ᠥᠪᠥᠷ ᠮᠣᠩᠭᠤᠯ ︽ᠵᠠᠬ᠎ᠠ ᠳᠡᠯᠭᠡᠭᠦᠷ ᠤᠨ ᠦᠶᠯᠡᠳᠦᠯ ᠢ ᠭᠦᠶᠴᠡᠳ ᠪᠠᠳᠠᠷᠠᠭᠤᠯᠵᠤ ᠴᠢᠳᠠᠪᠤᠷᠢᠲᠠᠨ ᠤ ᠤᠷᠤᠭᠰᠢᠲᠠᠶ ᠪᠦᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2020/2/27
     ᠨᠠᠮ ᠠᠴᠠ ᠴᠢᠳᠠᠪᠤᠷᠢᠲᠠᠨ ᠢ ᠬᠠᠮᠢᠶᠠᠷᠬᠤ᠂ ᠬᠥᠭᠵᠢᠯᠲᠡ ᠳᠤ ᠦᠢᠯᠡᠴᠢᠯᠡᠬᠦ᠂ ᠵᠠᠬ᠎ᠠ ᠳᠡᠯᠭᠡᠭᠦᠷ ᠢᠶᠠᠷ ᠭᠤᠣᠯᠯᠠᠬᠤ᠂ ᠵᠠᠰᠠᠭ ᠤᠨ ᠣᠷᠳᠣᠨ ᠠᠴᠠ ᠠᠬᠢᠭᠤᠯᠬᠤ᠂ ᠵᠢᠷᠤᠮᠵᠢᠯ ᠲᠠᠢ ᠡᠮᠬᠢ ᠵᠢᠷᠤᠮ ᠲᠠᠢ ᠪᠠᠶᠢᠬᠤ ᠦᠨᠳᠦᠰᠦᠨ ᠵᠠᠷᠴᠢᠮ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ ᠥᠪᠥᠷ ᠮᠣᠩᠭᠤᠯ ︽ᠵᠠᠬ᠎ᠠ ᠳᠡᠯᠭᠡᠭᠦᠷ ᠤᠨ ᠦᠶᠯᠡᠳᠦᠯ ᠢ ᠭᠦᠶᠴᠡᠳ ᠪᠠᠳᠠᠷᠠᠭᠤᠯᠵᠤ ᠴᠢᠳᠠᠪᠤᠷᠢᠲᠠᠨ ᠤ ᠤᠷᠤᠭᠰᠢᠲᠠᠶ ᠪᠦᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃      ᠨᠢᠭᠡᠳᠦᠯᠲᠡᠶ ᠪᠥᠭᠡᠳ ᠵᠢᠷᠤᠮᠵᠢᠯ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠪᠠᠶᠢᠭᠤᠯᠬᠤ᠂ ᠬᠥᠮᠦᠨ ᠬᠡᠷᠡᠭᠯᠡᠬᠦ ᠭᠤᠣᠯ ᠴᠣᠭᠴᠠ ᠶᠢᠨ ᠡᠵᠡᠨ ᠮᠡᠳᠡᠬᠦ ᠡᠷᠬᠡ ᠶᠢ ᠦᠨᠡᠨ ᠬᠦ ᠪᠠᠲᠤᠯᠠᠬᠤ᠂ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠴᠢᠳᠠᠪᠤᠷᠢᠲᠠᠨ ᠢ ᠬᠥᠲᠥᠯᠥᠨ ᠵᠢᠯᠣᠭᠤᠳᠴᠤ ᠵᠣᠷᠢᠭᠵᠢᠭᠤᠯᠵᠤ ᠪᠠᠶᠢᠭᠠᠳ ᠬᠠᠲᠠᠭᠤ ᠪᠡᠷᠬᠡᠰᠢᠶᠡᠯᠲᠡᠶ ᠵᠠᠬ᠎ᠠ ᠬᠢᠵᠠᠭᠠᠷ ᠣᠷᠣᠨ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠵᠦᠭ ᠰᠢᠯᠵᠢᠬᠦ ᠵᠡᠷᠭᠡ 14 ᠲᠠᠯ᠎ᠠ ᠪᠠᠷ ᠠᠷᠭ᠎ᠠ ᠬᠡᠮᠵᠢᠶ᠎ᠡ ᠲᠣᠭᠲᠠᠭᠠᠵᠤ᠂ ᠴᠢᠳᠠᠪᠤᠷᠢᠲᠠᠨ ᠤ ᠤᠷᠤᠭᠰᠢᠲᠠᠶ ᠪᠥᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠪᠣᠯᠣᠨ᠎ᠠ᠃ ᠪᠣᠳᠠᠲᠠᠶ ᠠᠷᠭ᠎ᠠ ᠬᠡᠮᠵᠢᠶ᠎ᠡ ᠳᠤ ᠭᠤᠤᠯᠳᠠᠭᠤ᠄            ᠨᠢᠭᠡ ᠳᠤ ᠨᠢᠭᠡᠳᠦᠯᠲᠡᠶ ᠪᠥᠭᠡᠳ ᠵᠢᠷᠤᠮᠵᠢᠯ ᠲᠠᠢ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠭᠤᠷᠪᠠᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠴᠢᠳᠠᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠴᠢᠳᠠᠪᠤᠷᠢᠲᠠᠨ ᠤ ᠰᠢᠯᠵᠢᠯᠲᠡ ᠶᠢ ᠪᠡᠶᠡᠯᠡᠭᠦᠯᠬᠦ ᠳᠤᠮᠳᠠᠬᠢ ᠵᠠᠬ᠎ᠠ ᠳᠡᠯᠭᠡᠭᠦᠷ ᠤᠨ ᠭᠤᠤᠯ ᠠᠷᠭ᠎ᠠ ᠵᠠᠮ ᠤᠨ ᠦᠶᠯᠡᠳᠦᠯ ᠪᠠ ᠴᠢᠳᠠᠪᠤᠷᠢᠲᠠᠨ ᠤ ᠡᠬᠢ ᠪᠠᠶᠠᠯᠢᠭ ᠢ ᠲᠣᠬᠢᠷᠠᠭᠤᠯᠬᠤ ᠳᠤᠮᠳᠠᠬᠢ ᠰᠢᠶᠳᠪᠦᠷᠢᠯᠡᠬᠦ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠬᠤᠲᠠ ᠬᠥᠳᠡᠭᠡ᠂ ᠭᠠᠵᠠᠷ ᠣᠷᠣᠨ᠂ ᠠᠵᠢᠯ ᠲᠥᠷᠥᠯ ᠤᠨ ᠴᠢᠳᠠᠪᠤᠷᠢᠲᠠᠨ ᠤ ᠰᠢᠯᠵᠢᠯᠲᠡ ᠶᠢ ᠵᠦᠶ ᠵᠣᠬᠢᠰ ᠥᠬᠡᠶ ᠰᠠᠯᠭᠠᠬᠤ ᠶᠢ ᠡᠪᠳᠡᠵᠦ᠂ ᠪᠡᠶ᠎ᠡ ᠶᠢᠨ ᠭᠠᠷᠤᠯ᠂ ᠬᠦᠶᠰᠦ ᠶᠢᠨ ᠢᠯᠭᠠᠯ ᠤᠨ ᠭᠠᠳᠠᠭᠤᠷᠴᠢᠯᠠᠯ ᠢ ᠠᠷᠢᠯᠭᠠᠵᠤ᠂ ᠬᠥᠮᠦᠨ  ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠠᠵᠢᠯᠯᠠᠭᠠᠨ ᠤ ᠳᠦᠷᠢᠮ ᠢ ᠨᠢᠭᠡᠳᠬᠡᠨ᠎ᠡ᠃      ᠬᠤᠶᠠᠷ ᠲᠤ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ᠂ ᠦᠨ᠎ᠡ ᠬᠠᠩᠰᠢ ᠪᠠ ᠥᠷᠢᠰᠥᠯᠳᠦᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠭᠢ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠬᠥᠮᠦᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠪᠠᠶᠢᠭᠤᠯᠤᠮᠵᠢ᠂ ᠡᠵᠡᠩᠨᠡᠯᠲᠡ ᠶᠢᠨ ᠴᠢᠨᠠᠷᠲᠠᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠪᠠᠶᠢᠭᠤᠯᠤᠮᠵᠢ ᠪᠠ ᠠᠵᠢᠯ ᠲᠥᠷᠥᠯ ᠤᠨ ᠨᠡᠶᠢᠭᠡᠮᠯᠢᠭ ᠲᠤ ᠲᠦᠰᠢᠭᠯᠡᠨ᠂ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠨᠢᠭᠡᠳᠦᠯᠲᠡᠶ᠂ ᠬᠥᠳᠡᠯᠦᠩᠭᠦᠶ ᠬᠢᠨᠠᠨ ᠬᠡᠮᠵᠢᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠦᠶᠯᠡᠰ ᠤᠨ ᠴᠢᠳᠠᠪᠤᠷᠢᠲᠠᠨ ᠤ ᠡᠬᠢ ᠪᠠᠶᠠᠯᠢᠭ ᠤᠨ ᠨᠥᠭᠡᠴᠡ ᠪᠠ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠳᠤ ᠵᠠᠳᠠᠯᠤᠯᠲᠠ ᠬᠢᠬᠦ ᠶᠢ ᠴᠢᠩᠭᠠᠳᠬᠠᠵᠤ᠂ ᠴᠢᠳᠠᠪᠤᠷᠢᠲᠠᠨ ᠤ ᠡᠬᠢ ᠪᠠᠶᠠᠯᠢᠭ ᠤᠨ ᠬᠠᠩᠭᠠᠯᠭ᠎ᠠ ᠶᠢᠨ ᠪᠠᠶᠢᠳᠠᠯ ᠪᠠ ᠰᠢᠯᠵᠢᠯᠲᠡ ᠶᠢᠨ ᠬᠠᠨᠳᠤᠰᠢ ᠶᠢ ᠰᠤᠳᠤᠯᠤᠨ ᠮᠠᠭᠠᠳᠯᠠᠬᠤ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ  ᠤᠳ ᠳᠡᠭᠡᠳᠦ ᠳᠡᠰ ᠤᠨ ᠪᠠᠴᠢᠮ ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠳᠤ ᠣᠨ ᠤ ᠴᠠᠯᠢᠩ ᠤᠨ ᠳᠦᠷᠢᠮ ᠪᠤᠶᠤ ᠵᠥᠪᠳᠡᠯᠴᠡᠭᠡᠷ ᠤᠨ ᠴᠠᠯᠢᠩ᠂ ᠲᠥᠷᠥᠯ ᠵᠦᠶᠯ ᠤᠨ ᠴᠠᠯᠢᠩ ᠣᠯᠭᠤᠬᠤ ᠶᠢ ᠵᠥᠪᠰᠢᠶᠡᠷᠡᠨ᠎ᠡ᠃ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠤ ᠤᠯᠤᠰ ᠲᠥᠷᠥ᠂ ᠠᠵᠤ ᠠᠬᠤᠶ᠂ ᠨᠡᠶᠢᠭᠡᠮ ᠤᠨ ᠣᠯᠭᠤᠮᠵᠢ ᠶᠢ ᠪᠦᠬᠦ ᠲᠠᠯ ᠎ᠠ ᠪᠠᠷ ᠳᠡᠭᠡᠭᠰᠢᠯᠡᠭᠦᠯᠵᠦ᠂ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠶᠢᠨ ᠦᠨ᠎ᠡ ᠥᠷᠲᠡᠭ᠂ ᠴᠢᠳᠠᠪᠤᠷᠢ ᠶᠢᠨ ᠬᠡᠪ ᠪᠣᠯᠪᠠᠰᠤᠷᠠᠯ᠂ ᠠᠵᠢᠯ ᠤᠨ ᠠᠮᠵᠢᠯᠲᠠ ᠪᠦᠲᠦᠮᠵᠢ ᠶᠢᠨ ᠬᠤᠪᠢ ᠨᠡᠮᠡᠷᠢ ᠳᠤ ᠰᠠᠭᠤᠷᠢᠯᠠᠭᠰᠠᠨ ᠴᠠᠯᠢᠩ ᠤᠨ ᠬᠤᠪᠢᠶᠠᠷᠢᠯᠠᠯᠲᠠ ᠶᠢᠨ ᠲᠣᠭᠲᠠᠴᠠ ᠶᠢ ᠪᠠᠶᠢᠭᠤᠯᠤᠨ᠎ᠠ᠃      ᠭᠤᠷᠪᠠ ᠳᠤ ᠬᠥᠮᠦᠨ ᠬᠡᠷᠡᠭᠯᠡᠬᠦ ᠭᠤᠣᠯ ᠴᠣᠭᠴᠠ ᠶᠢᠨ ᠡᠵᠡᠨ ᠮᠡᠳᠡᠬᠦ ᠡᠷᠬᠡ ᠶᠢ ᠦᠨᠡᠨ ᠬᠦ ᠪᠠᠲᠤᠯᠠᠵᠤ᠂ ᠡᠷᠬᠡ ᠲᠡᠭᠰᠢ ᠲᠥᠪ ᠭᠤᠤᠯᠴᠢ ᠪᠠᠶᠢᠬᠤ᠂ ᠥᠷᠢᠰᠥᠯᠳᠦᠭᠦᠯᠦᠨ ᠰᠢᠯᠢᠳᠡᠭ ᠢ ᠨᠢ ᠰᠣᠩᠭᠤᠬᠤ ᠵᠠᠷᠴᠢᠮ ᠢ ᠪᠠᠷᠢᠮᠲᠠᠯᠠᠨ᠂ ᠬᠥᠮᠦᠨ ᠡᠯᠰᠡᠵᠦ ᠬᠥᠮᠦᠨ ᠬᠡᠷᠡᠭᠯᠡᠬᠦ ᠲᠦᠷᠢᠮ ᠢ ᠵᠢᠷᠤᠮᠵᠢᠭᠤᠯᠵᠤ᠂ ᠲᠥᠪ ᠭᠤᠤᠯᠴᠢ ᠪᠠᠷ ᠥᠷᠢᠰᠥᠯᠳᠦᠬᠦ ᠶᠢ ᠬᠠᠷᠰᠢᠯᠠᠬᠤ᠂ ᠵᠠᠰᠠᠭ ᠵᠠᠬᠢᠷᠭᠠᠨ ᠤ ᠪᠠᠬᠢᠯᠡᠯᠲᠡ ᠪᠠᠶᠢᠭᠤᠯᠬᠤ ᠡᠯ᠎ᠡ ᠵᠦᠶᠯ ᠤᠨ ᠲᠣᠭᠲᠠᠭᠠᠯ ᠢ ᠬᠦᠴᠦᠨ ᠦᠭᠡᠢ ᠪᠣᠯᠭᠠᠨ᠎ᠠ᠃ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠨ ᠬᠡᠷᠡᠭᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠦᠢᠯᠡᠰ ᠤᠨ ᠨᠢᠭᠡᠴᠢ ᠶᠢᠨ ᠤᠷᠢᠨ ᠬᠡᠷᠡᠭᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠳ ᠲᠣᠭᠲᠠᠭᠠᠯ ᠶᠣᠰᠣᠭᠠᠷ ᠤᠷᠢᠨ ᠬᠡᠷᠡᠭᠯᠡᠬᠦ ᠲᠥᠰᠦᠯ ᠢᠶᠠᠨ ᠡᠵᠡᠨ ᠮᠡᠳᠡᠨ ᠲᠣᠭᠲᠠᠭᠠᠵᠤ᠂ ᠠᠵᠢᠯ ᠤᠨ ᠪᠠᠶᠢᠷᠢ ᠶᠢᠨ ᠨᠥᠬᠦᠴᠡᠯ ᠲᠣᠬᠢᠷᠠᠭᠤᠯᠵᠤ᠂ ᠤᠷᠢᠨ ᠬᠡᠷᠡᠭᠯᠡᠬᠦ ᠮᠡᠳᠡᠭᠡ ᠵᠠᠩᠭᠢ ᠨᠡᠶᠢᠲᠡᠯᠡᠵᠦ᠂ ᠢᠯᠡ ᠪᠠᠷ ᠤᠷᠢᠨ ᠬᠡᠷᠡᠭᠯᠡᠬᠦ ᠶᠢ ᠵᠣᠬᠢᠶᠠᠨ ᠪᠠᠶᠢᠭᠤᠯᠵᠤ ᠪᠣᠯᠤᠨ᠎ᠠ᠃ ᠠᠵᠢᠯ ᠦᠶᠯᠡᠰ ᠤᠨ ᠨᠢᠭᠡᠴᠢ ᠨᠦᠭᠦᠳ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠲᠣᠭᠠᠨ ᠤ ᠬᠦᠳᠡᠯᠦᠩᠭᠦᠢ ᠠᠵᠢᠯ ᠤᠨ ᠪᠠᠶᠢᠷᠢ ᠶᠢ ᠡᠵᠡᠨ ᠮᠡᠳᠡᠨ ᠲᠣᠬᠢᠷᠠᠭᠤᠯᠵᠤ᠂ ᠰᠢᠨ᠎ᠡ ᠶᠢ ᠡᠭᠦᠳᠬᠦ  ᠦᠢᠯᠡᠳᠦᠯᠭᠡ ᠶᠢᠨ ᠲᠤᠷᠰᠢᠯᠭ᠎ᠠ ᠲᠠᠢ ᠠᠵᠤ ᠠᠬᠤᠶᠢᠯᠠᠯᠲᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠵᠤ ᠲᠤᠰᠢᠶᠠᠯ ᠬᠠᠪᠰᠤᠷᠭᠠᠵᠤ ᠪᠣᠯᠤᠨ᠎ᠠ᠃      ᠲᠦᠷᠪᠡ ᠳᠤ ᠨᠠᠮ ᠵᠠᠰᠠᠭ ᠤᠨ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠶᠢᠨ ᠴᠢᠳᠠᠪᠤᠷᠢᠲᠠᠨ ᠤ ᠰᠢᠯᠵᠢᠯᠲᠡ ᠶᠢᠨ ᠲᠣᠭᠲᠠᠴᠠ ᠶᠢ ᠪᠦᠷᠢᠨᠰᠢᠬᠦᠯᠵᠤ᠂ ᠨᠠᠮ ᠵᠠᠰᠠᠭ ᠤᠨ ᠴᠢᠳᠠᠪᠤᠷᠢᠲᠠᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠴᠢᠳᠠᠪᠤᠷᠢᠲᠠᠨ᠂ ᠲᠤᠰᠬᠠᠶ ᠮᠡᠷᠭᠡᠵᠢᠯ ᠤᠨ ᠴᠢᠳᠠᠪᠤᠷᠢᠲᠠᠨ᠂ ᠳᠡᠭᠡᠳᠦ ᠤᠷ᠎ᠠ ᠮᠡᠷᠭᠡᠵᠢᠯ ᠤᠨ ᠴᠢᠳᠠᠪᠤᠷᠢᠲᠠᠨ ᠵᠡᠷᠭᠡ ᠶᠢ ᠣᠷᠣᠨ ᠪᠦᠰᠡ᠂ ᠪᠠᠶᠢᠭᠤᠯᠤᠯ ᠠᠯᠤᠰᠯᠠᠨ ᠵᠦᠶ ᠵᠣᠬᠢᠰᠲᠠᠶ ᠰᠢᠯᠵᠢᠭᠦᠯᠬᠦ ᠶᠢ ᠲᠡᠮᠵᠢᠨ ᠵᠢᠯᠣᠭᠤᠳᠤᠨ᠎ᠠ᠃ ᠨᠠᠮ ᠵᠠᠰᠠᠭ ᠤᠨ ᠴᠢᠳᠠᠪᠤᠷᠢᠲᠠᠨ ᠠᠵᠤ ᠠᠬᠤᠶᠢᠯᠠᠯ ᠠᠵᠢᠯ ᠦᠶᠯᠡᠰ ᠤᠨ ᠨᠢᠭᠡᠴᠢ ᠳᠤ ᠣᠴᠢᠵᠤ ᠠᠵᠢᠯᠯᠠᠵᠤ᠂ 5 ᠵᠢᠯ ᠤᠨ ᠳᠣᠲᠣᠷ᠎ᠠ ᠠᠩᠬ᠎ᠠ ᠤᠳᠠᠭ᠎ᠠ ᠮᠡᠷᠭᠡᠵᠢᠯ ᠤᠨ ᠴᠣᠯᠠ ᠭᠤᠶᠤᠴᠢᠯᠠᠬᠤ ᠳᠤ᠂ ᠵᠣᠬᠢᠴᠠᠩᠭᠤᠶ ᠮᠡᠷᠭᠡᠵᠢᠯ ᠤᠨ ᠴᠣᠯᠠ ᠶᠢᠨ ᠰᠢᠷᠢᠰ ︵ᠲᠤᠰᠬᠠᠶ ᠮᠡᠷᠭᠡᠵᠢᠯ︶ ᠤᠨ ᠠᠵᠢᠯ ᠤᠨ ᠠᠮᠵᠢᠯᠲᠠ ᠪᠦᠲᠦᠮᠵᠢ ᠶᠢᠨ ᠱᠠᠭᠠᠷᠳᠠᠯᠭ᠎ᠠ ᠳᠤ ᠨᠡᠶᠢᠴᠡᠪᠡᠯ᠂ ᠮᠡᠷᠭᠡᠵᠢᠯ ᠤᠨ ᠴᠣᠯᠠ ᠡᠭᠦᠷᠭᠡᠯᠡᠬᠦ ᠬᠢᠷᠢ ᠬᠡᠮ ᠤᠨ ᠬᠢᠵᠠᠭᠠᠷᠯᠠᠯ ᠢ ᠬᠦᠯᠢᠶᠡᠰᠦᠯᠡᠭᠳᠡᠬᠦ ᠥᠬᠡᠶ ᠪᠠᠷ ᠠᠳᠠᠯᠢ ᠨᠥᠬᠦᠴᠡᠯ ᠲᠠᠢ ᠬᠥᠮᠦᠰ ᠲᠠᠢ ᠴᠤᠭ ᠵᠣᠬᠢᠴᠠᠩᠭᠤᠶ ᠮᠡᠷᠭᠡᠵᠢᠯ  ᠤᠨ ᠴᠣᠯᠠ ᠶᠢᠨ ᠰᠢᠯᠭᠠᠷᠠᠭᠤᠯᠤᠯᠲᠠ ᠳᠤ ᠣᠷᠣᠯᠴᠠᠵᠤ ᠪᠣᠯᠣᠨ᠎ᠠ᠃      ᠲᠠᠪᠤ ᠳᠤ ᠴᠢᠳᠠᠪᠤᠷᠢᠲᠠᠨ ᠤ ᠥᠮᠴᠢᠯᠡᠯ ᠤᠨ ᠲᠦᠷᠢᠮ ᠠᠯᠤᠰᠯᠠᠨ ᠰᠢᠯᠵᠢᠬᠦ ᠵᠠᠮ ᠢ ᠰᠠᠭᠠᠳ ᠥᠬᠡᠶ ᠨᠡᠪᠲᠡᠷᠡᠭᠦᠯᠦᠨ᠂ ᠨᠡᠶᠢᠲᠡ ᠶᠢᠨ ᠥᠮᠴᠢᠯᠡᠯ ᠤᠨ ᠪᠤᠰᠤ ᠬᠦᠷᠢᠶᠡᠨ ᠳᠤ ᠮᠡᠷᠭᠡᠵᠢᠯ ᠤᠨ ᠴᠣᠯᠠ ᠭᠤᠶᠤᠴᠢᠯᠠᠬᠤ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠥᠬᠡᠶ ᠨᠡᠪᠲᠡᠷᠡᠭᠦᠯᠵᠦ᠂ ᠲᠠᠩᠰᠠ ᠡᠪᠬᠡᠮᠡᠯ ᠢ ᠬᠠᠳᠠᠭᠠᠯᠠᠵᠤ ᠪᠠᠶᠢᠭ᠎ᠠ ᠴᠢᠳᠠᠪᠤᠷᠢᠲᠠᠨ ᠤ ᠰᠣᠯᠢᠯᠴᠠᠭᠠᠨ ᠤ ᠦᠶᠯᠡᠴᠢᠯᠡᠭᠡᠨ ᠤ ᠪᠠᠶᠢᠭᠤᠯᠤᠮᠵᠢ ᠪᠤᠶᠤ ᠠᠵᠢᠯᠯᠠᠵᠤ ᠪᠠᠶᠢᠭ᠎ᠠ ᠨᠢᠭᠡᠴᠢ ᠶᠢᠨ ᠪᠠᠶᠢᠭ᠎ᠠ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠢᠶᠠᠷ ᠳᠠᠮᠵᠢᠭᠤᠯᠤᠨ ᠮᠡᠷᠭᠡᠵᠢᠯ ᠤᠨ ᠴᠤᠯᠠ ᠬᠢᠨᠠᠨ ᠲᠣᠭᠲᠠᠭᠠᠯᠭᠠᠵᠤ ᠪᠣᠯᠤᠨ᠎ᠠ᠃ ᠠᠩᠬ᠎ᠠ᠂ ᠳᠤᠮᠳᠠ᠂ ᠳᠡᠭᠡᠳᠦ ᠵᠡᠷᠭᠡ ᠳᠤ ᠱᠠᠲᠤ ᠳᠠᠷᠠᠭᠠᠯᠠᠨ ᠭᠤᠶᠤᠴᠢᠯᠠᠨ ᠮᠡᠳᠡᠭᠦᠯᠬᠦ ᠠᠷᠭ᠎ᠠ ᠶᠢ ᠡᠪᠳᠡᠵᠦ᠂ ᠵᠣᠬᠢᠴᠠᠩᠭᠤᠢ ᠮᠡᠷᠭᠡᠵᠢᠯ ᠤᠨ ᠴᠣᠯᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠦᠷ᠎ᠡ ᠪᠦᠲᠦᠭᠡᠯ ᠤᠨ ᠨᠥᠬᠦᠴᠡᠯ ᠳᠤ ᠨᠡᠶᠢᠴᠡᠭᠰᠡᠨ᠂ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠥᠭᠡᠳ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 5 ᠵᠢᠯ ᠪᠣᠯᠤᠭᠰᠠᠨ ᠪᠤᠶᠤ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯ ᠤᠨ ᠠᠩᠭᠢ ᠠᠴᠠ ᠲᠡᠭᠦᠰᠦᠭᠰᠡᠨ ᠪᠥᠭᠡᠳ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 8 ᠵᠢᠯ ᠪᠣᠯᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠳ ᠳᠤᠮᠳᠠ ᠵᠡᠷᠭᠡ ᠶᠢᠨ ᠮᠡᠷᠭᠡᠵᠢᠯ ᠤᠨ ᠴᠣᠯᠠ ᠳᠤ ᠰᠢᠭᠤᠳ ᠮᠡᠳᠡᠭᠦᠯᠵᠦ ᠪᠣᠯᠤᠨ᠎ᠠ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠲᠡᠭᠦᠰᠦᠭᠰᠡᠨ ᠪᠦᠭᠡᠳ ᠲᠤᠰᠬᠠᠶ ᠮᠡᠷᠭᠡᠵᠢᠯ ᠤᠨ ᠠᠵᠢᠯ ᠬᠢᠭᠡᠳ ᠪᠦᠬᠦᠯᠢ 12 ᠵᠢᠯ ᠪᠣᠯᠤᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠳ ᠳᠡᠭᠡᠳᠦ ᠵᠡᠷᠭᠡ ᠶᠢᠨ ᠮᠡᠷᠭᠡᠵᠢᠯ ᠤᠨ ᠴᠤᠯᠠ ᠶᠢ ᠰᠢᠭᠤᠳ ᠭᠤᠶᠤᠴᠢᠯᠠᠵᠤ ᠪᠣᠯᠤᠨ᠎ᠠ᠃      ᠵᠢᠷᠭᠤᠭ᠎ᠠ ᠳᠤ ᠴᠢᠳᠠᠪᠤᠷᠢᠲᠠᠨ ᠤ ᠤᠶᠠᠨ ᠬᠠᠳᠠᠨ ᠰᠢᠯᠵᠢᠯᠲᠡ ᠶᠢ ᠠᠬᠢᠭᠤᠯᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠣᠯᠤᠨ ᠠᠵᠤ ᠠᠬᠤᠶᠢᠯᠠᠯ ᠤᠨ ᠴᠢᠳᠠᠪᠤᠷᠢᠲᠠᠨ ᠤ ᠥᠷᠲᠡᠭᠡ ᠪᠠᠶᠢᠭᠤᠯᠬᠤ ᠳᠤ ᠨᠢ ᠳᠡᠮᠵᠢᠯᠭᠡ ᠦᠵᠡᠭᠦᠯᠵᠦ᠂ ᠣᠷᠣᠨ ᠤ ᠭᠠᠳᠠᠨᠠᠬᠢ ᠴᠢᠳᠠᠪᠤᠷᠢᠲᠠᠨ ᠤ ᠠᠵᠢᠯᠲᠠᠨ ᠤ ᠶᠠᠪᠤᠳᠠᠯ ᠤᠨ ᠬᠠᠷᠢᠴᠠᠭ᠎ᠠ ᠶᠢ ᠨᠢ ᠬᠤᠪᠢᠷᠠᠭᠤᠯᠬᠤ ᠥᠬᠡᠶ ᠤᠷᠢᠲᠠᠯ ᠳᠣᠤᠷ᠎ᠠ᠂ ᠫᠷᠤᠹᠧᠰᠰᠤᠷ᠂ ᠰᠤᠳᠤᠯᠤᠭᠴᠢ᠂ ᠲᠤᠰᠬᠠᠶ ᠮᠡᠷᠭᠡᠵᠢᠯᠲᠡᠨ ᠢ ᠣᠨᠴᠠ ᠤᠷᠢᠬᠤ ᠲᠦᠷᠢᠮ ᠢ ᠬᠡᠷᠡᠭᠵᠢᠭᠦᠯᠵᠦ᠂ ᠲᠥᠯᠥᠪᠵᠢᠭᠦᠯᠭᠡ ᠶᠢᠨ ᠵᠥᠪᠯᠡᠯᠭᠡ ᠬᠢᠬᠦ᠂ ᠲᠥᠷᠥᠯ ᠵᠦᠶᠯ ᠤᠨ ᠬᠠᠮᠲᠤᠷᠠᠯᠴᠠᠭ᠎ᠠ ᠬᠢᠬᠦ᠂ ᠦᠷ᠎ᠡ ᠪᠦᠲᠦᠭᠡᠯ ᠢ ᠤᠯᠠᠷᠢᠭᠤᠯᠬᠤ᠂ ᠬᠠᠮᠲᠤᠷᠠᠨ ᠰᠤᠳᠤᠯᠤᠨ ᠨᠡᠭᠡᠭᠡᠬᠦ᠂ ᠮᠡᠷᠭᠡᠵᠢᠯ ᠣᠷᠣᠭᠤᠯᠤᠨ ᠠᠪᠴᠢᠷᠠᠬᠤ᠂ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠳᠡᠭᠡᠳᠦ ᠲᠠᠰ ᠤᠨ ᠴᠢᠳᠠᠪᠤᠷᠢᠲᠠᠨ ᠵᠢᠴᠢ ᠪᠦᠯᠬᠦᠮ ᠢ ᠤᠶᠠᠨ ᠬᠠᠳᠠᠨ ᠢᠶᠠᠷ ᠣᠷᠣᠭᠤᠯᠤᠨ ᠠᠪᠴᠢᠷᠠᠵᠤ᠂ ᠬᠥᠮᠦᠨ ᠬᠡᠷᠡᠭᠯᠡᠬᠦ ᠨᠢᠭᠡᠴᠢ ᠶᠢ ᠬᠠᠪᠰᠤᠷᠤᠨ ᠲᠥᠷᠥᠯ ᠵᠦᠶᠯ ᠰᠤᠳᠤᠯᠤᠨ ᠨᠡᠭᠡᠭᠡᠬᠦ ᠪᠠ ᠮᠡᠷᠭᠡᠵᠢᠯ ᠤᠨ ᠪᠣᠭᠤᠮᠲᠠ ᠰᠢᠪᠲᠤᠯᠬᠤ  ᠶᠢ ᠥᠷᠨᠢᠭᠦᠯᠦᠨ᠎ᠡ᠃      ᠳᠣᠯᠤᠭ᠎ᠠ ᠳᠤ ᠣᠷᠣᠨ ᠪᠦᠰᠡ ᠶᠢᠨ ᠴᠢᠳᠠᠪᠤᠷᠢᠲᠠᠨ ᠤ ᠰᠣᠯᠢᠯᠴᠠᠭ᠎ᠠ ᠶᠢᠨ ᠨᠡᠭᠡᠭᠡᠯᠲᠡ ᠬᠢᠬᠦ ᠬᠠᠮᠲᠤᠷᠠᠯᠴᠠᠭ᠎ᠠ  ᠶᠢ ᠭᠦᠨᠵᠡᠭᠡᠶᠢᠷᠡᠭᠦᠯᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ ᠤ ᠳᠡᠭᠡᠳᠦ ᠲᠠᠰ ᠤᠨ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢᠨ ᠲᠣᠭᠲᠠᠴᠠ ᠶᠢ ᠥᠷᠭᠡᠳᠬᠡᠨ᠂ ᠲᠣᠮᠢᠯᠠᠭᠰᠠᠨ ᠨᠢᠭᠡᠴᠢ ᠪᠠ ᠭᠠᠵᠠᠷ ᠣᠷᠣᠨ ᠤ ᠬᠤᠭᠤᠷᠣᠨᠳᠤᠬᠢ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠢ ᠠᠵᠢᠯ ᠲᠥᠷᠥᠯ ᠤᠨ ᠰᠢᠰᠲ᠋ᠧᠮ ᠢᠶᠠᠷ ᠨᠢ ᠬᠥᠮᠦᠵᠢᠭᠦᠯᠦᠨ ᠪᠣᠯᠪᠠᠰᠤᠷᠠᠭᠤᠯᠬᠤ ᠲᠣᠭᠲᠠᠴᠠ ᠶᠢ ᠪᠦᠷᠢᠨᠰᠢᠬᠦᠯᠵᠦ᠂ ᠪᠡᠭᠡᠵᠢᠩ ᠤᠨ ᠭᠠᠳᠠᠭᠠᠳᠤ ᠳᠤ ᠰᠤᠷᠤᠯᠴᠠᠭᠰᠠᠳ ᠤᠨ ᠲᠥᠪ ᠤᠨ ᠥᠪᠥᠷ ᠮᠣᠩᠭᠤᠯ ᠤᠨ ᠬᠤᠪᠢᠶᠠᠷᠢ ᠲᠥᠪ ᠤᠨ ᠪᠦᠲᠦᠮᠵᠢᠲᠡᠶ ᠠᠵᠢᠯᠯᠠᠭ᠎ᠠ ᠶᠢ ᠠᠬᠢᠭᠤᠯᠵᠤ᠂ ᠬᠥᠬᠡᠬᠤᠲᠠ ᠪᠤᠭᠤᠲᠤ ᠣᠷᠳᠣᠰ ᠦᠬᠠᠢ ᠶᠢᠨ ᠪᠡᠭᠡᠵᠢᠩ ᠤᠨ ᠴᠢᠳᠠᠪᠤᠷᠢᠲᠠᠨ ᠤ ᠡᠬᠢ ᠪᠠᠶᠠᠯᠢᠭ ᠢ ᠵᠠᠯᠭᠠᠨ ᠠᠪᠬᠤ ᠡᠷᠴᠢᠮ ᠢ ᠴᠢᠩᠭᠠᠷᠠᠭᠤᠯᠤᠨ᠂ ᠪᠡᠭᠡᠵᠢᠩ ᠥᠪᠥᠷ ᠮᠣᠩᠭᠤᠯ ᠤᠨ ᠴᠢᠳᠠᠪᠤᠷᠢᠲᠠᠨ ᠤ ᠨᠡᠶᠢᠭᠡᠮ ᠲᠣᠭᠤᠷᠢᠭ ᠢ ᠬᠠᠮᠲᠤ ᠪᠠᠷ ᠪᠠᠶᠢᠭᠤᠯᠤᠨ᠎ᠠ᠃      ᠨᠠᠶᠮᠠ ᠳᠤ ᠨᠠᠩ ᠴᠢᠯᠦᠭᠡᠲᠡᠢ ᠣᠯᠠᠨ ᠤᠯᠤᠰ ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ  ᠶᠢᠨ ᠲᠣᠭᠲᠠᠴᠠ ᠶᠢ ᠪᠠᠶᠢᠭᠤᠯᠵᠤ᠂ ᠭᠠᠳᠠᠭᠠᠳᠤ ᠳᠤ ᠰᠤᠷᠤᠯᠴᠠᠭᠰᠠᠳ ᠮᠠᠨ ᠤ ᠣᠷᠣᠨ ᠳᠤ ᠪᠤᠴᠠᠵᠤ ᠰᠢᠨ᠎ᠡ ᠶᠢ ᠡᠭᠦᠳᠦᠨ ᠠᠳᠠᠯ ᠦᠶᠯᠡᠰ ᠴᠣᠭᠴᠠᠯᠠᠬᠤ ᠶᠢ ᠨᠢ ᠵᠣᠷᠢᠭᠵᠢᠭᠤᠯᠤᠨ ᠳᠡᠮᠵᠢᠵᠦ᠂ ᠨᠥᠬᠦᠴᠡᠯ ᠳᠤ ᠨᠡᠶᠢᠴᠡᠪᠡᠯ ᠲᠣᠭᠲᠠᠭᠠᠯ ᠶᠣᠰᠣᠭᠠᠷ ᠠᠵᠢᠯ ᠣᠯᠭᠤᠵᠤ ᠠᠳᠠᠯ ᠦᠶᠯᠡᠰ ᠴᠣᠭᠴᠠᠯᠠᠬᠤ ᠶᠢ ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠬᠦᠷᠲᠡᠭᠡᠵᠦ ᠪᠣᠯᠤᠨ᠎ᠠ᠃ ᠬᠥᠬᠡᠬᠤᠲᠠ ᠪᠤᠭᠤᠲᠤ ᠣᠷᠳᠣᠰ ᠤᠨ ᠭᠠᠳᠠᠭᠠᠳᠤ ᠳᠤ ᠰᠤᠷᠤᠯᠴᠠᠭᠰᠠᠳ ᠤᠨ ᠠᠳᠠᠯ ᠦᠶᠯᠡᠰ ᠴᠣᠭᠴᠠᠯᠠᠬᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠣᠯᠠᠨ ᠤᠯᠤᠰ  ᠤᠨ ᠴᠢᠳᠠᠪᠤᠷᠢᠲᠠᠨ ᠤ ᠰᠣᠯᠢᠯᠴᠠᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠡᠯ᠎ᠡ ᠲᠥᠷᠥᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠳ ᠣᠯᠠᠨ ᠤᠯᠤᠰ ᠤᠨ ᠴᠢᠨᠠᠷᠲᠠᠶ ᠴᠢᠳᠠᠪᠤᠷᠢᠲᠠᠨ ᠤ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠬᠤ ᠶᠢ ᠨᠢ ᠵᠣᠷᠢᠭᠵᠢᠭᠤᠯᠵᠤ᠂ ᠲᠤᠰᠬᠠᠶ ᠮᠡᠷᠭᠡᠵᠢᠯ ᠤᠨ ᠰᠢᠯᠢᠳᠡᠭ ᠴᠢᠳᠠᠪᠤᠷᠢᠲᠠᠨ᠂ ᠳᠡᠭᠡᠳᠦ ᠤᠷ᠎ᠠ ᠮᠡᠷᠭᠡᠵᠢᠯ ᠤᠨ ᠳᠠᠭᠠᠭᠤᠯᠤᠭᠴᠢ ᠴᠢᠳᠠᠪᠤᠷᠢᠲᠠᠨ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ  ᠶᠢᠨ ᠴᠢᠳᠠᠪᠤᠷᠢᠲᠠᠨ ᠢ ᠭᠠᠳᠠᠭᠠᠳᠤ ︵ᠬᠢᠯᠢ︶ ᠳᠤ ᠲᠤᠮᠢᠯᠠᠨ ᠪᠣᠯᠪᠠᠰᠤᠷᠠᠭᠤᠯᠤᠯ ᠬᠦᠷᠲᠡᠭᠡᠵᠦ᠂ ᠣᠯᠠᠨ ᠤᠯᠤᠰ ᠤᠨ ᠰᠣᠯᠢᠯᠴᠠᠭ᠎ᠠ ᠬᠠᠮᠲᠤᠷᠠᠯᠴᠠᠭᠠᠨ ᠤ ᠠᠵᠢᠯᠯᠠᠭ᠎ᠠ ᠥᠷᠨᠢᠭᠦᠯᠦᠨ᠎ᠡ᠃      ᠶᠢᠰᠦ ᠳᠤ ᠴᠢᠳᠠᠪᠤᠷᠢᠲᠠᠨ ᠢ ᠵᠢᠯᠣᠭᠤᠳᠤᠨ ᠵᠣᠷᠢᠭᠵᠢᠭᠤᠯᠵᠤ ᠪᠠᠶᠢᠭᠠᠳ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠪᠠ ᠦᠨᠳᠦᠰᠦᠨ ᠱᠠᠲᠤᠨ ᠤ ᠨᠢᠭᠡᠳᠦᠭᠡᠷ ᠹᠷᠣᠨᠲ ᠲᠡᠰᠢ ᠰᠢᠯᠵᠢᠭᠦᠯᠵᠦ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ ᠤ ᠦᠨᠳᠦᠰᠦᠨ ᠱᠠᠲᠤᠨ ᠤ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠡᠯᠰᠡᠨ ᠤᠷᠢᠬᠤ ᠪᠠᠷᠢᠮᠵᠢᠶ᠎ᠠ ᠶᠢ ᠪᠠᠭᠤᠷᠠᠭᠤᠯᠵᠤ᠂ ᠬᠠᠲᠠᠭᠤ ᠪᠡᠷᠬᠡᠰᠢᠶᠡᠯᠲᠡᠢ ᠬᠢᠯᠢ ᠬᠢᠵᠠᠭᠠᠷ ᠣᠷᠣᠨ᠂ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠤᠨ ᠭᠤᠣᠯᠳᠠᠯᠭ᠎ᠠ ᠲᠠᠢ ᠬᠤᠰᠢᠭᠤ ᠰᠢᠶᠠᠨ ᠤ ᠰᠢᠶᠠᠨ ᠠᠴᠠ ᠳᠣᠷᠣᠭᠰᠢᠬᠢ ᠠᠵᠢᠯ ᠦᠢᠯᠡᠰ ᠤᠨ ᠨᠢᠭᠡᠴᠢ ᠶᠢᠨ ᠵᠢᠩᠬᠢᠨᠢ ᠠᠵᠢᠯᠲᠠᠨ ᠢᠶᠠᠷ ᠰᠢᠨ᠎ᠡ ᠪᠠᠷ ᠤᠷᠢᠭᠳᠠᠭᠰᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠢᠩᠬᠢᠨᠢᠴᠢᠯᠡᠬᠦ ᠪᠠ ᠳᠡᠰ ᠲᠣᠭᠲᠠᠭᠠᠬᠤ ᠶᠢ ᠤᠷᠢᠳᠴᠢᠯᠠᠵᠤ ᠪᠣᠯᠤᠨ᠎ᠠ᠃      ᠠᠷᠪᠠ ᠳᠤ ᠴᠢᠳᠠᠪᠤᠷᠢᠲᠠᠨ ᠤ ᠰᠢᠯᠵᠢᠯᠲᠡ ᠶᠢᠨ ᠲᠦᠷᠢᠮ ᠤᠨ ᠪᠠᠲᠤᠯᠠᠭ᠎ᠠ ᠶᠢ ᠴᠢᠩᠭᠠᠳᠬᠠᠵᠤ᠂ ᠴᠢᠳᠠᠪᠤᠷᠢᠲᠠᠨ ᠤ ᠰᠢᠯᠵᠢᠯᠲᠡ ᠶᠢ ᠠᠬᠢᠭᠤᠯᠬᠤ ᠲᠦᠷᠢᠮ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠴᠢᠳᠠᠪᠤᠷᠢᠲᠠᠨ ᠤ ᠰᠢᠯᠵᠢᠯᠲᠡ ᠶᠢᠨ ᠦᠶᠯᠡᠴᠢᠯᠡᠬᠦ ᠬᠤᠭᠤᠴᠠᠭ᠎ᠠ᠂ ᠠᠵᠢᠯ ᠲᠦᠷᠤᠯ ᠤᠨ ᠥᠷᠢᠰᠥᠯᠳᠦᠭᠡᠨ ᠤ ᠬᠢᠵᠠᠭᠠᠷᠯᠠᠯ᠂ ᠨᠢᠭᠤᠴᠠ ᠶᠢ ᠬᠠᠮᠠᠭᠠᠯᠠᠬᠤ ᠵᠡᠷᠭᠡ ᠲᠠᠯ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠴᠢᠳᠠᠪᠤᠷᠢᠲᠠᠨ  ᠤ ᠡᠮᠬᠢ ᠵᠢᠷᠤᠮ ᠦᠭᠡᠢ ᠰᠢᠯᠵᠢᠬᠦ ᠶᠢ ᠬᠤᠷᠢᠭᠯᠠᠨ᠎ᠠ᠃ ᠴᠢᠳᠠᠪᠤᠷᠢᠲᠠᠨ ᠤ ᠰᠢᠯᠵᠢᠯᠲᠡ ᠶᠢᠨ ᠠᠵᠢᠯ ᠤᠨ ᠳᠦᠷᠢᠮ ᠢ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠰᠣᠶᠣᠯ ᠵᠡᠷᠭᠡ ᠳᠦᠷᠢᠮ ᠯᠦᠭᠡ ᠵᠣᠯᠭᠠᠭᠤᠯᠬᠤ ᠶᠢ ᠴᠢᠩᠭᠠᠳᠬᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ  ᠤᠨ ᠦᠷ᠎ᠡ ᠪᠦᠲᠦᠭᠡᠯ ᠤᠨ  ᠤᠯᠠᠷᠢᠭᠤᠯᠤᠯᠲᠠ ᠶᠢᠨ ᠠᠰᠢᠭ ᠣᠷᠣᠯᠭ᠎ᠠ ᠶᠢᠨ ᠬᠤᠪᠢᠶᠠᠷᠢᠯᠠᠯᠲᠠ ᠵᠡᠷᠭᠡ ᠶᠢ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ ᠤᠷᠢᠵᠤ ᠢᠷᠡᠭᠰᠡᠨ ᠴᠢᠳᠠᠪᠤᠷᠢᠲᠠᠨ ᠤ ᠤᠤᠯ ᠤᠨ ᠪᠠᠶᠢᠭ᠎ᠠ ᠭᠠᠵᠠᠷ ᠣᠷᠣᠨ ᠳᠤ ᠪᠠᠨ ᠬᠠᠮᠠᠭᠠᠯᠠᠭᠰᠠᠨ ᠲᠤᠰᠬᠠᠶ ᠮᠡᠷᠭᠡᠵᠢᠯᠲᠡᠨ ᠤ ᠴᠣᠯᠠ᠂ ᠲᠤᠰᠬᠠᠶ ᠮᠡᠷᠭᠡᠵᠢᠯ ᠤᠨ ᠴᠣᠯᠠ᠂ ᠡᠷᠬᠢᠯᠡᠭᠰᠡᠨ ᠠᠵᠢᠯ ᠤᠨ ᠬᠢᠷᠢ ᠬᠡᠮ᠂ ᠤᠷ᠎ᠠ ᠮᠡᠷᠭᠡᠵᠢᠯ ᠤᠨ ᠴᠢᠳᠠᠪᠤᠷᠢ ᠶᠢᠨ ᠵᠡᠷᠭᠡ ᠳᠡᠰ ᠢ ᠵᠣᠬᠢᠴᠠᠩᠭᠤᠶ ᠪᠠᠷ ᠮᠡᠳᠡᠷᠡᠨ᠎ᠡ᠃      ᠠᠷᠪᠠᠨ ᠨᠢᠭᠡ ᠳᠤ ᠭᠤᠤᠯᠳᠠᠯᠭ᠎ᠠ ᠲᠠᠢ ᠬᠦᠷᠢᠶᠡᠨ ᠤ ᠴᠢᠳᠠᠪᠤᠷᠢᠲᠠᠨ ᠤ ᠰᠢᠯᠵᠢᠯᠲᠡ ᠶᠢᠨ ᠡᠮᠬᠢ ᠳᠢᠭᠯᠢᠮ ᠢ ᠬᠠᠮᠠᠭᠠᠯᠠᠵᠤ᠂ ᠤᠯᠤᠰ ᠤᠨ ᠭᠤᠤᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠰᠢᠯᠵᠢᠯᠲᠡ ᠶᠢᠨ ᠬᠠᠮᠢᠶᠠᠷᠤᠯᠲᠠ  ᠶᠢᠨ ᠠᠷᠭ᠎ᠠ ᠶᠢ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶᠡᠨ ᠳᠠᠬᠢ ᠴᠢᠳᠠᠪᠤᠷᠢᠲᠠᠨ ᠤ ᠰᠢᠯᠵᠢᠯᠲᠡ ᠶᠢ ᠬᠠᠤᠯᠢ ᠶᠣᠰᠣᠭᠠᠷ ᠵᠢᠷᠤᠮᠵᠢᠭᠤᠯᠤᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠬᠦᠷᠢᠶᠡᠨ  ᠳᠠᠬᠢ ᠴᠢᠳᠠᠪᠤᠷᠢᠲᠠᠨ ᠢ ᠤᠷᠮᠠᠰᠢᠭᠤᠯᠬᠤ ᠪᠠ ᠱᠠᠩᠨᠠᠬᠤ ᠳᠦᠷᠢᠮ ᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠪᠡᠯ ᠰᠲ᠋ᠣᠺ ᠤᠨ ᠡᠷᠬᠡ᠂ ᠬᠤᠭᠤᠴᠠᠭᠠᠲᠤ ᠡᠷᠬᠡ᠂ ᠠᠰᠢᠭ ᠬᠤᠪᠢᠶᠠᠷᠢᠯᠠᠯᠲᠠ ᠶᠢᠨ ᠤᠷᠮᠠᠰᠢᠭᠤᠯᠤᠯ ᠵᠡᠷᠭᠡ ᠳᠤᠮᠳᠠ ᠪᠠ ᠤᠷᠲᠤ ᠬᠤᠭᠤᠴᠠᠭᠠᠨ ᠤ ᠤᠷᠮᠠᠰᠢᠭᠤᠯᠬᠤ ᠳᠦᠷᠢᠮ ᠢ ᠬᠡᠷᠡᠭᠵᠢᠭᠦᠯᠦᠨ᠎ᠡ᠃ ᠲᠥᠷᠥ ᠶᠢᠨ ᠪᠣᠳᠣᠯᠭ᠎ᠠ  ᠶᠢᠨ ᠬᠡᠯᠪᠡᠶᠢᠯᠲᠡ ᠠᠴᠠ ᠪᠣᠯᠵᠣ ᠴᠢᠳᠠᠪᠤᠷᠢᠲᠠᠨ ᠤ ᠲᠥᠯᠥᠪᠯᠡᠭᠡ ᠶᠢᠨ ᠳᠡᠮᠵᠢᠯᠭᠡ ᠶᠢ ᠣᠯᠣᠭᠰᠠᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠲᠠᠨ᠂ ᠳᠡᠮᠵᠢᠬᠦ ᠦᠶᠡᠯᠡᠯ ᠤᠨ ᠬᠤᠭᠤᠴᠠᠭᠠᠨ ᠳᠤ ᠬᠠᠮᠢᠶ᠎ᠠ ᠪᠦᠬᠦᠢ ᠠᠵᠢᠯ ᠤᠨ ᠪᠠᠶᠢᠷᠢ ᠠᠴᠠ ᠰᠠᠯᠪᠠᠯ᠂ ᠲᠡᠭᠦᠨ ᠳᠤ ᠦᠵᠡᠭᠦᠯᠬᠦ ᠵᠣᠬᠢᠴᠠᠩᠭᠤᠶ ᠳᠡᠮᠵᠢᠯᠭᠡ ᠪᠠᠨ ᠬᠦᠴᠦᠨ ᠥᠬᠡᠶ ᠪᠣᠯᠭᠠᠨ᠎ᠠ᠃      ᠠᠷᠪᠠᠨ ᠬᠤᠶᠠᠷ ᠲᠤ ᠴᠢᠳᠠᠪᠤᠷᠢᠲᠠᠨ ᠳᠤ ᠦᠵᠡᠭᠦᠯᠬᠦ ᠣᠯᠠᠨ ᠨᠡᠶᠢᠲᠡ ᠶᠢᠨ ᠬᠦᠳᠡᠯᠦᠩᠭᠦᠢ ᠦᠶᠯᠡᠴᠢᠯᠡᠭᠡ ᠶᠢ ᠳᠦᠭᠦᠮᠴᠢᠯᠡᠬᠦ ᠶᠢ ᠠᠬᠢᠭᠤᠯᠵᠤ᠂ ᠵᠠᠰᠠᠭ ᠤᠨ ᠣᠷᠳᠣᠨ ᠤ ᠴᠢᠳᠠᠪᠤᠷᠢᠲᠠᠨ ᠤ ᠬᠠᠮᠢᠶᠠᠷᠤᠯᠲᠠ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠴᠢᠳᠠᠪᠤᠷᠢᠲᠠᠨ ᠳᠤ ᠦᠵᠡᠭᠦᠯᠬᠦ ᠣᠯᠠᠨ ᠨᠡᠶᠢᠲᠡ ᠶᠢᠨ ᠬᠦᠳᠡᠯᠦᠩᠭᠦᠢ ᠦᠢᠯᠡᠴᠢᠯᠡᠭᠡ ᠶᠢ ︽ᠳᠠᠷᠤᠶᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ᠂ ᠣᠶᠢᠷ᠎ᠠ ᠬᠠᠪᠢ ᠳᠤᠨᠢ ᠭᠦᠶᠴᠡᠳᠬᠡᠬᠦ᠂ ᠨᠢᠭᠡ ᠯᠡ ᠤᠳᠠᠭ᠎ᠠ ᠳᠤ ᠭᠦᠶᠴᠡᠳᠬᠡᠬᠦ︾ ᠶᠢ ᠶᠡᠬᠡᠪᠡᠷ ᠳᠡᠯᠭᠡᠷᠡᠭᠦᠯᠦᠨ᠎ᠡ᠃ ᠴᠢᠳᠠᠪᠤᠷᠢᠲᠠᠨ ᠤ ᠠᠳᠠᠯᠢ ᠪᠤᠰᠤ ᠭᠠᠵᠠᠷ ᠣᠷᠣᠨ᠂ ᠥᠮᠴᠢᠯᠡᠯ ᠪᠠ ᠠᠵᠢᠯ ᠲᠥᠷᠥᠯ ᠤᠨ ᠡᠷᠭᠢᠯᠳᠦᠭᠦᠯᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠷᠭ᠎ᠠ  ᠶᠢ ᠲᠡᠭᠦᠯᠳᠡᠷᠵᠢᠭᠦᠯᠬᠦ ᠶᠢᠨ ᠬᠠᠮᠲᠤ ᠨᠠᠶᠢᠳᠠᠪᠤᠷᠢᠵᠢᠭᠤᠯᠵᠤ᠂ ᠡᠮᠴᠢᠯᠡᠭᠡᠨ ᠤ ᠳᠠᠭᠠᠳᠬᠠᠯ ᠤᠨ ᠣᠷᠣᠨ ᠪᠦᠰᠡ ᠠᠯᠤᠰᠯᠠᠨ ᠣᠨᠳᠣᠤ ᠭᠠᠵᠠᠷ ᠲᠤ ᠲᠡᠰᠦᠯᠦᠨ ᠪᠤᠳᠤᠬᠤ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠎ᠡ᠃ ᠴᠢᠳᠠᠪᠤᠷᠢᠲᠠᠨ ᠳᠤ ᠦᠵᠡᠭᠦᠯᠬᠦ ᠣᠯᠠᠨ ᠨᠡᠶᠢᠲᠡ ᠶᠢᠨ ᠬᠦᠳᠡᠯᠦᠩᠭᠦᠢ ᠦᠶᠯᠡᠴᠢᠯᠡᠭᠡᠨ ᠤ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠢᠨᠲ᠋ᠧᠷ ᠰᠦᠯᠵᠢᠶ᠎ᠡ + ᠴᠢᠳᠠᠪᠤᠷᠢᠲᠠᠨ ᠤ ᠦᠶᠯᠡᠴᠢᠯᠡᠭᠡ︾ ᠶᠢᠨ ᠭᠦᠨᠵᠡᠭᠡᠶ ᠠᠭᠤᠰᠤᠯᠴᠠᠯ ᠢ ᠠᠬᠢᠭᠤᠯᠤᠨ᠎ᠠ᠃      ᠠᠷᠪᠠᠨ ᠭᠤᠷᠪᠠ ᠳᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠦᠶᠯᠡᠰ ᠢ ᠲᠦᠷᠭᠡᠳᠬᠡᠨ ᠬᠥᠭᠵᠢᠭᠦᠯᠵᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠦᠶᠯᠡᠰ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠳᠠᠭᠠᠭᠤᠯᠤᠭᠴᠢ ᠴᠢᠳᠠᠪᠤᠷᠢᠲᠠᠨ ᠢ ᠬᠥᠮᠦᠵᠢᠭᠦᠯᠬᠦ ᠲᠥᠯᠥᠪᠯᠡᠭᠡ᠂ ᠠᠵᠤ ᠦᠶᠯᠡᠰ ᠤᠨ ᠬᠦᠷᠢᠶᠡᠯᠡᠩ ᠲᠣᠭᠤᠷᠢᠭ ᠢ ᠪᠦᠲᠦᠭᠡᠨ ᠪᠠᠶᠢᠭᠤᠯᠬᠤ ᠲᠥᠯᠥᠪᠯᠡᠭᠡ ᠪᠣᠯᠤᠨ ︽ᠢᠨᠲ᠋ᠧᠷ ᠰᠦᠯᠵᠢᠶ᠎ᠡ +︾ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠠᠵᠢᠯᠯᠠᠭ᠎ᠠ᠂ ︽ᠨᠢᠭᠡ ᠪᠦᠰᠡ ᠨᠢᠭᠡ ᠵᠠᠮ︾ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠶᠯᠡᠴᠢᠯᠡᠭᠡᠨ ᠤ ᠠᠵᠢᠯᠯᠠᠭ᠎ᠠ ᠶᠢ ᠭᠤᠤᠯᠳᠠᠯᠭ᠎ᠠ ᠲᠠᠢ ᠬᠡᠷᠡᠭᠵᠢᠭᠦᠯᠦᠨ᠎ᠡ᠃      ᠠᠷᠪᠠᠨ ᠳᠥᠷᠪᠡ ᠳᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠠᠵᠢᠯ ᠤᠨ ᠵᠣᠬᠢᠴᠠᠭᠤᠯᠬᠤ ᠳᠤᠭᠤᠶᠢᠯᠠᠩ ᠤᠨ ᠤᠳᠤᠷᠢᠳᠤᠯᠭ᠎ᠠ ᠳᠣᠣᠷ᠎ᠠ᠂ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ  ᠶᠢᠨ ᠲᠢᠩᠬᠢᠮ ᠴᠢᠳᠠᠪᠤᠷᠢᠲᠠᠨ ᠤ ᠰᠢᠯᠵᠢᠯᠲᠡ ᠶᠢ ᠵᠣᠬᠢᠴᠠᠭᠤᠯᠤᠨ ᠠᠬᠢᠭᠤᠯᠬᠤ ᠡᠯ᠎ᠡ ᠵᠦᠢᠯ ᠤᠨ ᠠᠵᠢᠯ ᠢ ᠬᠠᠷᠢᠭᠤᠴᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠦᠨᠡᠨ ᠬᠦ ᠪᠤᠢ ᠪᠣᠯᠭᠠᠨ᠎ᠠ᠃  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ