ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠡᠳᠡᠭᠳᠡᠯ ᠪᠠᠭᠤᠯᠭᠠᠵᠤ ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠬᠦ ᠴᠠᠭ ᠢ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/2/28
     ᠲᠥᠪ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠦᠭᠡᠳ᠂ ᠮᠠᠨ ᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠬᠦ ᠶᠢ ᠬᠤᠶᠢᠰᠢᠯᠠᠭᠤᠯᠪᠠ᠃      ᠪᠥᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 2020 ᠣᠨ ᠤ ᠬᠠᠪᠤᠷ ᠤᠨ  ᠤᠯᠠᠷᠢᠯ ᠤᠨ ᠰᠤᠷᠤᠯᠭ᠎ᠠ ᠡᠬᠢᠯᠡᠬᠦ ᠴᠠᠭ ᠨᠢ 3 ᠳ᠋ᠤᠭᠠᠷ ᠰᠠᠷ᠎ᠠ ᠶᠢᠨ 15᠎ ᠤ ᠡᠳᠦᠷ ᠠᠴᠠ ᠤᠷᠢᠲᠠᠵᠤ ᠪᠣᠯᠬᠤ ᠦᠭᠡᠢ᠂ ᠪᠣᠳᠠᠲᠠᠶ ᠰᠤᠷᠤᠯᠭ᠎ᠠ ᠡᠬᠢᠯᠡᠬᠦ ᠡᠳᠦᠷ ᠬᠤᠭᠤᠴᠠᠭ᠎ᠠ ᠶᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠦᠵᠡᠵᠦ ᠪᠠᠶᠢᠭᠠᠳ ᠨᠢᠭᠡ ᠭᠠᠷᠠᠭ ᠤᠨ ᠡᠮᠦᠨ᠎ᠡ ᠮᠡᠳᠡᠭᠳᠡᠨ᠎ᠡ᠃      ᠰᠤᠷᠭᠠᠨ ᠬᠥᠮᠦᠵᠢᠯ ᠤᠨ ᠶᠠᠮᠤᠨ ᠤ ᠱᠠᠭᠠᠷᠳᠠᠯᠭ᠎ᠠ ᠶᠣᠰᠣᠭᠠᠷ᠂ ᠵᠠᠷᠴᠢᠮ ᠳᠡᠭᠡᠷ᠎ᠡ ᠪᠠᠨ ᠬᠢᠵᠢᠭ ᠤᠨ ᠪᠠᠶᠢᠳᠠᠯ ᠎ ᠢ ᠪᠦᠲᠦᠮᠵᠢᠲᠡᠶ ᠬᠢᠵᠠᠭᠠᠷᠯᠠᠬᠤ ᠠᠴᠠ ᠡᠮᠦᠨ᠎ᠡ᠂ ᠤᠶᠤᠲᠠᠳ ᠰᠤᠷᠭᠠᠭᠤᠯᠢ ᠳᠤ ᠪᠠᠨ ᠪᠤᠴᠠᠵᠤ ᠪᠣᠯᠬᠤ ᠥᠬᠡᠶ᠂ ᠶᠡᠭᠡ ᠳᠡᠭᠡᠳᠦ ᠰᠤᠷᠭᠠᠭᠤᠯᠢ ᠰᠤᠷᠤᠯᠭ᠎ᠠ ᠪᠠᠨ ᠡᠬᠢᠯᠡᠭᠦᠯᠵᠦ ᠪᠣᠯᠬᠤ ᠥᠬᠡᠶ᠃ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠤᠷᠤᠯᠭ᠎ᠠ ᠡᠬᠢᠯᠡᠬᠦ ᠴᠠᠭ ᠨᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠠᠴᠠ ᠤᠷᠢᠲᠠᠵᠤ ᠪᠣᠯᠬᠤ ᠦᠭᠡᠢ᠃      ᠪᠦᠬᠦ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠨᠢᠭᠡᠨᠲᠡ ᠲᠣᠭᠲᠠᠭᠠᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠲᠥᠰᠦᠯ ᠢᠶᠠᠨ ᠥᠪᠡᠷᠲᠡᠭᠡᠨ ᠵᠠᠰᠠᠬᠤ ᠣᠷᠣᠨ ᠤ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠴᠢᠬᠤᠯᠠ ᠶᠡᠭᠡ ᠬᠡᠷᠡᠭ ᠲᠤ ᠲᠤᠰᠬᠠᠯ ᠭᠠᠷᠭᠠᠬᠤ ᠲᠣᠭᠲᠠᠴᠠ ᠳᠤ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ ᠵᠣᠬᠢᠴᠠᠩᠭᠤᠶ ᠪᠠᠷ ᠲᠣᠬᠢᠷᠠᠭᠤᠯᠤᠨ ᠪᠦᠷᠢᠨᠰᠢᠭᠦᠯᠬᠦ ᠬᠡᠷᠡᠭᠲᠡᠶ᠃      ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠨᠤᠭᠤᠳ ᠬᠠᠷᠢᠶ᠎ᠠ ᠣᠷᠣᠨ ᠳᠤᠨᠢ ᠬᠠᠮᠢᠶᠠᠷᠤᠭᠤᠯᠬᠤ ᠵᠠᠷᠴᠢᠮ ᠶᠣᠰᠣᠭᠠᠷ᠂ ᠰᠠᠭᠤᠭ᠎ᠠ ᠭᠠᠵᠠᠷ ᠤᠨ ᠎ ᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠮᠵᠢᠯᠭᠡ ᠶᠢ ᠢᠳᠡᠪᠬᠢᠯᠡᠨ ᠣᠯᠵᠤ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠭᠤᠯᠢ ︵ᠬᠡᠦᠬᠡᠳ ᠤᠨ ᠴᠡᠴᠡᠷᠯᠢᠭ︶᠎ ᠨᠤᠭᠤᠳ ᠪᠣᠳᠠᠲᠠᠶ ᠲᠠᠢ ᠪᠠᠨ ᠤᠶᠠᠯᠳᠤᠭᠤᠯᠤᠨ᠂ ᠪᠠᠭᠰᠢ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠳᠠᠯ ᠢ ᠵᠢᠭᠰᠠᠭᠠᠨ ᠪᠠᠶᠢᠴᠠᠭᠠᠬᠤ᠂ ᠰᠤᠷᠭᠠᠭᠤᠯᠢ ᠶᠢᠨ ᠬᠦᠷᠢᠶ᠎ᠡ ᠶᠢ ᠪᠢᠲᠡᠭᠦᠮᠵᠢᠯᠡᠨ ᠬᠠᠮᠢᠶᠠᠷᠬᠤ᠂ ᠰᠤᠷᠭᠠᠨ ᠬᠥᠮᠥᠵᠢᠭᠦᠯᠦᠨ ᠵᠢᠭᠠᠨ ᠰᠤᠷᠭᠠᠬᠤ᠂ ᠤᠬᠠᠭᠤᠯᠤᠨ ᠬᠦᠲᠦᠯᠵᠦ ᠵᠢᠯᠣᠭᠤᠳᠬᠤ᠂  ᠵᠢᠵᠢᠭᠦᠷᠯᠡᠨ ᠰᠠᠬᠢᠬᠤ᠂ ᠠᠷᠢᠭᠤᠨ ᠴᠡᠪᠡᠷᠯᠡᠭᠡ ᠬᠢᠬᠦ᠂ ᠠᠷᠢᠭᠤᠳᠬᠠᠨ ᠠᠷᠢᠯᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠬᠦ ᠬᠡᠷᠡᠭᠲᠡᠶ᠃      ᠡᠭᠦᠨ ᠠᠴᠠ ᠭᠠᠳᠠᠨ᠎ᠠ᠂ ᠰᠤᠷᠭᠠᠭᠤᠯᠢ ᠡᠬᠢᠯᠡᠬᠦ ᠶᠢ ᠬᠤᠶᠢᠰᠢᠯᠠᠭᠤᠯᠬᠤ ᠬᠤᠭᠤᠴᠠᠭᠠᠨ ᠳᠤ᠂ ᠪᠥᠬᠦ ᠣᠷᠣᠨ ᠎ ᠤ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ ᠨᠢ ᠰᠦᠯᠵᠢᠶᠡᠨ ᠭᠠᠳᠠᠭᠤᠷᠬᠢ ᠵᠢᠭᠠᠨ ᠰᠤᠷᠭᠠᠯᠲᠠ ᠶᠢᠨ ᠪᠣᠯᠪᠠᠰᠤᠷᠠᠭᠤᠯᠤᠯ ᠢ ᠥᠷᠨᠢᠭᠦᠯᠵᠦ ᠪᠣᠯᠬᠤ ᠥᠬᠡᠶ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号