ᠪᠦᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠵᠠᠮ ᠲᠡᠭᠡᠭᠡᠪᠦᠷᠢ ᠶᠢᠨ ᠦᠶᠯᠡᠴᠢᠯᠡᠭᠡ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2020/2/28
      ᠭᠠᠵᠠᠷ ᠣᠷᠣᠨ ᠬᠤᠪᠢᠶᠠᠵᠤ ᠳᠡᠰ ᠱᠠᠲᠤ ᠬᠤᠪᠢᠶᠠᠨ ᠣᠨᠣᠪᠴᠢᠲᠠᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠡᠯ᠎ᠡ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠲᠥᠷᠥᠯ ᠬᠤᠪᠢᠶᠠᠬᠤ ᠠᠷᠭ᠎ᠠ ᠪᠣᠳᠣᠯᠭ᠎ᠠ ᠬᠡᠷᠡᠭᠵᠢᠭᠦᠯᠦᠨ᠂ ᠰᠡᠷᠭᠡᠶᠢᠯᠡᠯᠲᠡ ᠪᠠ ᠲᠡᠭᠡᠭᠡᠪᠦᠷᠢ ᠶᠢ ᠵᠡᠷᠭᠡ ᠳᠤᠨᠢ ᠠᠳᠬᠤᠵᠤ᠂ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠡᠮᠬᠢ ᠵᠢᠷᠤᠮ ᠲᠠᠢ ᠰᠡᠷᠭᠦᠭᠡᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠪᠠ ᠠᠵᠤ ᠠᠬᠤᠶ ᠶᠢᠨ ᠠᠵᠢᠯᠯᠠᠭᠠᠨ ᠳᠤ ᠵᠠᠮ ᠲᠡᠭᠡᠭᠡᠪᠦᠷᠢ ᠶᠢᠨ ᠬᠦᠴᠦᠨ ᠲᠠᠢ ᠪᠠᠲᠤᠯᠠᠭ᠎ᠠ  ᠬᠠᠩᠭᠠᠵᠤ ᠪᠤᠢ᠃       2 ᠳ᠋ᠤᠭᠠᠷ ᠰᠠᠷ᠎ᠠ ᠶᠢᠨ 26᠎ ᠤ ᠡᠳᠦᠷ ᠪᠣᠯᠬᠤ ᠳᠤ᠂ ᠪᠥᠬᠦ ᠣᠷᠣᠨ ᠤ 103 ᠬᠤᠰᠢᠭᠤ ᠰᠢᠶᠠᠨ ᠬᠤᠲᠠ ᠲᠣᠭᠤᠷᠢᠭ ᠤᠨ ᠲᠤᠲᠤᠷ᠎ᠠ ᠠᠴᠠ 93᠎ ᠨᠢ ᠡᠭᠡᠯᠵᠢ ᠶᠢᠨ ᠮᠠᠰᠢᠨ ᠲᠡᠷᠭᠡ ᠪᠠ ᠳᠠᠭᠠᠭᠠᠴᠢᠯᠠᠬᠤ ᠲᠡᠷᠭᠡ ᠠᠶᠠᠯᠠᠯ ᠢᠶᠠᠨ ᠰᠡᠷᠭᠦᠭᠡᠵᠦ᠂ 128 ᠭᠤᠷᠪᠠᠨ ᠳᠡᠰ ᠠᠴᠠ ᠳᠡᠭᠡᠭᠰᠢᠬᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ 95᠎ ᠨᠢ ᠠᠶᠠᠯᠠᠯ ᠢᠶᠠᠨ ᠰᠡᠷᠭᠦᠭᠡᠪᠡ᠃ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠨᠡᠪᠲᠡᠷᠡᠭᠦᠯᠦᠭᠰᠡᠨ 95 ᠬᠤᠰᠢᠭᠤ ᠰᠢᠶᠠᠨ ᠬᠤᠲᠠ ᠲᠣᠭᠤᠷᠢᠭ ᠤᠨ 89᠎ ᠨᠢ ᠡᠵᠡᠩᠨᠡᠯᠲᠡ ᠪᠠᠨ ᠰᠡᠷᠭᠦᠭᠡᠪᠡ︔ 95 ᠬᠤᠰᠢᠭᠤ ᠰᠢᠶᠠᠨ ᠬᠤᠲᠠ ᠲᠣᠭᠤᠷᠢᠭ ᠤᠨ ᠲᠦᠷᠢᠶᠡᠰᠦᠨ ᠮᠠᠰᠢᠨ ᠲᠡᠷᠭᠡ ᠬᠡᠪ ᠤᠨ ᠶᠣᠰᠣᠭᠠᠷ ᠡᠵᠡᠩᠨᠡᠯᠲᠡ ᠪᠠᠨ ᠰᠡᠷᠭᠦᠭᠡᠪᠡ᠃ ᠲᠦᠭᠰᠢᠭᠦᠷᠢ ᠪᠠᠭᠠᠲᠠᠶ ᠬᠤᠰᠢᠭᠤ ᠰᠢᠶᠠᠨ ᠬᠤᠲᠠ ᠲᠣᠭᠤᠷᠢᠭ ᠤᠨ ᠠᠶᠠᠨᠴᠢᠳ ᠤᠨ ᠲᠡᠭᠡᠭᠡᠪᠦᠷᠢ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠪᠠ ᠲᠦᠷᠢᠶᠡᠰᠦᠨ ᠮᠠᠰᠢᠨ ᠲᠡᠷᠭᠡ 100%᠎ ᠪᠠᠷ ᠡᠵᠡᠩᠨᠡᠯᠲᠡ ᠪᠠᠨ ᠰᠡᠷᠭᠦᠭᠡᠪᠡ᠃ ᠪᠦᠬᠦ ᠣᠷᠣᠨ ᠤ ᠣᠯᠠᠩᠬᠢ ᠵᠠᠰᠠᠮᠠᠯ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠠᠵᠤ ᠠᠬᠤᠶᠢᠯᠠᠯ ᠦᠶᠯᠡᠳᠪᠦᠷᠢᠯᠡᠯ ᠎ ᠢᠶᠠᠨ ᠰᠡᠷᠭᠦᠭᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号