2 ᠰᠠᠷ᠎ᠠ ᠶᠢᠨ 5 ᠤ ᠡᠳᠦᠷ ᠤᠨ 9 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢᠶᠠᠷ | ᠤᠨᠤᠰᠢᠯᠠᠭᠰᠠᠨ ᠡᠪᠡᠳᠴᠢᠨ ᠤ ᠵᠢᠱᠢᠶ᠎ᠠ ᠶᠢ 42 ᠮᠡᠳᠡᠭᠦᠯᠪᠡ᠃ ᠡᠭᠦᠨ ᠳᠤ᠂ ᠬᠦᠬᠡᠬᠤᠳᠠ 5 ︵ᠰᠢᠨ᠎ᠡ ᠬᠤᠳᠠ | ᠳᠤᠭᠤᠷᠢᠭ ᠲᠤ 2᠂ ᠢᠦᠢ ᠴᠢᠤᠸᠠᠨ ᠲᠣᠭᠤᠷᠢᠭ ᠲᠤ 1᠂ ᠰᠠᠶᠢᠬᠠᠨ ᠲᠣᠭᠤᠷᠢᠭ ᠲᠤ 1᠂ ᠬᠤᠳᠤᠩ ᠠᠷᠠᠳ ᠤᠨ | ᠲᠣᠭᠤᠷᠢᠭ ᠲᠤ 1︶᠂ ᠪᠤᠭᠤᠳᠤ ᠬᠤᠲᠠ ᠳᠤ 7 ︵ᠬᠦᠨᠳᠡᠯᠡᠨ ᠳᠤᠭᠤᠷᠢᠭ ᠲᠤ 3᠂ ᠲᠦᠮᠡᠳ ᠪᠠᠷᠠᠭᠤᠨ | ᠬᠤᠰᠢᠭᠤᠨ ᠳᠤ 4︶᠂ ᠬᠦᠯᠦᠨ ᠪᠤᠶᠢᠷ ᠬᠤᠳᠠ ᠳᠤ 3 ︵ᠮᠠᠨᠵᠤᠤᠷ ᠬᠤᠳᠠ ᠶᠢᠨ 1 ᠡᠪᠡᠳᠴᠢᠨ ᠤ ᠵᠢᠱᠢᠶ᠎ᠡ | ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ᠂ ᠶᠠᠬᠰᠢ ᠬᠤᠳᠠ ᠳᠤ 1᠂ ᠮᠣᠷᠢᠨᠳᠠᠪᠠᠭ᠎ᠠ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤᠨ ᠳᠤ 1︶᠂ ᠬᠢᠩᠭᠠᠨ ᠠᠶᠢᠮᠠᠭ ᠤᠨ ᠤᠯᠠᠭᠠᠨᠬᠤᠳᠠ ᠳᠤ 1᠂ ᠲᠦᠩᠯᠢᠶᠤᠤ | ᠬᠤᠳᠠ ᠶᠢᠨ ᠠᠵᠥ ᠠᠬᠤᠢ ᠶᠢᠨ ᠨᠡᠬᠡᠬᠡᠯᠳᠡ ᠶᠢᠨ ᠳᠤᠭᠤᠷᠢᠭ ᠲᠤ 1᠂ ᠤᠯᠠᠭᠠᠨᠬᠠᠳᠠ ᠬᠤᠳᠠ ᠳᠤ 3 ︵ᠰᠦᠩᠱᠠᠨ | ᠳᠤᠭᠤᠷᠢᠭ ᠲᠤ 1᠂ ᠯᠢᠨᠰᠢ ᠰᠢᠶᠠᠨ ᠳᠤ 1᠂ ᠶᠤᠸᠠᠨ ᠪᠤᠤ ᠱᠠᠨ ᠲᠤᠭᠤᠷᠢᠭ ᠲᠤ 1︶᠂ ᠰᠢᠯᠢ ᠶᠢᠨ ᠭᠤᠤᠯ | ᠠᠶᠢᠮᠠᠭ ᠲᠤ 2 ︵ᠰᠢᠯᠢᠩᠬᠤᠳᠠ ᠳᠤ 1᠂ ᠡᠷᠢᠶᠡᠨ ᠬᠤᠳᠠ ᠳᠤ 1︶᠂ ᠤᠯᠠᠭᠠᠨᠴᠠᠪ ᠬᠤᠲᠠ ᠳᠤ 3 ︵ᠳᠥᠷᠪᠡᠳ | ᠬᠤᠰᠢᠭᠤᠨ ᠳᠤ 1᠂ ᠬᠤᠸᠠᠳᠧ ᠰᠢᠶᠠᠨ ᠳᠤ 2︶᠂ ᠤᠷᠳᠤᠰ ᠬᠤᠳᠠ ᠳᠤ 11 ︵ᠳ᠋ᠦᠩᠱᠧᠩ ᠳᠤᠭᠤᠷᠢᠭ ᠲᠤ 1᠂ | ᠤᠳᠤᠬ ᠤᠨ ᠡᠮᠤᠨᠡᠳᠤ ᠬᠤᠰᠢᠭᠤᠨ ᠳᠤ 1 ᠂ ᠳᠠᠯᠠᠳ ᠬᠤᠰᠢᠭᠤᠨ ᠳᠤ 9︶᠂ ᠪᠠᠶᠠᠨᠨᠠᠭᠤᠷ ᠬᠤᠲᠠ ᠳᠤ 4 ︵ | ᠦᠶᠦᠸᠠᠨ ᠰᠢᠶᠠᠨ ᠳᠤ 2᠂ ᠯᠢᠨᠾᠧ ᠲᠣᠭᠤᠷᠢᠭ ᠲᠤ 2︶᠂ ᠦᠬᠠᠢ ᠬᠤᠲᠠ ᠶᠢᠨ ᠬᠠᠶᠢᠷᠤᠪ ᠤᠨ ᠲᠣᠬᠤᠢ | ᠲᠣᠭᠤᠷᠢᠭ ᠲᠤ 2 ᠡᠪᠡᠳᠴᠢᠨ ᠤ ᠵᠢᠱᠢᠶ᠎ᠡ ᠮᠡᠳᠡᠭᠦᠯᠵᠡᠢ᠃ | ᠰᠡᠵᠢᠭᠯᠡᠯᠲᠡᠢ ᠡᠪᠡᠳᠴᠢᠨ ᠤ ᠵᠢᠱᠢᠶ᠎ᠡ 4᠂ ︵ ᠯᠢᠨᠾᠧ ᠲᠣᠭᠤᠷᠢᠭ ᠲᠤ 2᠂ ᠤᠯᠠᠭᠠᠨᠬᠠᠳᠠ ᠬᠤᠲᠠ ᠶᠢᠨ | ᠶᠤᠸᠠᠨ ᠪᠤᠤ ᠱᠠᠨ ᠲᠤᠭᠤᠷᠢᠭ ᠲᠤ 1᠂ ᠣᠷᠳᠣᠰ ᠬᠤᠲᠠ ᠶᠢᠨ ᠳᠠᠯᠠᠳ ᠬᠤᠰᠢᠭᠤᠨ ᠳᠤ 1︶᠃ ᠴᠦᠮ | ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠭᠦᠯᠵᠦ ᠪᠤᠢ᠃ ᠣᠳᠣᠬᠠᠨ ᠳᠤ ᠨᠢᠭᠲᠠ ᠬᠠᠷᠢᠯᠴᠠᠵᠤ | ᠥᠩᠭᠡᠷᠡᠭᠰᠡᠨ 1181 ᠬᠥᠮᠥᠨ ᠢ ᠡᠷᠢᠨ ᠣᠯᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃ | ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ 51 ᠬᠥᠮᠥᠨ ᠪᠤᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠨ ᠤ ᠣᠷᠣᠨ ᠤ ᠬᠢᠵᠢᠭ ᠢ | ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠬᠥᠨᠳᠦᠳᠬᠡᠨ ᠦᠵᠡᠵᠦ᠂ ᠡᠯ᠎ᠡ ᠲᠥᠷᠥᠯ ᠤᠨ ᠠᠵᠢᠯ ᠢ | ᠤᠯᠤᠰ ᠤᠨ ᠬᠢᠵᠢᠭ ᠢ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ | ᠪᠠᠴᠢᠮ ᠶᠠᠭᠠᠷᠠᠯᠲᠠᠢ ᠮᠥᠷᠲᠡᠭᠡᠨ ᠠᠯᠬᠤᠮ ᠳᠠᠷᠠᠭ᠎ᠠ ᠲᠠᠢ ᠠᠬᠢᠭᠤᠯᠤᠨ ᠲᠤᠭᠤᠰᠢᠯᠠᠭᠤᠯᠵᠤ ᠪᠤᠢ᠃ |