ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠨᠠᠮ ᠤᠨ ᠭᠡᠰᠢᠭᠦᠨ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠬᠦ ᠦᠭᠡᠢ ᠠᠵᠢᠯ ᠬᠢᠬᠦ ᠦᠭᠡᠢ ᠵᠡᠷᠭᠡ ᠠᠰᠠᠭᠤᠳᠠᠯ ᠤᠨ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠶᠳᠪᠦᠷᠢᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/2/3
     ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠶ ᠲᠤᠭᠤᠰᠢᠯᠠᠭᠤᠯᠵᠤ᠂ ᠲᠥᠪ ᠤᠨ ︽ᠨᠠᠮ ᠤᠨ ᠤᠳᠤᠷᠢᠳᠤᠯᠭ᠎ᠠ ᠶᠢ ᠴᠢᠩᠭᠠᠳᠬᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠤᠯᠬᠤ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠲᠤᠬᠠᠶ ᠮᠡᠳᠡᠭᠳᠡᠯ︾᠎ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠣᠷᠣᠨ ᠎ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠠᠨᠠᠭᠠᠴᠢᠯᠠᠭ᠎ᠠ ᠠᠴᠠ ᠪᠠᠨ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠰᠢᠮᠳᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠨᠠᠮ ᠤᠨ ᠭᠡᠰᠢᠭᠦᠨ ᠺᠠᠳ᠋ᠷᠴᠤᠳ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠬᠦ ᠥᠬᠡᠶ᠂ ᠬᠠᠷᠢᠭᠤᠴᠠᠯᠭ᠎ᠠ ᠡᠭᠦᠷᠭᠡᠯᠡᠬᠦ ᠥᠬᠡᠶ ᠠᠵᠢᠯ ᠬᠢᠬᠦ ᠥᠬᠡᠶ ᠪᠠᠶᠢᠬᠤ ᠵᠡᠷᠭᠡ ᠠᠰᠠᠭᠤᠳᠠᠯ ᠤᠨ ᠰᠦᠪᠡᠭᠴᠢ ᠶᠢ ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤ ᠨᠢ ᠭᠥᠯᠢᠶᠡᠨ ᠠᠪᠴᠤ ᠰᠢᠶᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠢᠯᠡᠴᠢᠯᠡᠨ ᠮᠡᠳᠡᠭᠦᠯᠬᠦ ᠤᠲᠠᠰᠤ᠄ 12380                   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                                    2020 ᠣᠨ ᠤ 2 ᠳ᠋ᠤᠭᠠᠷ ᠰᠠᠷ᠎ᠠ ᠶᠢᠨ 2᠎ ᠤᠨ ᠡᠳᠦᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号