ᠪᠦ᠋ ᠰᠢᠶᠤᠤ ᠯᠢᠨ ᠤᠯᠠᠭᠠᠨᠴᠠᠪ ᠬᠤᠳᠠ ᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠬᠤ ᠳᠠᠭᠠᠨ ᠪᠦᠳᠦᠭᠡᠨ ᠪᠠᠶᠢᠭᠤᠯᠵᠦ ᠪᠠᠶᠢᠭ᠎ᠠ ᠲᠦᠷᠦᠯ ᠵᠦᠢᠯ ᠤᠨ ᠠᠵᠢᠯ ᠢᠶᠠᠨ ᠰᠡᠷᠭᠦᠭᠡᠭᠦ ᠪᠠ ᠰᠢᠨ᠎ᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠬᠦ ᠶᠢ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2020/2/27
     2 ᠰᠠᠷ᠎ᠠ ᠶᠢᠨ 26᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ ᠤᠯᠠᠭᠠᠨᠴᠠᠪ ᠬᠤᠳᠠ ᠳᠤ ᠬᠦᠷᠴᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ᠃      ᠭᠤᠤᠯᠳᠠᠯᠭ᠎ᠠ ᠲᠠᠢ ᠲᠥᠷᠥᠯ ᠵᠦᠢᠯ ᠤᠨ ᠡᠷᠲᠡ ᠨᠠᠶᠢᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠠᠰᠢᠡᠡᠯᠠᠯᠳᠠ ᠳᠤ ᠤᠷᠤᠬᠤ᠂ ᠡᠷᠲᠡ ᠦᠷ᠎ᠡ ᠪᠦᠲᠦᠮᠵᠢ ᠤᠯᠬᠤ ᠶᠢ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠭᠠᠷᠠᠭ︾᠎ ᠤᠨ ᠠᠵᠢᠯᠯᠠᠭ᠎ᠠ ᠶᠢ ᠡᠬᠢᠯᠡᠭᠦᠯᠵᠦ᠂ ᠬᠠᠮᠲᠤᠷᠠᠨ ᠭᠦᠢᠴᠡᠳᠭᠡᠭᠦ᠂ ᠳᠤᠲᠠᠭᠳᠠᠯ ᠢ ᠨᠢ ᠭᠥᠯᠢᠶᠡᠨ ᠠᠪᠴᠤ ᠰᠢᠢᠳᠪᠦᠷᠢᠯᠡᠬᠦ᠂ ᠲᠦᠷᠭᠡᠨ ᠬᠢᠨᠠᠨ ᠵᠥᠪᠰᠢᠶᠡᠷᠡᠬᠦ ᠪᠠᠷ ᠳᠠᠮᠵᠢᠭᠤᠯᠤᠨ᠂ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ ᠪᠦᠬᠦ ᠬᠤᠲᠠ ᠶᠢᠨ ᠭᠤᠣᠯᠳᠠᠯᠭ᠎ᠠ ᠲᠠᠢ ᠲᠥᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ︽ᠨᠢᠭᠡ ᠯᠡ ᠳᠡᠭᠡᠷ᠎ᠠ ᠰᠢᠢᠳᠪᠤᠷᠢᠯᠡᠬᠦ ᠬᠡᠯᠪᠡᠷᠢ︾᠎ ᠪᠠᠷ ᠬᠢᠨᠠᠨ ᠵᠥᠪᠰᠢᠶᠡᠷᠡᠵᠤ᠂ 2 ᠰᠠᠷ᠎ᠠ ᠶᠢᠨ 25᠎ ᠠᠴᠠ ᠨᠠᠭᠠᠰᠢ᠂ 99 ᠠᠵᠤ ᠠᠬᠤᠶᠢᠯᠠᠯ ᠤᠨ ᠳᠡᠪᠰᠢᠭᠦᠯᠦᠭᠰᠡᠨ ᠨᠡᠶᠢᠳᠡ 763.5 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠳᠤ ᠬᠤᠯᠪᠤᠭᠳᠠᠬᠤ 141 ᠠᠵᠢᠯ ᠡᠬᠢᠯᠡᠬᠦᠯᠬᠦ ᠪᠠᠷ ᠪᠠᠶᠢᠭ᠎ᠠ ᠲᠥᠷᠥᠯ ᠵᠦᠢᠯ᠂ 184 ᠳᠡᠪᠰᠢᠭᠦᠯᠦᠨ ᠮᠡᠳᠡᠭᠦᠯᠦᠭᠰᠡᠨ ᠬᠡᠷᠡᠭ ᠶᠠᠪᠤᠳᠠᠯ ᠢ ᠲᠥᠪᠯᠡᠷᠡᠭᠦᠯᠦᠨ ᠬᠢᠨᠠᠨ ᠵᠥᠪᠰᠢᠶᠡᠷᠡᠪᠠ᠃ ᠪᠦ᠋ ᠰᠢᠶᠤᠤ ᠯᠢᠨ ᠤᠯᠠᠭᠠᠨᠴᠠᠪ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ︽ᠲᠥᠪᠯᠡᠷᠡᠭᠦᠯᠦᠨ ᠬᠢᠨᠠᠨ ᠵᠥᠪᠰᠢᠶᠡᠷᠡᠬᠦ ᠭᠠᠷᠠᠭ︾᠎ ᠤᠨ ᠠᠵᠢᠯᠯᠠᠭ᠎ᠠ ᠶᠢᠨ ᠠᠬᠤᠶ ᠲᠠᠯᠠᠪᠠᠶ ᠳᠤ ᠬᠦᠷᠴᠦ᠂ ᠲᠥᠪᠯᠡᠷᠡᠭᠦᠯᠦᠨ ᠬᠢᠨᠠᠨ ᠵᠥᠪᠰᠢᠶᠡᠷᠡᠬᠦ ᠠᠷᠭ᠎ᠠ ᠬᠡᠮᠵᠢᠶ᠎ᠡ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ ᠭᠦᠨᠵᠡᠭᠡᠶ ᠣᠶᠢᠯᠠᠭᠠᠵᠤ᠂ ᠠᠵᠢᠯᠯᠠᠭ᠎ᠠ ᠦᠷᠨᠢᠬᠦᠯᠦᠭᠰᠡᠨ ᠢ  ᠭᠦᠢᠴᠡᠳ ᠨᠤᠲᠠᠯᠠᠪᠠ᠃      ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠭᠬᠢᠷᠢ ᠶᠢᠨ ᠨᠠᠭᠤᠷ ᠪᠠᠯᠭᠠᠰᠤᠨ ᠤ ᠪᠠ ᠳ᠋ᠠ ᠬᠤᠩ ᠲᠣᠰᠬᠤᠨ ᠤ ᠨᠡᠭᠦᠳᠡᠯ ᠠᠷᠠᠳ ᠤᠨ ᠲᠣᠰᠬᠤᠨ ᠳᠤ᠂ ᠪᠦ᠋ ᠰᠢᠶᠤᠤ ᠯᠢᠨ ᠤᠯᠠᠭᠠᠨᠴᠠᠪ ᠠᠴᠠ ᠳ᠋ᠠᠲ᠋ᠦ᠋ᠩ ᠬᠦᠷᠬᠦ ᠳᠦᠷᠬᠡᠨ ᠤ ᠲᠡᠮᠦᠷ ᠵᠠᠮ ᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠲᠦᠷᠦᠯ ᠵᠦᠢᠯ ᠤᠨ ᠤᠷᠤᠭᠰᠢᠲᠠᠢ ᠠᠬᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠪᠦ᠋ ᠰᠢᠶᠤᠤ ᠯᠢᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢᠳᠦᠨ ᠡᠮᠦᠨ᠎ᠠ ᠪᠠ ᠠᠯᠤᠰ ᠬᠡᠲᠦ ᠳᠤ ᠬᠤᠯᠪᠤᠭᠳᠠᠨ᠎ᠠ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠭᠰᠡᠨ ᠤᠷᠢᠲᠠᠯ ᠳᠣᠤᠷ᠎ᠠ᠂ ᠰᠠᠨᠠᠭᠠᠴᠢᠯᠠᠭ᠎ᠠ ᠠᠴᠠ ᠪᠠᠨ ᠬᠤᠰᠢᠭᠤᠴᠢᠯᠠᠨ ᠦᠢᠯᠡᠴᠢᠯᠡᠵᠦ᠂ ᠲᠥᠷᠥᠯ ᠵᠦᠢᠯ ᠤᠨ ᠭᠠᠷᠳᠠᠮ ᠢ ᠳᠥᠭᠦᠮᠴᠢᠯᠡᠵᠦ᠂ ᠬᠢᠨᠠᠨ ᠵᠥᠪᠰᠢᠶᠡᠷᠡᠬᠦ ᠳᠡᠰ ᠳᠡᠷᠡᠭᠠᠯᠠᠯ ᠢ ᠰᠢᠯᠢᠳᠡᠭᠵᠢᠭᠦᠯᠦᠨ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠡᠯ᠎ᠡ ᠵᠦᠢᠯ ᠤᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠵᠦ᠂ ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠬᠦᠯᠵᠥ ᠰᠡᠷᠭᠦᠭᠡᠬᠦ ᠨᠥᠬᠦᠴᠡᠯ ᠢ ᠰᠠᠶᠢᠲᠤᠷ ᠨᠠᠶᠢᠳᠠᠪᠤᠷᠢᠵᠢᠭᠤᠯᠤᠨ᠂ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ ᠪᠠ ᠰᠢᠨ᠎ᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠲᠡᠶ ᠲᠤᠯᠭᠠᠭᠤᠷᠢᠯᠡᠯ ᠬᠠᠩᠭᠠᠬᠤ ᠬᠡᠷᠡᠭᠲᠡᠶ ᠬᠡᠵᠥ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号