| | 2 ᠰᠠᠷ᠎ᠠ ᠶᠢᠨ 25 ᠤ ᠡᠳᠦᠷ᠂ ᠥᠪᠡᠷᠳᠡᠭᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ | ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠬᠤᠷᠢ | ᠶᠢᠰᠦᠳᠦᠭᠡᠷ ᠰᠤᠨᠢᠨ ᠮᠡᠳᠡᠭᠡ ᠨᠠᠶᠢᠳᠠᠯᠠᠬᠦ ᠬᠤᠷᠠᠯ ᠬᠤᠷᠠᠯᠳᠤᠵᠠᠢ᠃ ᠬᠤᠷᠠᠯ ᠲᠡᠭᠡᠷ᠎ᠠ᠂ ᠥᠪᠡᠷᠲᠡᠭᠡᠨ ᠵᠠᠰᠠᠬᠤ ᠣᠷᠣᠨ | ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ᠂ ᠬᠥᠬᠡᠬᠤᠲᠠ ᠶᠢᠨ ᠨᠠᠮ | ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠯᠢᠦ ᠸᠧᠨ ᠢᠦᠶ᠂ | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠳᠡᠳ᠋ ᠳᠠᠷᠤᠭ᠎ᠠ ᠶᠥᠨ ᠸᠧᠨ | ᠵᠢᠩ᠂ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠳᠠ ᠶᠢᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ | ᠸᠠᠩ ᠯᠢᠨ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠤᠨ | ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠢᠩ ᠢᠦᠶ ᠯᠢᠨ ᠨᠠᠷ ᠰᠤᠷᠪᠤᠯᠵᠢᠯᠠᠬᠴᠢ ᠶᠢᠨ ᠲᠤᠷᠠᠳᠤᠬᠰᠠᠨ | ᠬᠤᠯᠪᠤᠬᠳᠠᠯ ᠪᠥᠬᠦᠢ ᠠᠰᠠᠭᠤᠯᠳᠠ ᠶᠢ ᠬᠠᠷᠢᠭᠤᠯᠪᠠ᠃ | ᠰᠤᠷᠪᠤᠯᠵᠢᠯᠠᠬᠴᠢ᠄ ᠮᠠᠨ ᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠨᠢᠬᠡᠳᠤᠭᠡᠷ ᠲᠡᠰ ᠤᠨ ᠠᠵᠢᠯᠯᠠᠭ᠎ᠠ | ᠳᠤ ᠲᠣᠬᠢᠷᠠᠭᠤᠯᠤᠯᠲᠠ ᠬᠢᠭᠰᠡᠨ ᠰᠢᠯᠲᠠᠭᠠᠨ ᠢ ᠲᠠᠨᠢᠯᠴᠠᠭᠤᠯᠤᠭᠠᠳ ᠥᠭᠭᠦᠨ᠎ᠡ ᠤᠤ︖ | ᠰᠢᠤᠢ ᠬᠤᠩ ᡁᠢ᠄ 2 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ | ᠲᠤᠰᠬᠠᠶ ᠮᠡᠷᠭᠡᠵᠢᠯᠲᠡᠨ ᠮᠠᠨ ᠤ ᠣᠷᠣᠨ ᠤ ᠬᠢᠵᠢᠭ ᠤᠨ ᠪᠠᠶᠢᠳᠠᠯ ᠢ ᠦᠨᠡᠯᠡᠨ ᠵᠢᠱᠢᠵᠦ ᠰᠤᠳᠤᠯᠤᠨ ᠮᠠᠭᠠᠳᠯᠠᠪᠠ᠃ | 2 ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠪᠥᠬᠦ ᠣᠷᠣᠨ ᠳᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠢᠶᠠᠷ ᠣᠨᠣᠰᠢᠯᠠᠭᠰᠠᠨ ᠡᠪᠡᠳᠴᠢᠨ ᠤ ᠵᠢᠱᠢᠶ᠎ᠡ 75 ᠶᠢ ᠮᠡᠳᠡᠭᠦᠯᠵᠦ᠂ ᠬᠥᠩᠭᠡᠨ ᠬᠡᠯᠪᠡᠷᠢ ᠶᠢᠨ ᠪᠠ ᠡᠩ | ᠤᠨ ᠬᠡᠯᠪᠡᠷᠢ ᠶᠢᠨ ᠡᠪᠡᠳᠴᠢᠨ ᠤ ᠵᠢᠱᠢᠶ᠎ᠡ 73.3% ᠶᠢ ᠡᠵᠡᠯᠡᠵᠦ᠂ 2 ᠰᠠᠷ᠎ᠠ ᠶᠢᠨ 19 ᠤ ᠡᠳᠦᠷ ᠠᠴᠠ 2 | ᠰᠠᠷ᠎ᠠ ᠶᠢᠨ 23 ᠤ ᠡᠳᠦᠷ ᠤᠨ 24 ᠴᠠᠭ ᠪᠣᠯᠲᠠᠯ᠎ᠠ᠂ ᠪᠥᠬᠦ ᠣᠷᠣᠨ ᠳᠤ ᠵᠠᠯᠭᠠᠭ᠎ᠠ ᠪᠠᠷ 5 ᠡᠳᠦᠷ ᠰᠢᠨ᠎ᠡ ᠪᠠᠷ | ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ ᠥᠬᠡᠶ᠃ 2 ᠰᠠᠷ᠎ᠠ ᠶᠢᠨ 17 ᠤ ᠡᠳᠦᠷ᠂ 18 ᠤ | ᠡᠳᠦᠷ᠂ ᠣᠨᠣᠰᠢᠯᠠᠭᠰᠠᠨ 3 ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠲᠣᠰ ᠲᠣᠰ ᠲᠦᠩᠯᠢᠶᠣᠤ ᠬᠤᠲᠠ᠂ | ᠬᠥᠯᠥᠨ ᠪᠤᠶᠢᠷ ᠬᠤᠲᠠ ᠪᠠ ᠰᠢᠯᠢ ᠶᠢᠨ ᠭᠤᠤᠯ ᠠᠶᠢᠮᠠᠭ ᠲᠤ ᠬᠤᠯᠪᠣᠭᠳᠠᠵᠠᠢ᠃ ᠦᠨᠡᠯᠡᠨ ᠵᠢᠱᠢᠭᠰᠡᠨ ᠦᠷ᠎ᠡ | ᠳ᠋ᠦᠩ ᠠᠴᠠ ᠦᠵᠡᠪᠡᠯ᠂ ᠣᠶᠢᠷ᠎ᠠ ᠶᠢᠨ ᠨᠢᠭᠡ ᠭᠠᠷᠠᠭ ᠤᠨ ᠳᠣᠲᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2 ᠠᠶᠢᠮᠠᠭ ᠬᠤᠲᠠ ᠳᠤ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠭᠠᠷᠴᠤ᠂ ᠬᠡᠷ ᠪᠦᠯᠢ ᠶᠢᠨ | ᠳᠠᠮᠵᠢᠭᠤᠯᠭ᠎ᠠ ᠪᠠ ᠨᠡᠶᠢᠭᠡᠮ ᠲᠣᠭᠤᠷᠢᠭ ᠤᠨ ᠦᠷᠭᠦᠯᠵᠢᠯᠡᠨ ᠲᠠᠷᠬᠠᠬᠤ ᠠᠶᠤᠯ ᠲᠦᠭᠰᠢᠭᠦᠷᠢ ᠣᠷᠣᠰᠢᠵᠤ᠂ ᠲᠣᠰ | ᠭᠠᠵᠠᠷ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠳᠤ ᠵᠣᠬᠢᠬᠤ ᠨᠥᠯᠥᠭᠡ | ᠦᠵᠡᠭᠦᠯᠦᠭᠰᠡᠨ ᠪᠠᠶᠢᠨ᠎ᠠ︔ ᠨᠥᠭᠦᠭᠡ ᠲᠠᠯ᠎ᠠ ᠪᠠᠷ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠠᠯᠬᠤᠮ ᠠᠯᠬᠤᠮ ᠢᠶᠠᠷ ᠰᠡᠷᠭᠦᠬᠦ ᠶᠢ ᠳᠠᠭᠠᠯᠳᠤᠨ᠂ ᠮᠠᠨ ᠤ ᠣᠷᠣᠨ ᠳᠠᠬᠢᠨᠲᠠ | ᠡᠪᠡᠳᠴᠢᠨ ᠤ ᠵᠢᠱᠢᠶ᠎ᠡ ᠶᠢ ᠣᠷᠣᠭᠤᠯᠬᠤ ᠲᠦᠭᠰᠢᠭᠦᠷᠢ ᠳᠤ ᠲᠤᠯᠭᠠᠷᠠᠵᠤ ᠪᠠᠶᠢᠨ᠎ᠠ︔ ᠡᠭᠦᠨ ᠤ ᠬᠠᠮᠲᠤ᠂ ᠡᠪᠡᠳᠴᠢᠨ | ᠤ ᠰᠢᠨᠵᠢ ᠥᠬᠡᠶ ᠬᠠᠯᠳᠠᠪᠤᠷᠢᠯᠠᠭᠴᠢ ᠨᠢ ᠳᠠᠯᠳᠠ ᠬᠠᠯᠳᠠᠪᠤᠷᠢᠯᠠᠬᠤ ᠡᠬᠢ ᠰᠤᠷᠪᠤᠯᠵᠢ ᠪᠣᠯᠤᠭᠰᠠᠨ ᠤ ᠬᠤᠪᠢ ᠳᠤ᠂ | ᠪᠠᠰᠠ ᠬᠢᠵᠢᠭ ᠤᠨ ᠪᠠᠶᠢᠳᠠᠯ ᠳᠠᠬᠢᠨ ᠡᠭᠦᠰᠴᠦ ᠮᠡᠳᠡᠨ᠎ᠡ᠃ ᠡᠳᠡᠭᠡᠷ ᠪᠠᠶᠢᠳᠠᠯ ᠨᠢ ᠤᠯᠤᠰ ᠠᠴᠠ ᠬᠤᠯᠪᠣᠭᠳᠠᠯ ᠪᠦᠬᠦᠢ | ᠵᠢᠯᠣᠭᠤᠳᠬᠤ ᠰᠠᠨᠠᠯ ᠳᠤ ᠮᠤᠵᠢ ᠶᠢᠨ ᠱᠠᠲᠤᠨ ᠤ ᠭᠤᠷᠪᠠᠳᠤᠭᠠᠷ ᠲᠡᠰ ᠤᠨ ᠪᠠᠴᠢᠮ ᠪᠠᠶᠢᠳᠠᠯ ᠢ ᠠᠷᠭᠠᠴᠠᠭᠠᠬᠤ | ᠠᠠᠵᠢᠯᠯᠠᠭᠠ ᠶᠢᠨ ᠪᠠᠷᠢᠮᠵᠢᠶ᠎ᠠ ᠳᠤ ᠨᠡᠶᠢᠴᠡᠵᠦ ᠪᠠᠶᠢᠬᠤ ᠪᠣᠯᠬᠤᠷ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠭᠠᠬᠤ ᠠᠵᠢᠯᠯᠠᠭ᠎ᠠ ᠶᠢᠨ ᠳᠡᠰ ᠢ ᠭᠤᠷᠪᠠᠳᠤᠭᠠᠷ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠪᠠ᠃ | ᠰᠤᠷᠪᠤᠯᠵᠢᠯᠠᠬᠴᠢ᠄ ᠮᠠᠯᠴᠢᠨ ᠲᠠᠷᠢᠶᠠᠴᠢᠨ ᠬᠦᠴᠦ ᠶᠠᠪᠤᠭᠰᠠᠳ ᠠᠵᠢᠯ ᠤᠨ ᠪᠠᠶᠢᠷᠢ ᠳᠠᠭᠠᠨ ᠪᠤᠴᠠᠵᠤ ᠠᠵᠢᠯ | ᠢᠶᠠᠨ ᠰᠡᠷᠭᠦᠭᠡᠬᠦ ᠲᠠᠯ᠎ᠠ ᠪᠠᠷ ᠥᠪᠡᠷᠲᠡᠭᠡᠨ ᠵᠠᠰᠠᠬᠤ ᠣᠷᠣᠨ ᠨᠢᠭᠡᠨᠲᠡ ᠰᠠᠯᠠᠭ᠎ᠠ ᠮᠥᠴᠢᠷ ᠤᠨ ᠬᠠᠮᠵᠢᠯᠴᠠᠨ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠲᠡᠭᠡᠪᠡᠯ ᠬᠥᠯᠥᠰᠥᠨ ᠠᠵᠢᠯᠴᠢᠨ ᠤ ᠶᠠᠪᠤᠵᠤ ᠰᠠᠭᠤᠬᠤ | ᠬᠡᠷᠡᠭᠴᠡᠭᠡ ᠶᠢ ᠲᠣᠳᠣᠷᠬᠠᠶ ᠣᠶᠢᠯᠠᠭᠠᠵᠤ᠂ ᠬᠥᠯᠥᠰᠥᠨ ᠠᠵᠢᠯᠴᠢᠨ ᠤ ᠶᠠᠪᠤᠵᠤ ᠢᠷᠡᠬᠦ ᠠᠴᠠ ᠡᠮᠦᠨ᠎ᠡ᠂ ᠵᠠᠮ | ᠵᠠᠭᠤᠷ᠎ᠠ ᠶᠢᠨ ᠦᠢᠯᠡᠴᠢᠯᠡᠭᠡ ᠶᠢ ᠰᠠᠶᠢᠳᠤᠷ ᠬᠢᠬᠦ ᠲᠠᠯ᠎ᠠ ᠪᠠᠷ ᠪᠣᠳᠠᠳᠠᠢ ᠬᠡᠷᠬᠢᠨ ᠲᠤᠬᠢᠷᠠᠭᠤᠯᠤᠭᠰᠠᠨ ᠪᠣᠢ︖ | ᠸᠠᠩ ᠯᠢᠨ᠄ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ | ᠦᠨᠳᠦᠰᠦᠯᠡᠨ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠠᠮᠢᠶ᠎ᠠ | ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ︽ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ | ᠪᠠ ᠠᠵᠢᠯ ᠰᠡᠷᠭᠦᠭᠡᠬᠦ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠲᠥᠰᠦᠯ︾ | ᠢ ᠲᠣᠭᠲᠠᠭᠠᠵᠤ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠬᠦᠴᠦ ᠬᠠᠮᠲᠤᠷᠡᠨ ᠮᠠᠯᠴᠢᠨ ᠲᠠᠷᠢᠶᠠᠴᠢᠨ ᠬᠦᠴᠦ | ᠶᠠᠪᠤᠭᠰᠠᠳ ᠲᠤ ᠠᠵᠢᠯ ᠤᠨ ᠪᠠᠶᠢᠷᠢ ᠪᠠ ᠠᠵᠢᠯ ᠢᠶᠠᠨ ᠰᠡᠷᠭᠦᠭᠡᠬᠦ ᠶᠢ ᠠᠬᠢᠭᠤᠯᠵᠥ ᠪᠤᠢ᠃ | ᠰᠤᠷᠪᠤᠯᠵᠢᠯᠠᠬᠴᠢ᠄ ᠮᠠᠨ ᠤ ᠣᠷᠣᠨ ᠢᠨᠲ᠋ᠧᠷ ᠰᠦᠯᠵᠢᠶ᠎ᠡ ᠶᠢ ᠠᠰᠢᠬᠯᠠᠨ ᠠᠵᠤ ᠠᠬᠤᠶᠢᠯᠠᠯ ᠳᠤ ᠠᠵᠢᠯᠴᠢᠨ | ᠡᠯᠰᠡᠬᠦ᠂ ᠬᠥᠮᠦᠰ ᠤᠨ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠤᠯᠬᠤ ᠳᠤ ᠶᠠᠮᠠᠷ ᠶᠠᠮᠠᠷ ᠦᠢᠯᠡᠴᠢᠯᠡᠭᠡ | ᠬᠠᠩᠭᠠᠭᠰᠠᠨ ᠪᠣᠶ︖ | ᠸᠠᠩ ᠯᠢᠨ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠡᠯ ᠡᠭᠦᠰᠦᠭᠰᠡᠨ ᠠᠴᠠ | ᠨᠠᠭᠠᠰᠢ᠂ ᠠᠭᠤᠯᠵᠠᠬᠤ ᠥᠬᠡᠶ ᠦᠢᠯᠡᠴᠢᠯᠡᠭᠡ ᠶᠢ ᠶᠡᠭᠡ ᠪᠠᠷ ᠬᠡᠷᠡᠭᠵᠢᠭᠦᠯᠵᠦ᠂ ᠰᠦᠯᠵᠢᠶᠡᠨ ᠳᠡᠭᠡᠷ᠎ᠡ ᠭᠦᠢᠴᠡᠳᠬᠡᠬᠦ᠂ | ᠠᠯᠠᠭᠠᠨ ᠳᠡᠭᠡᠷ᠎ᠡ ᠭᠦᠢᠴᠡᠳᠬᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠪᠠ | ᠬᠥᠳᠡᠯᠮᠦᠷᠢᠴᠢᠨ ᠤ ᠠᠵᠢᠯ ᠤᠨ ᠪᠠᠶᠢᠷᠢ ᠳᠠᠭᠠᠨ ᠪᠤᠴᠠᠵᠤ ᠠᠵᠢᠯ ᠤᠯᠬᠤ ᠳᠤ ᠦᠢᠯᠡᠴᠢᠯᠡᠭᠡ ᠬᠠᠩᠭᠠᠵᠠᠢ᠃ ᠨᠢᠭᠡ | ᠳᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠶᠢ ᠵᠣᠬᠢᠶᠠᠨ ᠪᠠᠶᠢᠭᠤᠯᠵᠠᠢ᠃ ᠪᠥᠬᠦ ᠣᠷᠣᠨ ᠤ ᠬᠥᠮᠦᠨ ᠤ ᠬᠦᠴᠦᠨ | ᠤ ᠡᠬᠢ ᠪᠠᠶᠠᠯᠢᠭ ᠤᠨ ᠲᠤᠪᠴᠢᠶ᠎ᠠ ᠰᠦᠯᠵᠢᠶ᠎ᠡ ᠪᠠᠷ ᠠᠵᠢᠯᠲᠠᠨ ᠡᠯᠰᠡᠬᠦ ᠲᠠᠪᠴᠠᠩ ᠢ ᠨᠡᠪᠲᠡᠷᠡᠭᠦᠯᠵᠦ᠂ ᠪᠥᠬᠦ ᠣᠷᠣᠨ | ᠤ 12 ᠠᠶᠢᠮᠠᠭ ᠬᠤᠲᠠ ᠶᠢᠨ ᠰᠦᠯᠵᠢᠶ᠎ᠡ ᠪᠠᠷ ᠠᠵᠢᠯᠲᠠᠨ ᠡᠯᠰᠡᠬᠦ ᠦᠢᠯᠡᠴᠢᠯᠡᠭᠡᠨ ᠤ ᠵᠠᠯᠭᠠᠭᠤᠯᠬᠤ ᠴᠡᠭ ᠢ | ᠪᠠᠶᠢᠭᠤᠯᠵᠤ᠂ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ᠵᠢᠴᠢ ᠭᠠᠷ ᠤᠲᠠᠰᠤᠨ ᠤ APP᠂ | ᠵᠢᠷᠬᠢᠶ᠎ᠠ ᠶᠢᠨ ᠣᠯᠠᠨ ᠨᠡᠶᠢᠲᠡ ᠶᠢᠨ ᠳ᠋ᠤᠭᠠᠷ ᠪᠠ ᠡᠯ᠎ᠡ ᠠᠶᠢᠮᠠᠭ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ | ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠰᠦᠯᠵᠢᠶᠡᠨ ᠥᠷᠲᠡᠭᠡ ᠪᠠᠷ ᠳᠡᠮᠵᠢᠨ᠂ ᠬᠥᠮᠦᠨ ᠬᠡᠷᠡᠭᠯᠡᠬᠦ ᠨᠢᠭᠡᠴᠢ ᠪᠠ | ᠠᠵᠢᠯ ᠡᠷᠢᠭᠰᠡᠳ ᠲᠤ ᠠᠵᠢᠯᠲᠠᠨ ᠡᠯᠰᠡᠬᠦ ᠦᠢᠯᠡᠴᠢᠯᠡᠭᠡ ᠬᠠᠨᠭ᠍ᠭᠠᠵᠠᠢ᠃ | ᠰᠤᠷᠪᠤᠯᠵᠢᠯᠠᠬᠴᠢ᠄ ᠬᠥᠬᠡᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠰᠡᠷᠭᠦᠭᠰᠡᠨ ᠪᠠᠶᠢᠳᠠᠯ᠂ | ᠠᠶᠠᠠᠴᠢᠳ ᠬᠠᠷᠢᠴᠠᠩᠭᠤᠶ ᠨᠢᠭᠲᠠᠷᠠᠭᠰᠠᠨ ᠵᠠᠮ ᠱᠤᠭᠤᠮ᠂ ᠵᠠᠮ ᠤᠨ ᠬᠡᠰᠡᠭ᠂ ᠥᠷᠲᠡᠭᠡ ᠴᠡᠭ ᠲᠤ ᠶᠠᠮᠠᠷ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠠᠶᠢᠭ᠎ᠠ ᠲᠤᠬᠠᠢ ᠲᠠᠨᠢᠯᠴᠠᠭᠤᠯᠤᠨ᠎ᠠ ᠤᠤ︖ | ᠯᠢᠦ ᠸᠧᠨ ᠢᠦᠶ᠄ ᠣᠳᠣᠬᠠᠨ ᠳᠤ᠂ ᠬᠥᠬᠡᠬᠤᠲᠠ ᠶᠢᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠪᠠᠶᠢᠳᠠᠯ ᠪᠣᠯᠤᠨ ᠬᠤᠲᠠ ᠶᠢᠨ ᠠᠷᠠᠳ ᠤᠨ ᠶᠠᠪᠤᠵᠤ ᠰᠠᠭᠤᠬᠤ ᠬᠡᠷᠡᠭᠴᠡᠭᠡ ᠶᠢ ᠦᠨᠳᠦᠰᠦᠯᠡᠨ᠂ ᠣᠯᠠᠨ ᠨᠡᠶᠢᠲᠡ | ᠶᠢᠨ ᠵᠠᠮ ᠬᠠᠷᠢᠯᠴᠠᠭ᠎ᠠ ᠶᠢ ᠡᠮᠬᠢ ᠵᠢᠷᠤᠮ ᠲᠠᠢ ᠪᠠᠷ ᠰᠡᠷᠭᠦᠭᠡᠵᠦ ᠪᠠᠶᠢᠨ᠎ᠠ᠃ 2 ᠰᠠᠷ᠎ᠠ ᠶᠢᠨ 23 ᠤ ᠡᠳᠦᠷ ᠨᠡᠶᠢᠭᠡᠮ | ᠨᠡᠶᠢᠲᠡ ᠳᠤ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠪᠠᠲᠤᠯᠠᠭ᠎ᠠ ᠶᠢ ᠰᠡᠷᠭᠦᠭᠡᠬᠦ ᠲᠤᠬᠠᠶ ᠠᠯᠪᠠᠨ ᠵᠠᠷ ᠨᠡᠶᠢᠲᠡᠯᠡᠵᠦ᠂ | 2 ᠰᠠᠷ᠎ᠠ ᠶᠢᠨ 24 ᠤ ᠡᠳᠤᠷ ᠨᠢᠭᠡᠨᠲᠡ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠶᠢᠨ ᠵᠠᠮ | ᠱᠤᠭᠤᠮ ᠢ ᠰᠡᠷᠭᠦᠭᠡᠵᠦ᠂ 2 ᠰᠠᠷ᠎ᠠ ᠶᠢᠨ 26 ᠤ ᠡᠳᠦᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ | ᠶᠢᠨ ᠵᠠᠮ ᠱᠤᠭᠤᠮ ᠢ 13 ᠵᠤᠷᠪᠤᠰ ᠰᠡᠷᠭᠦᠭᠡᠬᠦ ᠪᠠᠷ ᠲᠥᠯᠥᠪᠯᠡᠵᠦ᠂ ᠡᠩ ᠤᠨ ᠵᠠᠮ ᠱᠤᠭᠤᠮ ᠤᠨ 1/5 ᠶᠢ | ᠡᠵᠡᠯᠡᠵᠦ᠂ ᠲᠠᠷᠢᠶᠠᠯᠠᠩ ᠤᠨ ᠬᠤᠰᠢᠭᠤ ᠰᠢᠶᠠᠨ ᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠵᠠᠮ ᠱᠤᠭᠤᠮ ᠢ | ᠪᠦᠬᠦᠨ ᠢ ᠰᠡᠷᠭᠦᠭᠡᠬᠦ ᠪᠠᠷ ᠪᠠᠶᠢᠨ᠎ᠠ᠃ ᠣᠶᠢᠷ᠎ᠠ ᠶᠢᠨ ᠬᠤᠶᠠᠷ ᠡᠳᠦᠷ ᠤᠨ ᠠᠵᠢᠯᠯᠠᠭᠠᠨ ᠠᠴᠠ ᠦᠵᠡᠪᠡᠯ᠂ ᠶᠡᠷᠦᠩᠬᠡᠶ | ᠪᠠᠶᠢᠳᠠᠯ ᠨᠢ ᠰᠠᠶᠢᠨ ᠪᠠᠶᠢᠵᠤ᠂ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠵᠤ᠂ ᠣᠯᠠᠨ ᠲᠦᠮᠡᠨ ᠨᠡᠯᠢᠶᠡᠳ | ᠬᠠᠨᠤᠮᠵᠢᠲᠠᠶ ᠪᠠᠶᠢᠨ᠎ᠠ᠃ | ᠰᠤᠷᠪᠤᠯᠵᠢᠯᠠᠬᠴᠢ᠄ ᠪᠢᠳᠡ ᠣᠶᠢᠷ᠎ᠠ ᠶᠢᠨ ᠬᠤᠭᠤᠴᠠᠭᠠᠨ ᠳᠤ ᠪᠥᠬᠦ ᠣᠷᠣᠨ ᠤ ᠵᠠᠰᠠᠮᠠᠯ ᠵᠠᠮ ᠤᠨ ᠬᠢᠵᠢᠭ ᠤᠨ | ᠪᠠᠶᠢᠳᠡᠯ ᠢ ᠪᠠᠶᠢᠴᠠᠭᠠᠬᠤ ᠥᠷᠲᠡᠭᠡ ᠴᠡᠭ ᠢ ᠦᠨᠳᠦᠰᠦᠨ ᠳᠡᠭᠡᠨ ᠬᠦᠴᠦᠨ ᠥᠬᠡᠶ ᠪᠣᠯᠭᠠᠵᠤ᠂ ᠬᠦᠮᠦᠨ ᠪᠠ ᠲᠡᠷᠭᠡ | ᠬᠥᠰᠬᠡ ᠶᠢᠨ ᠲᠡᠭᠡᠭᠡᠪᠦᠷᠢ ᠪᠠ ᠨᠡᠪᠲᠡᠷᠡᠬᠦ ᠳᠤ ᠲᠥᠬᠦᠮ ᠦᠵᠡᠭᠦᠯᠦᠭᠰᠡᠨ ᠢ ᠠᠩᠬᠠᠷᠴᠤ ᠣᠯᠵᠠᠶ᠂ ᠬᠢᠵᠢᠭ ᠤᠨ | ᠪᠠᠶᠢᠳᠡᠯ ᠢ ᠪᠠᠶᠢᠴᠠᠭᠠᠬᠤ ᠥᠷᠲᠡᠭᠡ ᠴᠡᠭ ᠢ ᠬᠦᠴᠦᠨ ᠥᠬᠡᠶ ᠪᠣᠯᠭᠠᠭᠰᠠᠨ ᠤ ᠳᠠᠷᠠᠭ᠎ᠠ ᠶᠠᠮᠠᠷ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠠᠪᠴᠤ ᠪᠠᠶᠢᠭᠠᠳ ᠬᠢᠵᠢᠭ ᠤᠨ ᠪᠠᠶᠢᠳᠠᠯ ᠢ ᠣᠷᠤᠭᠤᠯᠬᠤ ᠲᠦᠭᠰᠢᠭᠦᠷᠢ ᠶᠢ ᠪᠠᠭᠤᠷᠠᠭᠤᠯᠬᠤ | ᠪᠤᠢ︖ | ᠶᠥᠨ ᠸᠧᠨ ᠵᠢᠩ᠄ ᠵᠠᠰᠠᠮᠠᠯ ᠵᠠᠮ ᠤᠨ ᠬᠢᠵᠢᠭ ᠤᠨ ᠪᠠᠶᠢᠳᠡᠯ ᠢ ᠪᠠᠶᠢᠴᠠᠭᠠᠬᠤ ᠥᠷᠲᠡᠭᠡ ᠴᠡᠭ ᠢ ᠬᠦᠴᠦᠨ | ᠥᠬᠡᠶ ᠪᠣᠯᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ | ᠰᠠᠨᠠᠭ᠎ᠠ ᠪᠠ ᠲᠤᠯᠤᠭᠠᠨ ᠶᠠᠮᠤᠨ ᠵᠥᠪᠯᠡᠯ ᠤᠨ ︽ᠰᠠᠨᠠᠯ︾ ᠶᠣᠰᠣᠭᠠᠷ᠂ ᠮᠠᠨ ᠤ ᠣᠷᠣᠨ ᠨᠢᠭᠡᠨᠲᠡ 2 ᠰᠠᠷ᠎ᠠ ᠶᠢᠨ | 24 ᠤ ᠡᠳᠦᠷ ᠤᠨ 24 ᠴᠠᠭ ᠲᠤ ᠲᠦᠷᠭᠡᠨ ᠤ ᠵᠠᠰᠠᠮᠠᠯ ᠵᠠᠮ ᠤᠨ ᠣᠷᠣᠵᠤ ᠭᠠᠷᠬᠤ ᠭᠠᠵᠠᠷ᠂ ᠰᠦᠢᠳᠬᠡᠯ | ᠬᠤᠷᠢᠶᠠᠬᠤ ᠥᠷᠲᠡᠭᠡ᠂ ᠦᠢᠯᠡᠴᠢᠯᠡᠭᠡᠨ ᠤ ᠲᠣᠭᠤᠷᠢᠭ᠂ ᠮᠤᠵᠢ ᠶᠢᠨ ᠵᠠᠭᠠᠭ᠂ ᠬᠥᠳᠡᠭᠡ ᠲᠣᠰᠬᠤᠨ ᠤ ᠵᠠᠰᠠᠮᠠᠯ ᠵᠠᠮ | ᠳᠡᠭᠡᠷ᠎ᠡ ᠪᠠᠶᠢᠷᠢᠯᠠᠭᠤᠯᠤᠭᠰᠠᠨ ᠡᠯ᠎ᠡ ᠲᠥᠷᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠴᠠᠭᠠᠬᠤ | ᠥᠷᠲᠡᠭᠡ ᠴᠡᠭ ᠢ ᠪᠦᠬᠦᠨ ᠢ ᠬᠦᠴᠦᠨ ᠥᠬᠡᠶ ᠪᠣᠯᠭᠠᠪᠠ᠃ ᠪᠦᠬᠦ ᠣᠷᠣᠨ ᠳᠤ ᠨᠡᠶᠢᠲᠡ 561 ᠵᠠᠰᠠᠮᠠᠯ ᠵᠠᠮ ᠤᠨ | ᠬᠢᠵᠢᠭ ᠤᠨ ᠪᠠᠶᠢᠳᠡᠯ ᠢ ᠰᠡᠷᠭᠡᠶᠢᠯᠡᠬᠦ ᠪᠠᠶᠢᠴᠠᠭᠠᠯᠲᠠ ᠶᠢᠨ ᠥᠷᠲᠡᠭᠡ ᠴᠡᠭ ᠢ ᠬᠦᠴᠦᠨ ᠦᠭᠡᠢ ᠪᠣᠯᠭᠠᠵᠤ᠂ ᠣᠷᠣᠨ ᠤ | ᠵᠠᠰᠠᠮᠠᠯ ᠵᠠᠮ ᠤᠨ ᠲᠣᠤᠷ ᠤᠨ ᠠᠵᠢᠯᠯᠠᠭᠠᠨ ᠰᠠᠭᠠᠳ ᠦᠭᠡᠢ ᠨᠡᠪᠲᠡᠷᠡᠪᠡ᠃ | ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠮᠠᠨ ᠤ ᠣᠷᠣᠨ ᠤ ᠬᠤᠪᠢᠶᠠᠷᠢᠯᠠᠯ ᠢ ᠬᠤᠶᠠᠳᠤᠭᠠᠷ᠂ | ᠭᠤᠷᠪᠠᠳᠤᠭᠠᠷ ᠲᠥᠷᠥᠯ ᠤᠨ ᠭᠠᠵᠠᠷ ᠣᠷᠣᠨ ᠵᠢᠴᠢ ᠬᠥᠷᠰᠢ ᠵᠡᠷᠭᠡᠯᠡᠳᠡᠭᠡ ᠮᠤᠵᠢ ᠣᠷᠣᠨ ᠨᠢ ᠳᠤᠮᠳᠠ ᠥᠨᠳᠥᠷ | ᠲᠦᠭᠰᠢᠭᠦᠷᠢᠲᠡᠶ ᠭᠠᠵᠠᠷ ᠣᠷᠣᠨ ᠳᠤ ᠬᠠᠷᠢᠶᠠᠯᠠᠭᠳᠠᠬᠤ ᠪᠠᠷ ᠲᠣᠭᠲᠠᠭᠠᠭᠰᠠᠨ ᠪᠣᠯ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠡᠷᠡᠭᠴᠡᠭᠡ ᠶᠢ ᠦᠨᠳᠦᠰᠦᠯᠡᠨ᠂ ᠵᠠᠰᠠᠮᠠᠯ ᠵᠠᠮ ᠳᠡᠭᠡᠷ᠎ᠡ ᠰᠡᠷᠭᠡᠶᠢᠯᠡᠨ ᠡᠵᠡᠮᠳᠡᠭᠦ ᠪᠠᠶᠢᠴᠠᠭᠠᠬᠤ | ᠥᠷᠲᠡᠭᠡ ᠶᠢ ᠭᠠᠷᠭᠠᠬᠤ ᠴᠢᠬᠤᠯᠠᠲᠠᠶ᠂ ᠲᠦᠷᠭᠡᠨ ᠤ ᠵᠠᠰᠠᠮᠠᠯ ᠵᠠᠮ ᠤᠨ ᠤᠷᠤᠴᠠ ᠭᠠᠷᠴᠠ ᠶᠢ ᠪᠢᠲᠡᠭᠦᠮᠵᠢᠯᠡᠬᠦ | ᠴᠢᠬᠤᠯᠠᠲᠠᠶ ᠪᠣᠯ᠂ ᠡᠷᠬᠡᠪᠰᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ | ᠵᠥᠪᠰᠢᠶᠡᠷᠡᠭᠦᠯᠦᠭᠰᠡᠨ ᠤ ᠳᠠᠷᠠᠭ᠎ᠠ ᠰᠠᠶ᠋ᠢ ᠪᠠᠶᠢᠭᠤᠯᠵᠤ ᠪᠣᠯᠤᠨ᠎ᠠ᠃ | ᠰᠤᠷᠪᠤᠯᠵᠢᠯᠠᠬᠴᠢ᠄ ᠬᠥᠬᠡᠬᠤᠲᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ | ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠬᠠᠮᠢᠶᠠᠷᠤᠨ ᠡᠵᠡᠮᠳᠡᠬᠦ ᠲᠠᠯ᠎ᠠ ᠪᠠᠷ | ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠢ︖ | ᠯᠢᠦ ᠸᠧᠨ ᠢᠦᠶ ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢ | ᠬᠤᠶᠠᠷ ᠲᠠᠯ᠎ᠠ ᠪᠠᠷ ᠠᠳᠬᠤᠬᠤ᠂ ᠬᠤᠶᠠᠷ ᠲᠠᠯ᠎ᠠ ᠪᠠᠷ ᠢᠯᠡᠯᠳᠡ ᠤᠯᠬᠤ ᠶᠢ ᠪᠡᠶᠡᠯᠡᠭᠦᠯᠬᠦ ᠶᠢᠨ ᠲᠥᠯᠥᠭᠡ᠂ | ᠬᠥᠬᠡᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠡᠯᠡᠳᠬᠡᠯ ᠠᠵᠢᠯ ᠢᠶᠠᠨ ᠡᠷᠲᠡ ᠲᠥᠯᠥᠪᠯᠡᠵᠦ᠂ | ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠵᠤ ᠲᠦᠷᠭᠡᠨ ᠠᠵᠢᠯᠯᠠᠭ᠎ᠠ ᠥᠷᠨᠢᠬᠦᠯᠵᠥ᠂ 2 ᠰᠠᠷ ᠠ ᠶᠢᠨ 17 ᠤ | ᠡᠳᠦᠷ ︽ᠲᠥᠷᠥᠯ ᠬᠤᠪᠢᠶᠠᠨ ᠵᠢᠯᠣᠭᠤᠳᠴᠤ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠬᠦ ᠶᠢ | ᠬᠡᠷᠡᠭᠵᠢᠭᠦᠯᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠬᠦ ᠲᠤᠬᠠᠶ ᠬᠡᠷᠡᠭᠵᠢᠭᠦᠯᠬᠦ ᠰᠠᠨᠠᠯ︾ ᠢ ᠲᠣᠭᠲᠠᠭᠠᠨ ᠨᠡᠶᠢᠲᠡᠯᠡᠵᠦ᠂ | 29 ᠵᠤᠷᠪᠤᠰ ᠪᠣᠳᠠᠲᠠᠶ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠰᠡᠷᠭᠡᠶᠢᠯᠡᠨ ᠡᠵᠡᠮᠳᠡᠬᠦ ᠳᠤ ᠰᠤᠯᠠᠷᠠᠭᠤᠯᠤᠯ | ᠥᠬᠡᠶ᠂ ᠬᠥᠭᠵᠢᠯᠲᠡ ᠳᠤ ᠰᠠᠭᠠᠳ ᠪᠣᠯᠬᠤ ᠥᠬᠡᠶ ᠪᠠᠶᠢᠬᠤ ᠶᠢ ᠬᠥᠴᠥᠯᠠᠨ ᠪᠠᠳᠤᠯᠠᠵᠠᠢ᠃ | ᠰᠤᠷᠪᠤᠯᠵᠢᠯᠠᠬᠴᠢ᠄ ᠬᠥᠬᠡᠬᠤᠲᠠ ᠶᠢᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ | ᠢᠶᠠᠨ ᠰᠡᠷᠭᠦᠭᠡᠭᠰᠡᠨ ᠪᠠᠶᠢᠳᠠᠯ ᠢ ᠲᠠᠨᠢᠯᠴᠠᠭᠤᠯᠤᠭᠠᠳ ᠦᠭᠭᠦᠨ᠎ᠡ ᠤᠤ︖ | ᠯᠢᠦ ᠸᠧᠨ ᠢᠦᠶ᠄ ᠬᠥᠬᠡᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠨᠡᠶᠢᠲᠡ 253 ᠡᠷᠦᠬᠡ ᠪᠠᠶᠢᠵᠤ᠂ ᠡᠭᠦᠨ ᠳᠤ ᠴᠠᠭᠠᠨ ᠰᠠᠷ᠎ᠠ ᠶᠢᠨ ᠬᠤᠭᠤᠴᠠᠭᠠᠨ ᠳᠤ ᠦᠢᠯᠡᠳᠪᠦᠷᠢᠯᠡᠯ | ᠵᠣᠭᠰᠣᠭᠰᠠᠨ ᠥᠬᠡᠶ ᠠᠵᠤ ᠠᠬᠤᠶᠢᠯᠠᠯ 110 ᠡᠷᠦᠬᠡ ᠪᠠᠶᠢᠨ᠎ᠠ᠃ 2 ᠰᠠᠷ᠎ᠠ ᠶᠢᠨ 24 ᠤ ᠡᠳᠦᠷ ᠪᠣᠯᠲᠠᠯ᠎ᠠ | ᠦᠢᠯᠡᠳᠪᠦᠷᠢᠯᠡᠯ ᠢᠶᠠᠨ ᠨᠢᠭᠡᠨᠲᠡ ᠰᠡᠷᠭᠦᠭᠡᠭᠰᠡᠨ 81 ᠠᠵᠤ ᠠᠬᠤᠶᠢᠯᠠᠯ ᠪᠠᠶᠢᠵᠤ᠂ ᠠᠵᠢᠯ ᠢᠶᠠᠨ ᠰᠡᠷᠭᠦᠭᠡᠭᠰᠡᠨ | ᠨᠣᠷᠮ᠎ᠠ ᠨᠢ 75.5% ᠳᠤ ᠬᠦᠷᠴᠡᠶ᠂ ᠡᠭᠦᠨ ᠳᠤ ᠲᠦᠷᠦᠭᠦᠤ 25 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠭᠰᠡᠨ ᠨᠣᠷᠮ᠎ᠠ ᠨᠢ 100% ᠳᠤ ᠬᠦᠷᠴᠦ᠂ ᠠᠵᠤ ᠦᠢᠯᠡᠳᠪᠦᠷᠢ ᠶᠢᠨ | ᠦᠢᠯᠡᠳᠬᠦᠨ ᠤ ᠪᠥᠬᠦ ᠥᠷᠲᠡᠭ ᠤᠨ 80% ᠣᠷᠴᠢᠮ ᠢ ᠡᠵᠡᠯᠡᠵᠦ ᠪᠠᠶᠢᠨ᠎ᠠ᠂ ᠵᠢᠱᠢᠯᠲᠡ ᠪᠠᠷ ᠲᠣᠰ ᠰᠠᠷ᠎ᠠ ᠶᠢᠨ | ᠰᠡᠭᠦᠯᠴᠢ ᠠᠴᠠ ᠡᠮᠦᠨ᠎ᠡ ᠪᠦᠭᠦ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ | ᠰᠡᠷᠭᠦᠭᠡᠬᠦ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠪᠤᠰᠤᠳ ᠲᠥᠷᠥᠯ ᠤᠨ ᠠᠵᠤ ᠠᠬᠤᠶᠢᠯᠠᠯ ᠮᠦᠽᠧᠶ᠂ ᠰᠣᠶᠣᠯ | ᠤᠨ ᠣᠷᠳᠣᠨ᠂ ᠨᠣᠮ ᠤᠨ ᠰᠠᠩ ᠵᠡᠷᠭᠡ ᠬᠥᠮᠦᠰ ᠬᠠᠷᠢᠴᠠᠩᠭᠤᠶ ᠪᠠᠷ ᠲᠥᠪᠯᠡᠷᠡᠭᠰᠡᠨ ᠭᠠᠵᠠᠷ ᠤᠨ | ᠡᠵᠡᠩᠨᠡᠯᠲᠡ ᠶᠢ ᠲᠦᠷ ᠬᠤᠶᠢᠰᠢᠯᠠᠭᠤᠯᠬᠤ ᠠᠴᠠ ᠭᠠᠳᠠᠨ᠎ᠠ᠂ ᠪᠤᠰᠤᠳ ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ 2 ᠰᠠᠷ᠎ᠠ ᠶᠢᠨ 23 ᠤ ᠡᠳᠦᠷ ᠠᠴᠠ ᠡᠬᠢᠯᠡᠨ | ᠡᠮᠬᠢ ᠵᠢᠷᠤᠮ ᠲᠠᠢ ᠪᠠᠷ ᠡᠵᠡᠩᠨᠡᠯᠲᠡ ᠪᠠᠨ ᠰᠡᠷᠭᠦᠭᠡᠵᠦ᠂ ᠢᠳᠡᠭᠡᠨ ᠤᠮᠳᠠᠭᠠᠨ ᠤ ᠦᠢᠯᠡᠰ ᠲᠤ ᠵᠥᠪᠬᠡᠨ ᠭᠠᠳᠠᠭᠰᠢ | ᠬᠤᠭᠤᠯᠠ ᠬᠦᠷᠭᠡᠬᠦ᠂ ᠭᠠᠳᠠᠭᠰᠢ ᠬᠦᠷᠭᠡᠬᠦ ᠪᠤᠶᠤ ᠰᠦᠯᠵᠢᠶ᠎ᠡ ᠪᠠᠷ ᠳᠠᠮᠵᠢᠭᠤᠯᠤᠨ ᠬᠤᠭᠤᠯᠠ ᠵᠠᠬᠢᠶᠠᠯᠠᠵᠤ | ᠳᠣᠭᠢᠷᠠᠭᠤᠯᠤᠨ ᠬᠦᠷᠭᠡᠬᠦ ᠬᠡᠷᠡᠭᠲᠡᠶ ᠭᠡᠵᠦ ᠱᠠᠭᠠᠷᠳᠠᠪᠠ᠃ | ᠰᠤᠷᠪᠤᠯᠵᠢᠯᠠᠬᠵᠢ᠄ ᠥᠪᠥᠷ ᠮᠣᠩᠭᠤᠯ ᠨᠢᠭᠡᠨᠲᠡ ᠬᠡᠳᠦᠨ ᠡᠳᠦᠷ ᠳᠠᠷᠠᠭᠠᠯᠠᠨ ᠰᠢᠨ᠎ᠡ ᠪᠠᠷ ᠨᠡᠮᠡᠵᠦ | ᠣᠨᠣᠰᠢᠯᠠᠭᠰᠠᠨ ᠪᠠ ᠰᠡᠵᠢᠭᠯᠡᠯᠲᠡᠶ ᠡᠪᠡᠳᠴᠢᠨ ᠤ ᠵᠢᠱᠢᠶ᠎ᠡ ᠥᠬᠡᠶ ᠪᠣᠯᠵᠣ᠂ ᠡᠮᠨᠡᠯᠭᠡ ᠠᠴᠠ ᠭᠠᠷᠤᠭᠰᠠᠨ ᠡᠪᠡᠳᠴᠢᠨ | ᠤ ᠵᠢᠱᠢᠶ᠎ᠠ ᠴᠦ ᠶᠠᠪᠤᠬᠤ ᠲᠤᠲᠤᠮ ᠣᠯᠠᠰᠢᠷᠠᠵᠤ ᠪᠠᠶᠢᠨ᠎ᠠ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠢ ᠳᠠᠭᠠᠯᠳᠤᠨ᠂ ᠮᠠᠨ ᠤ ᠤᠷᠤᠨ ᠬᠢᠵᠢᠭ ᠤᠨ ᠪᠠᠶᠢᠳᠠᠯ ᠳᠡᠯᠭᠡᠷᠡᠬᠦ ᠠᠴᠠ ᠬᠡᠷᠬᠢᠨ ᠵᠠᠶᠢᠯᠠᠰᠬᠢᠪᠠᠯ ᠵᠣᠬᠢᠬᠤ | ᠪᠣᠢ︖ | ᠰᠢᠤᠢ ᠬᠤᠩ ᡁᠢ᠄ ᠦᠢᠷ᠎ᠡ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠡᠨ ᠰᠡᠷᠭᠡᠶᠢᠯᠡᠬᠦ | ᠬᠤᠯᠪᠤᠭᠠᠯᠡᠨ ᠡᠵᠡᠮᠳᠡᠬᠦ ᠠᠵᠢᠯ ᠤᠨ ᠲᠣᠭᠲᠠᠴᠠ ︽ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ | ᠦᠢᠯᠡᠳᠪᠦᠷᠢᠯᠡᠯ ᠢᠶᠠᠨ ᠰᠡᠷᠭᠦᠭᠡᠬᠦ ᠬᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾ | ᠢ ᠳᠠᠷᠤᠮᠠᠯᠯᠠᠨ ᠲᠠᠷᠬᠠᠭᠠᠪᠠ᠂ ᠠᠵᠢᠯ ᠢᠶᠠᠨ ᠰᠡᠷᠭᠦᠭᠡᠬᠦ ᠪᠠ ᠦᠢᠯᠡᠳᠪᠦᠷᠢᠯᠡᠯ ᠢᠶᠠᠨ ᠰᠡᠷᠭᠦᠭᠡᠬᠦ ᠨᠢ ᠯᠠᠪᠲᠠᠶ ᠶᠡᠭᠡ | ᠬᠡᠮᠵᠢᠶᠡᠨ ᠤ ᠬᠥᠮᠦᠰ ᠤᠨ ᠰᠢᠯᠵᠢᠯᠲᠡ ᠶᠢ ᠠᠪᠴᠢᠷᠠᠨ᠎ᠠ᠂ ᠬᠡᠷᠪᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠣᠳᠠᠲᠠᠶ | ᠪᠢᠰᠢ᠂ ᠨᠠᠶᠢᠳᠠᠪᠤᠷᠢᠵᠢᠭᠤᠯᠬᠤ ᠥᠬᠡᠶ ᠪᠣᠯ᠂ ᠬᠢᠵᠢᠭ ᠤᠨ ᠪᠠᠶᠢᠳᠠᠯ ᠳᠠᠬᠢᠨ ᠡᠭᠦᠰᠴᠦ ᠮᠡᠳᠡᠨ᠎ᠡ᠃ ᠡᠨᠡ ᠬᠦ ᠪᠠᠶᠢᠳᠠᠯ | ᠭᠠᠷᠬᠤ ᠠᠴᠠ ᠵᠠᠶᠢᠯᠠᠰᠬᠢᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ︽ᠬᠢᠵᠢᠭ ᠤᠨ ᠪᠠᠶᠢᠳᠠᠯ ᠢ ᠨᠠᠷᠢᠯᠢᠭ ᠣᠨᠣᠴᠠᠲᠠᠶ ᠰᠡᠷᠭᠡᠶᠢᠯᠡᠨ ᠡᠵᠡᠮᠳᠡᠬᠦ | ᠶᠢ ᠬᠡᠷᠡᠭᠵᠢᠭᠦᠯᠵᠦ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠬᠤ ᠬᠤᠯᠪᠣᠭᠳᠠᠯ | ᠪᠥᠬᠦᠶ ᠵᠦᠢᠯᠡᠰ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ | ᠳᠤ ᠴᠥᠮ ᠠᠵᠢᠯ ᠢᠶᠠᠨ ᠰᠡᠷᠭᠦᠭᠡᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠳᠤ | ᠱᠠᠭᠠᠷᠳᠠᠯᠭ᠎ᠠ ᠳᠤᠷᠠᠳᠪᠠ᠃ ᠡᠯ᠎ᠡ ᠠᠵᠤ ᠠᠬᠤᠶᠢᠯᠠᠯ᠂ ᠪᠠᠶᠢᠭᠤᠯᠭ᠎ᠠ ᠨᠢᠭᠡᠴᠢ ᠨᠦᠭᠦᠳ ︽ᠬᠡᠨ ᠠᠵᠢᠯᠴᠢᠨ | ᠬᠡᠷᠡᠭᠯᠡᠪᠡᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ᠂ ᠲᠣᠰ ᠠᠵᠤ ᠠᠬᠤᠶᠢᠯᠠᠯ᠂ ᠲᠣᠰ ᠨᠢᠭᠡᠴᠢ ᠶᠢᠨ ᠢᠶᠠᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠬᠡᠷᠡᠭᠲᠡᠶ᠃ | ᠰᠤᠷᠪᠤᠯᠵᠢᠯᠠᠬᠴᠢ᠄ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠭᠰᠡᠨ ᠤ ᠳᠠᠷᠠᠭ᠎ᠠ᠂ ᠬᠥᠮᠦᠰ ᠤᠨ ᠠᠮᠠᠪᠴᠢ | ᠵᠡᠷᠭᠡ ᠶᠢᠨ ᠬᠡᠷᠡᠭᠴᠡᠭᠡ ᠶᠡᠭᠡ ᠪᠠᠷ ᠨᠡᠮᠡᠭᠳᠡᠬᠦ ᠪᠣᠯᠤᠨ᠎ᠠ᠂ ᠲᠡᠭᠡᠪᠡᠯ ᠬᠢᠵᠢᠭ ᠰᠡᠷᠭᠡᠶᠢᠯᠡᠬᠦ ᠡᠳ᠋ ᠪᠣᠳᠠᠰ ᠤᠨ ᠪᠠᠲᠤᠯᠠᠭ᠎ᠠ | ᠶᠢ ᠬᠡᠷᠬᠢᠨ ᠰᠠᠶᠢᠳᠤᠷ ᠬᠢᠬᠦ ᠪᠤᠢ︖ | ᠵᠢᠩ ᠢᠦᠶ ᠯᠢᠨ᠄ ᠶᠡᠷᠦᠩᠬᠡᠶ ᠱᠦᠵᠢ ᠰᠢ ᠶᠢᠨ ᠫᠢᠩ ᠤᠨ 2 ᠰᠠᠷ᠎ᠠ ᠶᠢᠨ 23 ᠤ ᠡᠳᠦᠷ ᠤᠨ ᠴᠢᠬᠤᠯᠠ | ᠶᠠᠷᠢᠶᠠᠨ ᠤ ᠵᠣᠷᠢᠭ ᠰᠠᠨᠠᠭᠠᠨ ᠤ ᠱᠠᠭᠠᠷᠳᠠᠯᠭ᠎ᠠ ᠶᠣᠰᠣᠭᠠᠷ᠂ ᠪᠢᠳᠡ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ ᠣᠨᠣᠴᠠᠲᠠᠶ ᠪᠠᠷ ᠭᠠᠵᠠᠷ ᠣᠷᠣᠨ | ᠬᠤᠪᠢᠶᠠᠨ ᠲᠡᠰ ᠲᠦᠷᠦᠯ ᠬᠤᠪᠢᠶᠠᠨ ᠰᠠᠶᠢᠲᠤᠷ ᠬᠡᠷᠡᠭᠵᠢᠭᠦᠯᠬᠦ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ | ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠬᠤᠶᠠᠷ ᠢ ᠰᠠᠭᠠᠲᠠᠭᠠᠬᠤ ᠥᠬᠡᠶ︾ ᠪᠠᠶᠢᠬᠤ ᠶᠢ | ᠴᠢᠷᠮᠠᠶᠢᠨ ᠪᠡᠶᠡᠯᠡᠭᠦᠯᠦᠨ᠎ᠡ᠃ ᠣᠳᠣᠬᠠᠨ ᠳᠤ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠬᠦ ᠪᠠ ᠠᠵᠢᠯ ᠢᠶᠠᠨ | ᠰᠡᠷᠭᠦᠭᠡᠬᠦ ᠠᠵᠢᠯ ᠡᠳᠦᠷ ᠳᠠᠷᠠᠭᠠᠯᠠᠨ ᠨᠡᠮᠡᠭᠳᠡᠵᠦ᠂ ᠠᠵᠢᠯᠲᠠᠨ ᠠᠵᠢᠯᠴᠢᠨ ᠤ ᠢᠷᠡᠵᠤ ᠪᠤᠴᠠᠬᠤ ᠣᠯᠠᠰᠢᠷᠠᠬᠤ | ᠪᠤᠯᠤᠨ᠎ᠠ᠂ ᠰᠡᠷᠭᠡᠶᠢᠯᠡᠨ ᠡᠵᠡᠮᠳᠡᠬᠦ ᠬᠡᠷᠡᠭᠰᠡᠯ ᠤᠨ ᠬᠡᠷᠡᠭᠴᠡᠭᠡ ᠤᠯᠠᠮ ᠨᠢᠭᠡ ᠠᠯᠬᠤᠮ ᠨᠡᠮᠡᠭᠳᠡᠬᠦ ᠪᠣᠯᠤᠨ᠎ᠠ᠂ ᠤᠳᠤᠬᠠᠨ | ᠳᠤ ᠠᠮᠠᠪᠴᠢ᠂ ᠡᠮᠨᠡᠯᠭᠡ ᠶᠢᠨ ᠬᠠᠮᠠᠭᠠᠯᠠᠯᠲᠠ ᠶᠢᠨ ᠬᠤᠪᠴᠠᠰᠤ᠂ ᠨᠢᠳᠦ ᠬᠠᠮᠠᠭᠠᠯᠠᠬᠤ ᠰᠢᠯ ᠵᠡᠷᠭᠡ ᠬᠡᠰᠡᠭ | ᠰᠡᠷᠭᠡᠶᠢᠯᠡᠨ ᠡᠵᠡᠮᠳᠡᠬᠦ ᠬᠡᠷᠡᠭᠰᠡᠯ ᠪᠠᠰᠠ ᠨᠡᠯᠢᠶᠡᠳ ᠳᠤᠲᠠᠭᠳᠠᠵᠤ ᠪᠠᠶᠢᠬᠤ ᠠᠴᠠ ᠭᠠᠳᠠᠨ᠎ᠠ᠂ ᠪᠤᠰᠤᠳ ᠡᠯ᠎ᠡ ᠲᠥᠷᠥᠯ | ᠤᠨ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠦᠨᠳᠦᠰᠦᠨ ᠳᠡᠭᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠴᠢᠳᠠᠬᠤ | ᠪᠣᠯᠤᠨ᠎ᠠ᠃ |