᠢᠯᠭᠠᠬᠤ ᠬᠡᠷᠡᠭᠲᠡᠶ᠃ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠬᠠᠪᠰᠤᠷᠤᠨ ᠲᠡᠳᠬᠦᠬᠦ ᠲᠣᠭᠲᠠᠴᠠ ᠶᠢ ᠱᠠᠯᠠᠪᠳᠠᠨ ᠪᠠᠶᠢᠭᠤᠯᠵᠤ᠂ ᠴᠢᠬᠤᠯᠠ ᠶᠡᠭᠡ ᠲᠦᠷᠦᠯ ᠵᠦᠢᠯ ᠴᠢᠬᠤᠯᠠ ᠶᠡᠭᠡ ᠢᠨᠵᠧᠨᠧᠷᠢᠩ ᠢ ᠬᠦᠴᠦᠯᠡᠨ ᠰᠠᠶᠢᠲᠤᠷ ᠠᠳᠬᠤᠵᠤ᠂ ᠲᠠᠷᠢᠶᠠᠯᠠᠩ ᠤᠨ ᠴᠠᠭ ᠢ ᠦᠯᠦ ᠰᠠᠭᠠᠲᠠᠭᠠᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠡᠨᠡ ᠵᠢᠯ ᠤᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠬᠤ ᠬᠡᠷᠡᠭᠲᠡᠢ᠃ ᠵᠠᠮ ᠬᠠᠷᠢᠯᠴᠠᠭᠠᠨ ᠤ ᠡᠮᠬᠢ ᠲᠢᠭᠯᠢᠮ ᠢ ᠰᠡᠷᠭᠦᠭᠡᠬᠦ ᠠᠵᠢᠯ ᠤᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠵᠦ᠂ ᠳᠠᠬᠢᠨ ᠬᠦᠨᠳᠦᠷᠡᠬᠦ ᠶᠢ ᠦᠨᠡᠨ ᠬᠦ ᠰᠡᠷᠭᠡᠶᠢᠯᠡᠬᠦ ᠶᠢᠨ ᠬᠠᠮᠲᠤ ᠪᠡᠭᠡᠵᠢᠩ ᠳᠤ ᠣᠷᠣᠬᠤ ᠬᠥᠮᠦᠰ ᠤᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠪᠡᠭᠡᠵᠢᠩ ᠳᠤ ᠡᠪᠡᠳᠴᠢᠨ ᠤ ᠵᠢᠱᠢᠶ᠎ᠡ ᠭᠠᠷᠭᠠᠬᠤ ᠶᠢ ᠡᠷᠡᠰ ᠬᠤᠷᠢᠬᠯᠠᠬᠤ ᠬᠡᠷᠡᠭᠲᠡᠶ ᠬᠡᠵᠥ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号