2 ᠰᠠᠷ᠎ᠠ ᠶᠢᠨ 5 ᠤ ᠡᠳᠦᠷ ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠤᠨ | ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ | ᠲᠠᠷᠤᠭ᠎ᠠ ᠯᠢ ᠵᠥᠩ ᠺᠠᠶ ᠣᠳᠣᠬᠠᠨ ᠤ ᠮᠠᠨ ᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠪᠠᠲᠤᠯᠠᠭ᠎ᠠ ᠶᠢᠨ | ᠪᠠᠶᠢᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠵᠠᠷᠢᠮ ᠭᠠᠵᠠᠷ ᠣᠷᠣᠨ ᠤ | ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠪᠠᠴᠢᠮ ᠳᠤᠲᠠᠭᠳᠠᠬᠤ ᠪᠠᠶᠢᠳᠠᠯ ᠭᠠᠷᠴᠤ ᠪᠤᠢ᠂ ᠥᠪᠡᠷᠲᠡᠭᠡᠨ ᠵᠠᠰᠠᠬᠤ ᠣᠷᠣᠨ | ᠡᠨᠡ ᠲᠠᠯ᠎ᠠ ᠪᠠᠷ ᠶᠠᠮᠠᠷ ᠪᠠᠶᠢᠳᠠᠯ ᠲᠠᠢ ᠪᠠᠶᠢᠬᠤ ᠪᠤᠢ︖ ᠶᠠᠮᠠᠷ ᠶᠠᠮᠠᠷ ᠪᠠᠲᠤᠯᠠᠭ᠎ᠠ ᠶᠢᠨ ᠠᠷᠭ᠎ᠠ ᠬᠡᠮᠵᠢᠶ᠎ᠡ ᠠᠪᠴᠤ | ᠪᠠᠶᠢᠬᠤ ᠪᠣᠶ︖ | ᠯᠢ ᠵᠥᠩ ᠺᠠᠶ᠄ ᠥᠪᠡᠷᠲᠡᠭᠡᠨ ᠵᠠᠰᠠᠬᠤ ᠣᠷᠣᠨ ᠭᠡᠨᠡᠳᠲᠡ ᠡᠭᠦᠰᠦᠭᠰᠡᠨ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠬᠡᠷᠡᠭ ᠤᠨ ᠨᠢᠭᠡᠳᠦᠭᠡᠷ ᠳᠡᠰ ᠤᠨ ᠠᠵᠢᠯᠯᠠᠭ᠎ᠠ ᠶᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ | ᠵᠠᠰᠠᠬᠤ ᠣᠷᠣᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ | ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠷᠤ ᠲᠠᠯ᠎ᠠ ᠶᠢᠨ | ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠢᠬᠤᠯᠠ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠥ᠂ ᠪᠥᠬᠦ ᠤᠯᠤᠰ ᠲᠤ ᠨᠢᠭᠡ ᠬᠥᠯᠭᠡ ᠰᠢᠲᠠᠷ᠎ᠠ | ᠮᠡᠲᠦ ᠪᠠᠶᠢᠬᠤ᠂ ᠪᠥᠬᠦ ᠣᠷᠣᠨ ᠳᠤ ᠨᠢᠭᠡ ᠬᠥᠯᠭᠡ ᠰᠢᠲᠠᠷ᠎ᠠ ᠮᠡᠲᠦ ᠪᠠᠶᠢᠬᠤ ᠵᠠᠷᠴᠢᠮ ᠶᠣᠰᠣᠭᠠᠷ᠂ ᠰᠡᠷᠭᠡᠶᠢᠯᠡᠨ | ᠵᠠᠰᠠᠬᠤ ᠬᠦᠴᠦᠨ ᠤ ᠣᠷᠣᠨ ᠪᠦᠰᠡ ᠶᠢ ᠨᠢᠭᠡᠳᠦᠯᠲᠡᠶ ᠲᠥᠯᠥᠪᠵᠢᠭᠦᠯᠬᠦ ᠶᠢ ᠭᠤᠤᠯᠳᠠᠯᠭ᠎ᠠ ᠲᠠᠢ ᠰᠠᠶᠢᠲᠤᠷ | ᠠᠳᠬᠤᠵᠤ᠂ ᠠᠪᠤᠷᠠᠨ ᠵᠠᠰᠠᠬᠤ ᠡᠬᠢ ᠪᠠᠶᠠᠯᠢᠭ ᠪᠠ ᠰᠡᠷᠭᠡᠶᠢᠯᠡᠨ ᠬᠠᠮᠠᠭᠠᠯᠠᠬᠤ ᠡᠬᠢ ᠪᠠᠶᠠᠯᠢᠭ ᠢ ᠬᠢᠵᠢᠭ ᠤᠨ ᠪᠠᠶᠢᠳᠠᠯ | ᠢ ᠡᠰᠡᠷᠭᠦᠴᠡᠬᠦ ᠨᠢᠭᠡᠳᠦᠭᠡᠷ ᠹᠷᠣᠨᠲ ᠲᠤ ᠡᠷᠡᠰ ᠲᠥᠪᠯᠡᠷᠡᠭᠦᠯᠵᠠᠢ᠃ ᠥᠪᠡᠷᠲᠡᠭᠡᠨ ᠵᠠᠰᠠᠬᠤ ᠣᠷᠣᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠳᠣᠤᠷ᠎ᠠ᠂ | ᠪᠢᠳᠡ ᠲᠠᠷᠤᠢ ᠲᠦᠷᠭᠡᠨ ᠬᠥᠳᠡᠯᠦᠯᠴᠡᠵᠦ᠂ ᠴᠠᠭ ᠢ ᠠᠮᠵᠢᠵᠥ᠂ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ | ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ᠃ ᠶᠡᠷᠦᠩᠬᠡᠶ ᠳᠤᠨᠢ ᠠᠪᠴᠤ ᠦᠵᠡᠪᠡᠯ᠂ | ᠣᠳᠣᠬᠠᠨ ᠳᠤ ᠣᠯᠠᠩᠬᠢ ᠰᠡᠷᠭᠡᠶᠢᠯᠡᠨ ᠡᠵᠡᠮᠳᠡᠬᠦ ᠡᠳ᠋ ᠪᠣᠳᠠᠰ ᠨᠢ ᠬᠡᠷᠡᠭᠴᠡᠭᠡ ᠶᠢ ᠦᠨᠳᠦᠰᠦᠨ ᠳᠡᠭᠡᠨ ᠪᠠᠲᠤᠯᠠᠵᠤ | ᠪᠤᠢ᠂ ᠭᠡᠪᠡᠴᠦ ᠣᠨᠴᠠ ᠵᠠᠷᠢᠮ ᠳᠤᠲᠠᠭᠳᠠᠵᠤ ᠪᠠᠶᠢᠭ᠎ᠠ ᠬᠡᠷᠡᠭᠰᠡᠯ᠂ ᠵᠢᠱᠢᠶᠡᠯᠡᠪᠡᠯ᠄ ᠡᠮᠴᠢᠯᠡᠭᠡᠨ ᠳᠤ ᠭᠡᠷᠡᠭᠯᠡᠬᠦ | ᠠᠮᠠᠪᠴᠢ᠂ ᠡᠮᠴᠢᠯᠡᠬᠡᠨ ᠳᠤ ᠭᠡᠷᠡᠭᠯᠡᠬᠦ ᠰᠡᠷᠭᠡᠶᠢᠯᠡᠨ ᠬᠠᠮᠠᠭᠠᠯᠠᠬᠤ ᠬᠤᠪᠴᠠᠰᠤ᠂ ᠨᠢᠳᠦ ᠬᠠᠮᠠᠭᠠᠯᠠᠬᠤ ᠰᠢᠯ᠂ ᠳᠤᠯᠠᠭᠠᠨ | ᠢ ᠬᠡᠮᠵᠢᠬᠦ ᠫᠤᠤ ᠵᠡᠷᠭᠡ ᠳᠤᠲᠠᠭᠳᠠᠵᠤ ᠪᠠᠶᠢᠭ᠎ᠠ ᠬᠡᠮᠵᠢᠶ᠎ᠡ ᠨᠢ ᠨᠡᠯᠢᠶᠡᠳ ᠶᠡᠭᠡ᠂ ᠬᠤᠳᠠᠯᠳᠤᠨ ᠠᠪᠬᠤ ᠳᠤ ᠴᠤ | ᠬᠦᠴᠢᠷᠲᠡᠶ ᠪᠠᠶᠢᠨ᠎ᠠ᠃ | ᠡᠶᠢᠮᠦ ᠠᠴᠠ ᠪᠢᠳᠡ ᠲᠤᠬᠳᠠᠬᠰᠨᠨ ᠴᠢᠭᠯᠡᠯ ᠤᠨ ᠠᠷᠭ᠎ᠠ ᠬᠡᠮᠵᠢᠶ᠎ᠡ ᠠᠪᠴᠤ ᠴᠢᠷᠮᠠᠶᠢᠨ ᠰᠢᠢᠳᠪᠤᠷᠢᠯᠡᠵᠥ ᠪᠤᠢ᠃ | ᠨᠢᠭᠡ ᠳᠤ᠂ ᠤᠯᠤᠰ ᠤᠨ ᠡᠮ ᠤᠨ ᠲᠡᠯᠬᠡᠬᠦᠷ᠂ ᠬᠤᠸᠠ ᠷᠦᠨ᠂ ᠱᠠᠩ ᠶᠤᠤ ᠵᠡᠷᠭᠡ ᠠᠵᠤ ᠠᠬᠤᠶᠢᠯᠠᠯ ᠵᠢᠴᠢ | ᠨᠡᠶᠢᠭᠡᠮ ᠤᠨ ᠡᠯ᠎ᠡ ᠡᠳᠡᠭᠡᠳ ᠤᠨ ᠬᠦᠴᠦᠨ ᠢ ᠦᠷᠭᠦᠯᠵᠢᠯᠡᠨ ᠵᠣᠬᠢᠶᠠᠨ ᠪᠠᠶᠢᠭᠤᠯᠵᠤ ᠳᠠᠶᠢᠴᠢᠯᠠᠨ᠂ ᠰᠡᠷᠭᠡᠶᠢᠯᠡᠨ | ᠬᠠᠮᠠᠭᠠᠯᠠᠬᠤ ᠬᠡᠷᠡᠭᠰᠡᠯ ᠪᠣᠯᠤᠨ ᠠᠷᠢᠭᠤᠳᠬᠠᠬᠤ ᠬᠡᠷᠡᠭᠰᠡᠯ ᠢ ᠶᠡᠭᠡ ᠪᠠᠷ ᠴᠤᠬᠯᠠᠭᠤᠯᠤᠨ᠂ ᠵᠢᠯᠣᠭᠤᠳᠬᠤ ᠭᠠᠵᠠᠷ ᠠᠴᠠ | ᠨᠢᠭᠡᠳᠦᠯᠲᠡᠶ ᠲᠥᠯᠥᠪᠵᠢᠭᠦᠯᠦᠨ ᠲᠣᠬᠢᠷᠠᠭᠤᠯᠵᠠᠢ᠃ ᠬᠤᠶᠠᠷ ᠲᠤ᠂ ᠮᠠᠨ ᠤ ᠣᠷᠣᠨ ᠤ ᠰᠡᠷᠭᠡᠶᠢᠯᠡᠨ ᠬᠠᠮᠠᠭᠠᠯᠠᠬᠤ | ᠬᠡᠷᠡᠭᠰᠡᠯ᠂ ᠠᠷᠢᠭᠤᠳᠬᠠᠬᠤ ᠬᠡᠷᠡᠭᠰᠡᠯ᠂ ᠬᠢᠵᠢᠭ ᠢ ᠰᠡᠷᠭᠡᠶᠢᠯᠡᠬᠦ ᠡᠮ ᠤᠨ ᠵᠦᠢᠯ ᠵᠡᠷᠭᠡ ᠶᠢ ᠥᠢᠯᠡᠳᠪᠤᠷᠢᠯᠡᠵᠥ | ᠪᠠᠶᠢᠭ᠎ᠠ ᠠᠵᠤ ᠠᠬᠤᠶᠢᠯᠠᠯ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠦᠢᠯᠡᠳᠪᠦᠷᠢᠯᠡᠯ ᠢ ᠨᠢ ᠰᠡᠷᠭᠦᠭᠡᠵᠦ᠂ | ᠨᠥᠬᠦᠴᠡᠯ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠠᠷᠤᠢ ᠲᠦᠷᠭᠡᠨ ᠦᠢᠯᠡᠳᠪᠦᠷᠢᠯᠡᠯ ᠤᠨ ᠬᠡᠯᠪᠡᠷᠢ ᠶᠢ ᠨᠢ | ᠬᠤᠪᠢᠷᠠᠭᠤᠯᠵᠤ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠤᠨ ᠡᠬᠦᠰᠭᠡᠨ ᠪᠠᠶᠢᠭᠤᠯᠤᠬᠰᠠᠨ | ᠠᠵᠢᠯ ᠤᠨ ᠲᠤᠰᠬᠠᠶ ᠪᠠᠬ ᠠᠵᠤ ᠠᠬᠤᠶᠢᠯᠠᠯ ᠤᠨ ᠲᠦᠭᠦᠬᠡᠶ ᠮᠠᠲ᠋ᠧᠷᠢᠶᠠᠯ ᠤᠨ ᠬᠠᠩᠭᠠᠯᠭ᠎ᠠ᠂ ᠬᠥᠳᠡᠯᠮᠦᠷᠢ ᠬᠦᠴᠦᠨ | ᠤ ᠬᠠᠩᠭᠠᠯᠭ᠎ᠠ ᠵᠡᠷᠭᠡ ᠠᠷᠤ ᠲᠠᠯ᠎ᠠ ᠶᠢᠨ ᠬᠥᠴᠢᠷᠳᠠᠯ ᠢ ᠰᠢᠢᠳᠪᠤᠷᠢᠯᠡᠨ ᠥᠭᠬᠦ ᠶᠢᠨ ᠬᠠᠮᠲᠤ ᠪᠡᠯᠡ ᠮᠥᠩᠭᠦ ᠶᠢᠨ | ᠳᠡᠮᠵᠢᠯᠭᠡ ᠬᠠᠩᠭᠠᠵᠤ᠂ ᠠᠵᠤ ᠠᠬᠤᠶᠢᠯᠠᠯ ᠤᠨ ᠠᠵᠢᠯ ᠢ ᠲᠦᠷᠬᠡᠨ ᠰᠡᠷᠭᠦᠭᠡᠵᠦ᠂ ᠦᠢᠯᠡᠳᠪᠦᠷᠢᠯᠡᠯ ᠤᠨ | ᠴᠢᠳᠠᠪᠤᠷᠢ ᠶᠢ ᠥᠷᠭᠡᠳᠬᠡᠨ᠂ ᠬᠠᠩᠭᠠᠯᠭ᠎ᠠ ᠶᠢ ᠨᠡᠮᠡᠭᠳᠡᠭᠦᠯᠪᠠ᠃ ᠡᠭᠦᠨ ᠤ ᠬᠠᠮᠲᠤ᠂ ᠦᠢᠯᠡᠳᠪᠦᠷᠢᠯᠡᠯ ᠤᠨ | ᠨᠥᠬᠦᠴᠡᠯ ᠢ ᠪᠦᠷᠢᠳᠦᠭᠦᠯᠦᠭᠰᠡᠨ᠂ ᠬᠢᠷᠢ ᠭᠡᠮ ᠤᠨ ᠱᠠᠭᠠᠷᠳᠠᠯᠭ᠎ᠠ ᠳᠤ ᠨᠡᠶᠢᠴᠡᠭᠰᠡᠨ ᠠᠵᠤ ᠠᠬᠤᠶᠢᠯᠠᠯ ᠳᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠵᠠᠰᠠᠭ | ᠵᠠᠬᠢᠷᠭᠠᠨ ᠤ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠪᠣᠭᠤᠨᠢᠰᠬᠠᠪᠠ᠃ ᠭᠤᠷᠪᠠ ᠳᠤ᠂ ᠤᠯᠤᠰ ᠤᠨ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠡᠳ᠋ ᠪᠣᠳᠠᠰ ᠢ ᠰᠢᠯᠵᠢᠭᠦᠯᠦᠨ ᠥᠭᠬᠦ᠂ ᠲᠦᠭᠦᠬᠡᠶ | ᠮᠠᠲ᠋ᠧᠷᠢᠶᠠᠯ ᠢ ᠪᠠᠲᠤᠯᠠᠬᠤ ᠵᠡᠷᠭᠡ ᠲᠠᠯ᠎ᠠ ᠪᠠᠷ ᠬᠢ ᠬᠦᠴᠦᠲᠡᠶ ᠳᠡᠮᠵᠢᠯᠭᠡ ᠶᠢ ᠴᠢᠷᠮᠠᠶᠢᠨ ᠤᠯᠪᠠ᠃ ᠮᠠᠨ ᠤ ᠣᠷᠣᠨ ᠤ | ᠠᠵᠤ ᠠᠬᠤᠶᠢᠯᠠᠯ ᠠᠵᠢᠯ ᠢᠶᠠᠨ ᠡᠬᠢᠯᠡᠭᠦᠯᠵᠦ ᠰᠡᠷᠭᠦᠭᠡᠬᠦ ᠪᠠ ᠦᠢᠯᠡᠳᠪᠦᠷᠢᠯᠡᠯ ᠤᠨ ᠬᠡᠪᠴᠢᠶ᠎ᠡ ᠪᠠᠨ ᠲᠠᠰᠤᠷᠠᠯᠲᠠ | ᠤᠢᠭᠡᠢ ᠥᠷᠭᠡᠳᠬᠡᠬᠦ᠂ ᠤᠯᠤᠰ ᠠᠴᠠ ᠰᠢᠯᠵᠢᠭᠦᠯᠦᠨ ᠥᠭᠭᠦᠭᠰᠡᠨ ᠡᠳ᠋ ᠪᠠᠷᠠᠭ᠎ᠠ ᠪᠣᠯᠤᠨ ᠪᠠᠲᠤᠯᠠᠭ᠎ᠠ ᠶᠢᠨ ᠲᠦᠭᠦᠬᠡᠶ | ᠮᠠᠲ᠋ᠧᠷᠢᠶᠠᠯ ᠤᠳ ᠬᠥᠷᠴᠤ ᠢᠷᠡᠬᠦ ᠶᠢ ᠳᠠᠭᠠᠯᠳᠤᠨ᠂ ᠮᠠᠨ ᠤ ᠣᠷᠣᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠶᠢᠨ | ᠪᠠᠴᠢᠮ ᠪᠠᠶᠢᠳᠠᠯ ᠢ ᠪᠦᠲᠦᠮᠵᠢᠲᠡᠶ ᠪᠠᠷ ᠨᠠᠮᠳᠠᠭᠠᠵᠤ ᠪᠤᠢ᠃ | ᠰᠤᠷᠪᠤᠯᠵᠢᠯᠠᠬᠴᠢ᠄ ᠣᠳᠣᠬᠠᠨ ᠤ ᠡᠨᠡ ᠬᠦ ᠣᠨᠴᠠᠭᠠᠶ ᠴᠠᠭ ᠦᠶ᠎ᠡ ᠳᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ | ᠣᠨᠴᠠᠭᠠᠶ ᠴᠢᠬᠤᠯᠠ ᠪᠠᠶᠢᠳᠠᠭ᠂ ᠲᠡᠭᠡᠪᠡᠯ ᠪᠢᠳᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠨᠢᠭᠡᠳᠦᠯᠲᠡᠶ | ᠲᠥᠯᠥᠪᠵᠢᠭᠦᠯᠦᠨ ᠬᠤᠪᠢᠶᠠᠷᠢᠯᠠᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠯᠢ ᠵᠥᠡᠭ ᠺᠠᠢ᠄ ᠭᠤᠤᠯᠳᠠᠯᠭ᠎ᠠ ᠶᠢ ᠪᠠᠲᠤᠯᠠᠬᠤ᠂ ᠪᠠᠭᠤᠷᠠᠶ ᠲᠠᠯ᠎ᠠ ᠶᠢ ᠪᠠᠲᠤᠯᠠᠬᠤ ᠵᠠᠷᠴᠢᠮ ᠶᠣᠰᠣᠭᠠᠷ᠂ | ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ︽ᠪᠠᠴᠢᠮ ᠪᠠᠶᠢᠳᠠᠯ | ᠢ ᠠᠷᠭᠠᠴᠠᠭᠠᠬᠤ ᠡᠳ᠋ ᠪᠣᠳᠠᠰ ᠢ ᠬᠤᠪᠢᠶᠠᠷᠢᠯᠠᠬᠤ ᠲᠥᠰᠦᠯ︾ ᠲᠣᠭᠲᠠᠭᠠᠵᠤ᠂ ᠠᠷᠭ᠎ᠠ ᠪᠦᠬᠦᠨ ᠢ ᠰᠦᠪᠡᠭᠴᠢᠯᠡᠵᠦ | ᠪᠠᠶᠢᠭᠠᠳ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠬᠤᠪᠢᠶᠠᠷᠢᠯᠠᠬᠤ ᠶᠢ | ᠦᠨᠡᠨ ᠬᠦ ᠪᠠᠲᠤᠯᠠᠵᠥ ᠪᠤᠢ᠃ ᠪᠠᠴᠢᠮ ᠲᠤᠳᠠᠬᠳᠠᠬᠤ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠢ ᠦᠨᠳᠦᠰᠦᠨ ᠳᠡᠭᠡᠨ | ᠴᠥᠮ ᠡᠪᠡᠳᠴᠢᠨ ᠤ ᠵᠢᠱᠢᠶ᠎ᠡ ᠶᠢ ᠬᠥᠯᠢᠶᠠᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ ᠪᠠ ᠲᠤᠰᠠᠭᠠᠷᠯᠠᠨ | ᠠᠵᠢᠭᠯᠠᠬᠤ ᠡᠮᠨᠡᠯᠭᠡ ᠶᠢᠨ ᠬᠤᠷᠢᠶ᠎ᠠ ᠵᠡᠷᠭᠡ ᠡᠮᠴᠢᠯᠡᠭᠡᠨ ᠤ ᠪᠠᠶᠢᠭᠤᠯᠤᠮᠵᠢ ᠳᠤ ᠭᠡᠷᠡᠭᠯᠡᠬᠦᠯᠬᠦ ᠶᠢ ᠪᠠᠳᠤᠯᠠᠵᠥ ᠪᠤᠢ᠃ | ᠠᠷᠠᠳ ᠤᠨ ᠬᠡᠷᠡᠭᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠠᠷᠠᠭ᠎ᠠ ᠳᠤ ᠵᠠᠮ ᠬᠠᠷᠢᠯᠴᠠᠭᠠᠨ ᠤ ᠪᠠᠶᠢᠴᠠᠭᠠᠯᠲᠠ ᠶᠢᠨ | ᠥᠷᠲᠡᠭᠡ ᠴᠡᠭ᠂ ᠬᠢᠨᠠᠨ ᠡᠵᠡᠮᠳᠡᠬᠦ ᠣᠷᠣᠨ ᠪᠦᠰᠡ᠂ ᠬᠥᠮᠦᠨ ᠣᠯᠠᠨ ᠴᠤᠭᠯᠠᠷᠠᠬᠤ ᠭᠠᠵᠠᠷ ᠤᠨ ᠬᠡᠷᠡᠭᠴᠡᠭᠡ ᠶᠢ | ᠭᠤᠤᠯᠳᠠᠯᠭ᠎ᠠ ᠲᠠᠢ ᠪᠠᠲᠤᠯᠠᠵᠥ ᠪᠤᠢ᠃ ᠠᠷᠠᠳ ᠤᠨ ᠬᠡᠷᠡᠭᠯᠡᠭᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠢᠷᠡᠯᠲᠡ | ᠶᠢᠨ ᠬᠡᠮᠵᠢᠶ᠎ᠡ ᠠᠭᠠᠵᠢᠮ ᠢᠶᠠᠷ ᠨᠡᠮᠡᠭᠳᠡᠬᠦ ᠶᠢ ᠳᠠᠭᠠᠯᠳᠤᠨ᠂ ᠵᠣᠬᠢᠬᠤ ᠪᠠᠴᠢᠮ ᠪᠠᠶᠢᠳᠠᠯ ᠢ ᠠᠷᠭᠠᠴᠠᠭᠠᠬᠤ ᠬᠡᠷᠡᠭᠴᠡᠭᠡ | ᠱᠠᠭᠠᠷᠳᠠᠯᠭ᠎ᠠ ᠶᠢ ᠦᠯᠡᠳᠡᠭᠡᠬᠦ ᠠᠴᠠ ᠭᠠᠳᠠᠨ᠎ᠠ᠂ ᠨᠢᠭᠡ ᠪᠦᠯᠦᠭ ᠡᠳ᠋ ᠪᠣᠳᠠᠰ ᠢ ᠠᠯᠢ ᠲᠦᠷᠭᠡᠨ ᠢᠶᠠᠷ ᠵᠠᠬ᠎ᠠ | ᠳᠡᠯᠭᠡᠭᠦᠷ ᠲᠤ ᠣᠷᠣᠭᠤᠯᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠥ ᠪᠤᠢ᠃ ᠡᠭᠦᠨ ᠤ ᠬᠠᠮᠲᠤ᠂ ᠡᠳᠦᠷ | ᠲᠤᠲᠤᠮ ᠤᠨ ᠲᠣᠬᠢᠷᠠᠭᠤᠯᠬᠤ ᠲᠣᠭᠲᠠᠴᠠ ᠶᠢ ᠴᠤ ᠪᠠᠶᠢᠭᠤᠯᠵᠤ᠂ ᠠᠶᠢᠮᠠᠭ ᠬᠤᠲᠠ ᠶᠢᠨ ᠰᠡᠷᠭᠡᠶᠢᠯᠡᠨ ᠡᠵᠡᠮᠳᠡᠬᠦ ᠡᠳ᠋ | ᠪᠤᠳᠠᠰ ᠤᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠨ᠂ ᠠᠶᠢᠮᠠᠭ ᠬᠤᠲᠠ ᠶᠢ | ᠵᠢᠯᠣᠭᠤᠳᠴᠤ ᠪᠠᠶᠢᠭᠠᠳ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠪᠠᠷ | ᠲᠤᠬᠢᠷᠠᠭᠤᠯᠤᠨ᠂ ᠡᠪᠡᠳᠴᠢᠨ ᠤ ᠵᠢᠱᠢᠶ᠎ᠡ ᠶᠢ ᠬᠥᠯᠢᠶᠠᠨ ᠠᠪᠴᠤ ᠡᠮᠨᠡᠨ ᠵᠠᠰᠠᠬᠤ ᠡᠮᠨᠡᠯᠭᠡ ᠶᠢᠨ ᠬᠤᠷᠢᠶ᠎ᠠ᠂ | ᠲᠤᠰᠠᠭᠠᠷᠯᠠᠨ ᠠᠵᠢᠭᠯᠠᠬᠤ ᠡᠮᠨᠡᠯᠭᠡ ᠶᠢᠨ ᠬᠤᠷᠢᠶ᠎ᠠ᠂ ᠭᠤᠤᠯᠳᠠᠯᠭ᠎ᠠ ᠲᠠᠢ ᠬᠢᠨᠠᠨ ᠡᠵᠡᠮᠳᠡᠬᠦ ᠣᠷᠣᠨ ᠪᠦᠰᠡ ᠪᠠ | ᠰᠠᠭᠤᠭᠠᠯᠢ ᠠᠷᠠᠳ ᠤᠨ ᠲᠣᠭᠤᠷᠢᠭ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠪᠠᠶᠢᠴᠠᠭᠠᠯᠲᠠ ᠶᠢᠨ ᠥᠷᠲᠡᠭᠡ ᠴᠡᠭ᠂ | ᠬᠥᠮᠦᠨ ᠠᠮᠠ ᠣᠯᠠᠨ ᠴᠤᠭᠯᠠᠷᠠᠬᠤ ᠭᠠᠵᠠᠷ ᠤᠨ ᠠᠵᠢᠯ ᠤᠨ ᠳᠡᠰ ᠳᠠᠷᠠᠭᠠᠯᠠᠯ ᠡᠮᠬᠢ ᠵᠢᠷᠤᠮ ᠲᠠᠢ ᠪᠠᠶᠢᠬᠤ ᠶᠢ | ᠪᠠᠲᠤᠯᠠᠵᠥ ᠪᠤᠢ᠃ | ᠰᠤᠷᠪᠤᠯᠵᠢᠯᠠᠬᠴᠢ᠄ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠨᠡᠶᠢᠭᠡᠮ ᠤᠨ ᠡᠯ᠎ᠡ ᠡᠲᠡᠭᠡᠳ | ᠤᠨ ᠬᠢᠨ ᠵᠠᠯᠭᠠᠭ᠎ᠠ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠠᠶ᠂ ᠲᠠ ᠥᠪᠡᠷᠲᠡᠭᠡᠨ ᠵᠠᠰᠠᠬᠤ ᠣᠷᠣᠨ ᠤ | ᠨᠡᠶᠢᠭᠡᠮ ᠤᠨ ᠪᠡᠯᠡᠭᠯᠡᠨ ᠬᠦᠷᠭᠡᠭᠰᠡᠨ ᠪᠠ ᠬᠤᠪᠢᠶᠠᠷᠢᠯᠠᠨ ᠬᠡᠷᠡᠭᠯᠡᠵᠦ ᠪᠠᠶᠢᠭ᠎ᠠ ᠪᠠᠶᠢᠳᠠᠯ ᠢ ᠲᠠᠨᠢᠯᠴᠠᠭᠤᠯᠤᠭᠠᠳ | ᠥᠭᠭᠦᠨ᠎ᠡ ᠤᠤ︖ | ᠯᠢ ᠵᠥᠡᠭ ᠺᠠᠢ᠄ 2 ᠰᠠᠷ᠎ᠠ ᠶᠢᠨ 4 ᠤ ᠡᠳᠦᠷ ᠤᠨ 17 ᠴᠠᠭ ᠪᠣᠯᠲᠠᠯ᠎ᠠ᠂ ᠪᠥᠬᠦ ᠣᠷᠣᠨ ᠤ ᠡᠯ᠎ᠡ ᠱᠠᠲᠤᠨ | ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠡᠶᠢᠬᠡᠮ ᠨᠡᠶᠢᠲᠡ ᠶᠢᠨ ᠬᠠᠨᠳᠢᠪᠯᠠᠭᠰᠠᠨ ᠵᠣᠭᠤᠰ ᠪᠠ ᠡᠳ᠋ ᠪᠣᠳᠠᠰ ᠢ | ᠨᠡᠶᠢᠲᠡ 27562.47 ᠲᠦᠮᠡᠨ ᠲᠥᠭᠦᠷᠢᠭ ᠴᠤᠭᠯᠠᠭᠤᠯᠤᠭᠰᠠᠨ ᠪᠠ ᠭᠥᠯᠢᠶᠡᠨ ᠠᠪᠴᠠᠢ᠂ ᠡᠭᠦᠨ ᠳᠤ ᠪᠠᠯᠠ | ᠮᠥᠩᠭᠦ 19369.24ᠲᠦᠮᠡᠨ ᠲᠥᠭᠦᠷᠢᠭ᠂ 8193.23 ᠲᠦᠮᠡᠨ ᠲᠥᠭᠦᠷᠢᠭ ᠤᠨ ᠦᠷᠲᠡᠭ ᠪᠦᠬᠦᠢ ᠡᠳ᠋ | ᠪᠣᠳᠠᠰ ᠪᠤᠢ᠃ ᠨᠡᠶᠢᠭᠡᠮ ᠤᠨ ᠬᠠᠨᠳᠢᠪᠯᠠᠭᠰᠠᠨ ᠵᠣᠭᠤᠰ ᠮᠥᠩᠭᠦ ᠡᠳ᠋ ᠪᠣᠳᠠᠰ ᠢ ᠨᠡᠶᠢᠲᠡ 12873.83 ᠲᠦᠮᠡᠨ | ᠲᠥᠭᠦᠷᠢᠭ ᠵᠠᠷᠤᠴᠠᠭᠤᠯᠵᠤ ᠪᠤᠢ᠂ ᠡᠭᠦᠨ ᠳᠤ 8567.58 ᠲᠦᠮᠡᠨ ᠲᠥᠭᠦᠷᠢᠭ ᠤᠨ ᠪᠠᠯᠠ ᠮᠥᠩᠭᠦ ︵ | ᠲᠤᠬᠳᠠᠬᠰᠠᠨ ᠴᠢᠭᠯᠡᠯ ᠢᠶᠠᠷ ᠬᠠᠨᠳᠢᠪᠯᠡᠬᠰᠡᠨ ᠬᠤᠪᠸᠢ ᠮᠤᠵᠢ ᠶᠢᠨ ᠦᠬᠠᠨ ᠬᠤᠲᠠ ᠶᠢᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠯᠠ ᠮᠥᠩᠭᠦ 6000 ᠲᠦᠮᠡᠨ ᠲᠥᠭᠦᠷᠢᠭ ᠪᠠᠭᠲᠠᠨ᠎ᠠ︶᠂ ᠡᠳ᠋ ᠪᠣᠳᠠᠰ ᠤᠨ ᠦᠷᠲᠡᠭ ᠨᠢ | 4306.25 ᠲᠦᠮᠡᠨ ᠲᠥᠭᠦᠷᠢᠭ ᠲᠤ ᠬᠦᠷᠴᠡᠶ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠰ ᠱᠠᠲᠤ ᠨᠢ ᠨᠡᠶᠢᠲᠡ | 13457.07 ᠲᠦᠮᠡᠨ ᠲᠥᠭᠦᠷᠢᠭ ᠴᠤᠭᠯᠠᠭᠤᠯᠤᠬᠰᠠᠨ ᠪᠠ ᠬᠦᠯᠢᠶᠡᠨ ᠠᠪᠴᠠᠶ᠂ ᠡᠭᠦᠨ ᠳᠤ ᠪᠡᠯᠡ ᠮᠥᠩᠭᠦ | 6302.83 ᠲᠦᠮᠡᠨ ᠲᠥᠭᠦᠷᠢᠭ ᠵᠢᠴᠢ 7154.24 ᠲᠦᠮᠡᠨ ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠢ | ᠪᠠᠭᠲᠠᠭᠠᠵᠠᠢ᠃ ᠣᠲᠣ ᠨᠢᠭᠡᠨᠲᠡ ᠬᠥᠯᠢᠶᠠᠨ ᠠᠪᠴᠤ ᠲᠠᠩᠰᠠᠯᠠᠭᠤᠯᠤᠬᠰᠠᠨ ᠪᠡᠯᠡ ᠮᠥᠡᠭᠭᠦ ᠪᠠ ᠡᠳ᠋ ᠪᠣᠳᠠᠰ ᠨᠡᠶᠢᠲᠡ | 6111.65 ᠲᠦᠮᠡᠨ ᠲᠥᠭᠦᠷᠢᠭ ᠲᠤ ᠬᠥᠷᠴᠤ᠂ ᠨᠢᠭᠡᠨᠲᠡ ᠬᠠᠨᠳᠢᠪᠯᠠᠭᠰᠠᠨ ᠪᠥᠭᠡᠳ ᠶᠠᠭ ᠨᠠᠶᠢᠳᠠᠪᠤᠷᠢᠵᠢᠭᠤᠯᠵᠤ | ᠪᠠᠶᠢᠭ᠎ᠠ ᠵᠣᠭᠤᠰ ᠪᠠ ᠡᠳ᠋ ᠪᠣᠳᠠᠰ ᠨᠡᠶᠢᠲᠡ 7345.42 ᠲᠦᠮᠡᠨ ᠲᠥᠭᠦᠷᠢᠭ ᠲᠤ ᠬᠥᠷᠴᠤ ᠪᠤᠢ᠃ | ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠣᠰ ᠱᠠᠲᠤ | ᠨᠡᠶᠢᠲᠡ 3933.82 ᠲᠦᠮᠡᠨ ᠲᠥᠭᠦᠷᠢᠭ ᠤᠨ ᠨᠡᠶᠢᠭᠡᠮ ᠤᠨ ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ | ᠢ ᠵᠠᠷᠤᠴᠠᠭᠤᠯᠪᠠ᠃ ᠬᠠᠨᠳᠢᠪᠯᠠᠨ ᠬᠦᠷᠭᠡᠭᠰᠡᠨ ᠠᠯᠢᠪᠠ ᠵᠣᠭᠤᠰ ᠮᠥᠩᠭᠦ ᠡᠳ᠋ ᠪᠣᠳᠠᠰ ᠢ ᠢᠯᠡ ᠲᠣᠳᠣ᠂ ᠥᠨᠳᠥᠷ | ᠪᠦᠲᠦᠮᠵᠢᠲᠡᠶ ᠪᠠᠶᠢᠬᠤ ᠵᠠᠷᠴᠢᠮ ᠶᠣᠰᠣᠭᠠᠷ ᠬᠠᠮᠢᠶᠠᠷᠴᠤ᠂ ᠬᠠᠨᠳᠢᠪᠯᠠᠨ ᠬᠦᠷᠭᠡᠭᠴᠢ ᠨᠢ ᠲᠣᠳᠣᠷᠬᠠᠶ ᠬᠦᠰᠡᠯ | ᠡᠷᠡᠮᠡᠯᠵᠡᠯ ᠲᠠᠢ ᠪᠠᠶᠢᠪᠠᠯ᠂ ᠬᠠᠨᠳᠢᠪᠯᠠᠨ ᠬᠦᠷᠭᠡᠭᠴᠢ ᠶᠢᠨ ᠬᠦᠰᠡᠯ ᠡᠷᠡᠮᠡᠯᠵᠡᠯ ᠶᠣᠰᠣᠭᠠᠷ ᠴᠠᠭ ᠲᠤᠬᠠᠶ ᠳᠤᠨᠢ | ᠲᠤᠬᠳᠠᠬᠰᠠᠨ ᠴᠢᠭᠯᠡᠯ ᠲᠠᠢ ᠪᠠᠷ ᠪᠦᠬᠦ ᠲᠤᠭ᠎ᠠ ᠪᠠᠷ ᠰᠠᠯᠭᠠᠨ ᠥᠭᠭᠦᠨ᠎ᠡ᠃ ᠬᠠᠨᠳᠢᠪᠯᠠᠨ ᠬᠦᠷᠭᠡᠬᠦ ᠬᠦᠰᠡᠯ | ᠰᠠᠨᠠᠭ᠎ᠠ ᠪᠠᠨ ᠲᠣᠳᠣᠷᠬᠠᠶᠢᠯᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠳᠤᠭᠤᠶᠢᠯᠠᠩ ᠳᠤ ᠮᠡᠳᠡᠭᠦᠯᠵᠦ | ᠭᠤᠤᠯᠳᠠᠯᠭ᠎ᠠ ᠶᠢ ᠪᠠᠲᠤᠯᠠᠬᠤ᠂ ᠪᠠᠭᠤᠷᠠᠶ ᠲᠠᠯ᠎ᠠ ᠶᠢ ᠪᠠᠲᠤᠯᠠᠬᠤ᠂ ᠪᠠᠴᠢᠮ ᠬᠡᠷᠡᠭᠴᠡᠭᠡ ᠶᠢ ᠪᠠᠲᠤᠯᠠᠬᠤ ᠵᠠᠷᠴᠢᠮ | ᠶᠣᠰᠣᠭᠠᠷ ᠬᠤᠪᠢᠶᠠᠷᠢᠯᠠᠬᠤ ᠲᠥᠰᠦᠯ ᠢ ᠲᠣᠭᠲᠠᠭᠠᠵᠤ᠂ ᠨᠢᠭᠡᠳᠦᠯᠲᠡᠶ ᠲᠥᠯᠥᠪᠵᠢᠭᠦᠯᠦᠨ ᠬᠤᠪᠢᠶᠠᠷᠢᠯᠠᠨ᠎ᠠ᠃ | ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠦᠬᠦ ᠣᠷᠣᠨ ᠤ ᠡᠯ᠎ᠡ ᠱᠠᠲᠤᠨ ᠤ | ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠠᠨᠳᠢᠪᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠬᠦᠯᠢᠶᠡᠨ | ᠠᠪᠬᠤ᠂ ᠬᠠᠮᠢᠶᠠᠷᠬᠤ ᠪᠠ ᠮᠡᠳᠡᠭᠡ ᠵᠠᠩᠭᠢ ᠶᠢ ᠢᠯᠡ ᠪᠣᠯᠭᠠᠬᠤ ᠵᠡᠷᠭᠡ ᠠᠵᠢᠯ ᠢ ᠵᠢᠷᠤᠮᠵᠢᠭᠤᠯᠬᠤ ᠶᠢᠨ ᠬᠠᠮᠲᠤ | ᠲᠤᠰᠠᠯᠠᠨ ᠬᠦᠷᠭᠡᠭᠰᠡᠨ ᠵᠣᠭᠤᠰ ᠮᠥᠩᠭᠦ ᠡᠳ᠋ ᠪᠣᠳᠠᠰ ᠢ ᠪᠦᠬᠦᠨ ᠢ ᠬᠢᠵᠢᠭ ᠤᠨ ᠪᠠᠶᠢᠳᠠᠯ ᠢ ᠰᠡᠷᠭᠡᠶᠢᠯᠡᠨ | ᠬᠢᠵᠠᠭᠠᠷᠯᠠᠬᠤ ᠠᠵᠢᠯ ᠳᠤ ᠬᠡᠷᠡᠭᠯᠡᠬᠦ ᠶᠢ ᠦᠨᠡᠨ ᠬᠦ ᠪᠠᠲᠤᠯᠠᠨ᠎ᠠ᠃ | ᠡᠨᠡ ᠬᠦ ᠲᠠᠰᠢᠷᠠᠮ ᠢᠶᠠᠷ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠵᠢᠯ ᠳᠤ ᠬᠦᠴᠦᠲᠡᠶ ᠳᠡᠮᠵᠢᠯᠭᠡ ᠪᠠ ᠬᠠᠶᠢᠷ᠎ᠠ ᠬᠠᠯᠠᠮᠵᠢ᠂ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ︕ | ᠪᠢᠳᠡ ᠢᠯᠡ ᠲᠣᠳᠣ᠂ ᠥᠨᠳᠥᠷ ᠪᠦᠲᠦᠮᠵᠢᠲᠡᠶ ᠪᠠᠶᠢᠬᠤ ᠵᠠᠷᠴᠢᠮ ᠶᠣᠰᠣᠭᠠᠷ᠂ ᠬᠠᠨᠳᠢᠪᠯᠠᠨ ᠬᠦᠷᠭᠡᠭᠰᠡᠨ ᠵᠣᠭᠤᠰ | ᠪᠠ ᠡᠳ᠋ ᠪᠣᠳᠠᠰ ᠢ ᠬᠤᠪᠢᠶᠠᠷᠢᠯᠠᠨ ᠬᠡᠷᠡᠭᠯᠡᠬᠦ ᠠᠵᠢᠯ ᠢ ᠴᠢᠩ ᠰᠡᠳᠬᠢᠯ ᠠᠴᠠ ᠪᠠᠨ ᠰᠠᠶᠢᠲᠤᠷ ᠬᠢᠵᠦ᠂ ᠭᠥᠯᠢᠶᠡᠨ | ᠠᠪᠤᠭᠰᠠᠨ ᠬᠠᠨᠳᠢᠪᠯᠠᠨ ᠬᠦᠷᠭᠡᠭᠰᠡᠨ ᠵᠣᠭᠤᠰ ᠪᠠ ᠡᠳ᠋ ᠪᠣᠳᠠᠰ ᠢ ᠪᠦᠬᠦᠨ ᠢ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤ ᠬᠡᠷᠡᠭᠯᠡᠬᠦ ᠶᠢ ᠦᠨᠡᠨ ᠬᠦ ᠪᠠᠲᠤᠯᠠᠵᠤ᠂ ᠬᠠᠮᠤᠭ ᠤᠨ ᠪᠠᠴᠢᠮ ᠬᠡᠷᠡᠭᠴᠡᠭᠡ ᠲᠠᠢ ᠭᠠᠵᠠᠷ ᠲᠤ ᠬᠡᠷᠡᠭᠯᠡᠵᠦ᠂ | ᠪᠠᠰᠠ ᠨᠡᠶᠢᠭᠡᠮ ᠤᠨ ᠡᠯ᠎ᠡ ᠡᠲᠡᠭᠡᠳ᠂ ᠥᠷᠭᠡᠨ ᠣᠯᠠᠨ ᠲᠦᠮᠡᠨ ᠪᠠ ᠰᠣᠨᠢᠨ ᠮᠡᠳᠡᠭᠡᠨ ᠤ ᠵᠠᠭᠤᠴᠢᠯᠠᠭᠤᠷ ᠢᠶᠠᠷ | ᠬᠢᠨᠠᠯᠲᠠ ᠲᠠᠯᠪᠢᠬᠤ ᠶᠢ ᠬᠥᠢᠴᠡᠳᠭᠡᠬᠦ ᠪᠤᠯᠤᠨ᠎ᠠ᠃ | ᠰᠤᠷᠪᠤᠯᠵᠢᠯᠠᠬᠴᠢ᠄ ᠵᠠᠷᠢᠮ ᠰᠦᠯᠵᠢᠶᠡᠨ ᠢᠷᠭᠡᠳ ᠤᠨ ᠲᠤᠰᠬᠠᠭᠰᠠᠨ ᠢᠶᠠᠷ᠂ ᠣᠳᠣᠬᠠᠨ ᠳᠤ ᠨᠡᠶᠢᠭᠡᠮ | ᠳᠡᠭᠡᠷ᠎ᠡ ᠵᠠᠷᠢᠮ ᠰᠡᠷᠭᠡᠶᠢᠯᠡᠨ ᠡᠵᠡᠮᠳᠡᠬᠦ ᠡᠳ᠋ ᠪᠣᠳᠠᠰ ᠤᠨ ᠦᠨ᠎ᠡ ᠬᠠᠩᠰᠢ ᠶᠢ ᠥᠰᠬᠡᠬᠦ ᠦᠵᠡᠭᠳᠡᠯ ᠭᠠᠷᠴᠤ ᠪᠠᠶᠢᠨ᠎ᠠ᠂ | ᠡᠭᠦᠨ ᠳᠤ ᠪᠢᠳᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ | ᠠᠪᠤᠭᠰᠠᠨ ᠪᠤᠢ︖ | ᠯᠢ ᠵᠥᠡᠭ ᠺᠠᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠣᠳᠠᠲᠤ ᠪᠠᠶᠢᠳᠠᠯ ᠢ | ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠣᠶᠢᠷ᠎ᠠ ᠶᠢᠨ ᠬᠤᠭᠤᠴᠠᠭᠠᠨ ᠳᠤ ᠬᠠᠤᠯᠢ ᠬᠡᠷᠡᠭᠵᠢᠭᠦᠯᠬᠦ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠪᠠ᠃ | ᠨᠢᠭᠡ ᠳᠤ᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ ᠦᠨ᠎ᠡ ᠬᠠᠩᠰᠢ ᠶᠢᠨ ᠡᠮᠬᠢ | ᠵᠢᠷᠤᠮ ᠢ ᠬᠠᠮᠠᠭᠠᠯᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠯᠪᠠᠨ ᠵᠠᠷ︾ ᠪᠠ ︽ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠤ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠶ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠠᠮᠠᠪᠴᠢ | ᠪᠠ ᠠᠷᠢᠭᠤᠳᠬᠠᠬᠰᠠᠨ ᠬᠡᠷᠡᠭᠰᠡᠯ ᠢᠶᠠᠷ ᠭᠤᠤᠯᠳᠠᠯᠭ᠎ᠠ ᠪᠣᠯᠭᠠᠵᠤ᠂ ᠡᠳᠦᠷ ᠲᠤᠲᠤᠮ ᠤᠨ ᠲᠣᠭᠤᠷᠢᠨ | ᠪᠠᠶᠢᠴᠠᠭᠠᠯᠳᠠ ᠪᠠᠨ ᠴᠢᠩᠭᠠᠳᠬᠠᠵᠤ᠂ ᠣᠯᠵᠤ ᠮᠡᠳᠡᠭᠰᠡᠨ ᠪᠠᠷᠠᠭᠠᠨ ᠤ ᠦᠨ᠎ᠡ ᠶᠢ ᠥᠰᠬᠡᠬᠦ ᠵᠡᠷᠭᠡ ᠦᠢᠯᠡ | ᠠᠵᠢᠯᠯᠠᠭ᠎ᠠ ᠶᠢ ᠴᠥᠮ ᠵᠤᠬᠢᠰᠳᠠᠢ ᠰᠢᠢᠳᠪᠤᠷᠢᠯᠠᠵᠠᠢ᠃ 2 ᠰᠠᠷ᠎ᠠ ᠶᠢᠨ 1 ᠤ ᠡᠳᠦᠷ ᠪᠣᠯᠲᠠᠯ᠎ᠠ᠂ ᠭᠡᠷᠡᠭ ᠪᠤᠯᠭᠠᠨ | ᠲᠠᠩᠰᠠᠯᠠᠬᠰᠠᠨ ᠭᠡᠷᠡᠭ ᠨᠡᠶᠢᠲᠡ 136᠂ ᠡᠬᠦᠨ ᠳᠤ 18 ᠬᠡᠷᠡᠭ ᠢ ᠨᠢ ᠪᠠᠶᠢᠴᠠᠭᠠᠨ ᠰᠢᠢᠳᠪᠤᠷᠢᠯᠡᠵᠥ᠂ 51 ᠶᠢ ᠨᠢ | ᠬᠤᠷᠢᠬᠯᠠᠨ ᠵᠣᠭᠰᠣᠭᠠᠵᠤ᠂ 12 ᠢ ᠨᠢ ᠪᠠᠶᠢᠴᠠᠭᠠᠨ ᠪᠢᠲᠡᠭᠦᠮᠵᠢᠯᠡᠪᠡ᠃ | ᠲᠠᠷᠠᠭᠠᠴᠢ ᠶᠢᠨ ᠠᠯᠬᠤᠮ ᠳᠤ ᠲᠣᠭᠤᠷᠢᠨ ᠪᠠᠶᠢᠴᠠᠭᠠᠬᠤ ᠡᠷᠴᠢᠮ ᠢᠶᠠᠨ ᠦᠷᠭᠦᠯᠵᠢᠯᠡᠨ ᠴᠢᠩᠭᠠᠳᠬᠠᠵᠥ᠂ ᠡᠳ᠋ | ᠪᠣᠳᠠᠰ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠨ᠎ᠠ᠃ ᠬᠤᠶᠠᠷ ᠲᠤ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ | ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ 1231 ᠬᠠᠯᠠᠮᠰᠢᠯ ᠤᠲᠠᠰᠤ ᠶᠢᠨ ᠨᠡᠪᠳᠡᠷᠡᠯᠴᠡᠭᠡ ᠶᠢ | ᠴᠢᠩᠭᠠᠳᠬᠠᠬᠤ ᠶᠢᠨ ᠬᠠᠮᠲᠤ᠂ ᠰᠦᠯᠵᠢᠶᠡᠨ ᠥᠷᠲᠡᠭᠡ᠂ APP᠂ ᠵᠢᠷᠭᠢᠶ᠎ᠡ ᠶᠢᠨ ᠠᠯᠪᠠᠨ ᠨᠣᠮᠧᠷ ᠵᠡᠷᠭᠡ ᠶᠢᠨ ᠡᠯ᠎ᠡ | ᠲᠥᠷᠥᠯ ᠤᠨ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠠᠢ᠃ ᠬᠢᠨᠠᠨ | ᠪᠠᠶᠢᠴᠠᠭᠠᠵᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠦᠨᠳᠦᠰᠦᠯᠡᠨ᠂ ᠲᠤᠰᠬᠠᠯ ᠲᠥᠪᠯᠡᠷᠡᠭᠰᠡᠨ ᠠᠰᠠᠭᠤᠳᠠᠯ ᠢ | ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠠᠮᠠᠪᠴᠢ᠂ ᠪᠠᠺᠲ᠋ᠧᠷᠢ ᠠᠯᠠᠬᠤ ᠠᠷᠢᠭᠤᠳᠬᠠᠬᠤ | ᠬᠡᠷᠡᠭᠰᠡᠯ᠂ ᠸᠢᠷᠦ᠋ᠰ ᠢ ᠡᠰᠡᠷᠭᠦᠴᠡᠬᠦ ᠡᠮ ᠤᠨ ᠵᠦᠢᠯ ᠵᠡᠷᠭᠡ ᠬᠢᠵᠢᠭ ᠢ ᠰᠡᠷᠭᠡᠶᠢᠯᠡᠬᠦ ᠬᠡᠷᠡᠭᠰᠡᠯ ᠤᠨ ᠵᠠᠬ᠎ᠠ ᠳᠡᠯᠭᠡᠭᠦᠷ | ᠤᠨ ᠦᠨ᠎ᠡ ᠬᠠᠩᠰᠢ ᠶᠢ ᠬᠢᠨᠠᠨ ᠬᠠᠮᠢᠶᠠᠷᠬᠤ ᠪᠠ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ | ᠭᠤᠷᠪᠠ ᠳᠤ᠂ ᠬᠠᠤᠯᠢ ᠶᠢ ᠵᠥᠷᠢᠴᠡᠭᠰᠡᠨ 8 ᠨᠡᠶᠢᠲᠡᠯᠢᠭ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠢᠯᠡ ᠪᠠᠷ | ᠨᠡᠶᠢᠲᠡᠯᠡᠵᠠᠢ᠂ ᠡᠳᠡᠭᠡᠷ ᠨᠢ ᠭᠤᠤᠯᠳᠠᠭᠤ ᠠᠮᠠᠪᠴᠢ ᠶᠢᠨ ᠲᠠᠯ᠎ᠠ ᠪᠠᠷ ᠦᠨ᠎ᠡ ᠬᠠᠩᠰᠢ ᠶᠢ ᠥᠰᠬᠡᠭᠰᠡᠨ᠂ ᠦᠨ᠎ᠡ | ᠬᠠᠩᠰᠢ ᠶᠢᠨ ᠮᠡᠬᠡᠯᠡᠯ ᠬᠢᠭᠰᠡᠨ᠂ ᠦᠨ᠎ᠡ ᠬᠠᠩᠰᠢ ᠶᠢ ᠲᠣᠳᠣᠷᠬᠠᠶ ᠲᠡᠮᠳᠡᠭᠯᠡᠭᠰᠡᠨ ᠥᠬᠡᠶ ᠵᠡᠷᠭᠡ ᠦᠨ᠎ᠡ ᠬᠠᠩᠰᠢ ᠶᠢᠨ | ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠬᠤᠯᠪᠣᠭᠳᠠᠵᠤ᠂ ᠬᠡᠷᠡᠭ ᠢ ᠰᠢᠢᠳᠪᠦᠷᠢᠯᠡᠭᠰᠡᠨ ᠳ᠋ᠦᠩ ᠢ | ᠢᠯᠡ ᠪᠠᠷ ᠨᠡᠶᠢᠲᠡᠯᠡᠭᠰᠡᠨ ᠨᠢ ᠬᠠᠤᠯᠢ ᠪᠤᠰᠤ ᠠᠵᠢᠯᠯᠠᠭ᠎ᠠ ᠳᠤ ᠬᠦᠴᠦᠲᠡᠶ ᠰᠦᠷᠳᠡᠭᠦᠯᠦᠯ ᠪᠣᠯᠵᠣ᠂ ᠭᠤᠤᠯᠳᠠᠯᠭ᠎ᠠ ᠲᠠᠢ | ᠦᠢᠯᠡᠳᠬᠦᠨ ᠤ ᠦᠨ᠎ᠡ ᠬᠠᠩᠰᠢ ᠶᠢᠨ ᠶᠡᠭᠡ ᠪᠠᠷ ᠥᠰᠬᠦ ᠶᠢ ᠪᠦᠲᠦᠮᠵᠢᠲᠡᠶ ᠬᠤᠷᠢᠬᠯᠠᠪᠠ᠃ |