| 2 ᠰᠠᠷ᠎ᠠ ᠶᠢᠨ 6 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ | ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠬᠢᠨ ᠶᠢᠰᠦᠳᠦᠭᠡᠷ ᠤᠳᠠᠭᠠᠨ ᠤ ᠰᠤᠨᠢᠨ ᠮᠡᠳᠡᠭᠡ ᠨᠡᠶᠢᠳᠡᠯᠡᠬᠦ ᠬᠤᠷᠠᠯ | ᠬᠤᠷᠠᠯᠳᠤᠭᠤᠯᠵᠠᠢ᠃ ᠰᠤᠨᠢᠨ ᠮᠡᠳᠡᠭᠡ ᠨᠡᠶᠢᠳᠡᠯᠡᠬᠦ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠰᠢᠨ᠎ᠠ | ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠲᠤᠭᠤᠢᠢᠯᠠᠩ ᠤᠨ | ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ | ᠬᠤᠷᠢᠶᠠᠨ ᠤ ᠲᠡᠳ᠋ ᠱᠦᠵᠢ ᠯᠢ ᠭᠠᠩ᠂ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ | ᠬᠦᠳᠡᠭᠡ ᠲᠤᠰᠬᠤᠨ ᠮᠠᠯᠵᠢᠬᠤ ᠤᠷᠤᠨ ᠤ ᠲᠢᠩᠭᠢᠮ ᠤᠨ ᠰᠤᠨᠢᠨ ᠮᠡᠳᠡᠭᠡᠨ ᠤ ᠦᠭᠦᠯᠡᠭᠴᠢ᠂ ᠬᠤᠶᠠᠳᠤᠭᠠᠷ ᠲᠡᠰ ᠤᠨ | ᠲᠤᠭᠤᠷᠢᠨ ᠪᠠᠶᠢᠴᠠᠭᠠᠭᠴᠢ ᠸᠠᠩ ᠢᠤᠢ ᠹᠧᠩ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ | ᠲᠢᠩᠭᠢᠮ ᠤᠨ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ ᠭᠤᠤ ᠵᠢᠶᠠᠨ ᠬᠤᠸᠠ ᠲᠤᠰᠪᠤᠷᠢ ᠮᠠᠯᠵᠢᠬᠤ | ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠤᠬᠠᠢ ᠰᠤᠷᠪᠤᠯᠵᠢᠯᠠᠭᠴᠢ ᠶᠢᠨ | ᠠᠰᠠᠭᠤᠯᠳᠠ ᠶᠢ ᠬᠠᠷᠢᠭᠤᠯᠪᠠ᠃ | ᠰᠤᠷᠪᠤᠯᠵᠢᠯᠠᠭᠴᠢ᠄ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ | ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠷᠬᠢᠨ | ᠪᠠᠶᠢᠷᠢᠯᠠᠭᠤᠯᠤᠭᠰᠠᠨ ᠪᠤᠢ︖ | ᠯᠢ ᠭᠠᠩ᠄ ᠮᠠᠯᠵᠢᠬᠤ ᠲᠠᠷᠢᠶᠠᠯᠠᠬᠤ ᠤᠷᠤᠨ ᠤ ᠰᠡᠷᠭᠡᠶᠢᠯᠡᠬᠦ ᠠᠵᠢᠯ ᠢ ᠰᠠᠶᠢᠳᠤᠷ ᠬᠢᠬᠦ ᠨᠢ ᠬᠢᠵᠢᠭ | ᠲᠡᠯᠭᠡᠷᠡᠬᠦ ᠶᠢ ᠰᠡᠷᠭᠡᠶᠢᠯᠡᠬᠦ ᠳᠤ ᠲᠦᠢᠯ ᠤᠨ ᠴᠢᠬᠤᠯᠠ ᠪᠦᠭᠡᠳ ᠪᠦᠬᠦ ᠤᠷᠤᠨ ᠤ ᠪᠦᠬᠦᠯᠢ ᠴᠤᠭᠴᠠ ᠶᠢᠨ ᠰᠡᠷᠭᠡᠶᠢᠯᠡᠨ | ᠡᠵᠡᠮᠳᠡᠬᠦ ᠠᠵᠢᠯ ᠢ ᠰᠠᠶᠢᠳᠤᠷ ᠠᠳᠬᠤᠬᠤ ᠳᠤ ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶᠠᠨ ᠤ ᠡᠯ᠎ᠠ ᠵᠦᠢᠯ ᠤᠨ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠬᠢᠭᠡᠳ ᠬᠤᠳᠠ ᠲᠤᠭᠤᠷᠢᠭ ᠤᠨ ᠰᠡᠷᠭᠡᠶᠢᠯᠡᠨ ᠡᠵᠡᠮᠳᠡᠬᠦ ᠶᠢ ᠵᠡᠷᠭᠡᠪᠡᠷ ᠰᠤᠳᠤᠯᠵᠤ᠂ ᠵᠡᠷᠭᠡᠪᠡᠷ | ᠪᠠᠶᠢᠷᠢᠯᠠᠭᠤᠯᠵᠤ᠂ ᠨᠢᠭᠡ ᠴᠤᠭᠴᠠᠵᠢᠭᠤᠯᠤᠨ ᠠᠬᠢᠭᠤᠯᠪᠠ᠃ ᠦᠪᠡᠷᠳᠡᠭᠡᠨ ᠵᠠᠰᠠᠬᠤ ᠤᠷᠤᠨ ᠤ ᠭᠤᠤᠯ ᠪᠤᠯᠬᠤ | ᠤᠳᠤᠷᠢᠳᠤᠯᠭ᠎ᠠ ᠤᠯᠠᠨ ᠤᠳᠠᠭ᠎ᠠ ᠮᠠᠯᠵᠢᠬᠤ ᠲᠠᠷᠢᠶᠠᠯᠠᠬᠤ ᠤᠷᠤᠨ ᠤ ᠬᠢᠵᠢᠭ ᠢ ᠰᠡᠷᠭᠡᠶᠢᠯᠡᠬᠦ ᠡᠮᠦᠨ᠎ᠠ ᠹᠷᠤᠨᠲ ᠲᠤ | ᠭᠦᠨᠵᠡᠭᠡᠶᠢᠷᠡᠨ᠂ ᠤᠷᠢᠳᠴᠢᠯᠠᠨ ᠮᠡᠳᠡᠭᠳᠡᠬᠦ ᠦᠭᠡᠢ ᠪᠠᠷ ᠰᠤᠭᠤᠴᠢᠨ ᠪᠠᠶᠢᠴᠠᠭᠠᠬᠤ᠂ ᠢᠯᠡ ᠪᠠᠷ ᠪᠠᠶᠢᠴᠠᠭᠠᠵᠤ | ᠲᠠᠯᠳᠠᠭᠤᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠤᠳᠠᠳᠠᠢ ᠭᠠᠵᠠᠷ ᠲᠤᠨᠢ ᠱᠠᠯᠠᠪᠳᠠᠭᠤᠯᠤᠨ | ᠪᠠᠶᠢᠴᠠᠭᠠᠵᠤ᠂ ᠠᠬᠤᠢ ᠲᠠᠯᠠᠪᠠᠢ ᠳᠤᠨᠢ ᠵᠢᠭᠠᠨ ᠵᠢᠯᠤᠭᠤᠳᠴᠤ᠂ ᠬᠢᠵᠢᠭ ᠤᠨ ᠪᠠᠶᠢᠳᠠᠯ ᠢ ᠬᠤᠷᠢᠠᠠᠯᠠᠨ ᠡᠵᠡᠮᠳᠡᠬᠦ | ᠲᠠᠶᠢᠯᠠᠯᠳᠤᠭᠠᠨ ᠤ ᠢᠯᠠᠯᠳᠠ ᠶᠢ ᠵᠠᠪᠠᠯ ᠤᠯᠬᠤ ᠬᠡᠷᠡᠭᠳᠡᠢ ᠭᠡᠵᠦ ᠱᠠᠭᠠᠷᠳᠠᠪᠠ᠃ ᠦᠪᠡᠷᠳᠡᠭᠡᠨ ᠵᠠᠰᠠᠬᠤ ᠤᠷᠤᠨ ᠠᠴᠠ | 12 ᠠᠵᠢᠯᠯᠠᠬᠤ ᠲᠤᠭᠤᠢᠢᠯᠠᠩ ᠲᠤᠮᠢᠯᠠᠵᠤ᠂ ᠮᠤᠵᠢ ᠶᠢᠨ ᠱᠠᠳᠤᠨ ᠤ ᠤᠳᠤᠷᠢᠳᠤᠯᠭ᠎ᠠ ᠪᠠᠷ ᠲᠤᠯᠤᠭᠠᠢᠢᠯᠠᠭᠤᠯᠵᠤ᠂ | ᠡᠯ᠎ᠠ ᠭᠠᠵᠠᠷ ᠲᠤ ᠬᠦᠷᠴᠦ ᠲᠤᠰᠬᠠᠢ ᠵᠦᠢᠯ ᠢᠶᠠᠷ ᠱᠠᠯᠠᠪᠳᠠᠭᠤᠯᠤᠨ ᠵᠢᠯᠤᠭᠤᠳᠴᠤ᠂ ᠬᠠᠷᠢᠶ᠎ᠠ ᠭᠠᠵᠠᠷ ᠤᠨ | ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠨᠠᠶᠢᠳᠠᠪᠤᠷᠢᠵᠢᠭᠤᠯᠤᠯᠳᠠ ᠶᠢ ᠠᠬᠢᠭᠤᠯᠵᠠᠢ᠃ | ᠤᠯᠠᠨ ᠤ ᠮᠡᠳᠡᠭᠡᠵᠢ ᠪᠠᠷ᠂ ᠮᠠᠨ ᠤ ᠤᠷᠤᠨ ᠤ ᠭᠠᠵᠠᠷ ᠨᠤᠳᠤᠭ ᠦᠷᠭᠡᠨ ᠠᠭᠤᠳᠠᠮ᠂ ᠬᠦᠮᠦᠨ ᠠᠮᠠ | ᠰᠡᠶᠢᠷᠡᠭ᠂ ᠮᠠᠯᠴᠢᠨ ᠲᠠᠷᠢᠶᠠᠴᠢᠳ ᠲᠠᠷᠠᠬᠠᠢ ᠪᠤᠳᠠᠷᠬᠠᠢ ᠰᠠᠭᠤᠷᠢᠰᠢᠵᠤ ᠪᠤᠢ᠂ ᠨᠡᠩ ᠴᠦ ᠤᠳᠤᠬᠠᠨ ᠳᠤ ᠶᠠᠭ | ᠰᠢᠨᠡᠯᠡᠬᠦ ᠪᠠ ᠲᠠᠷᠢᠶᠠᠯᠠᠩ ᠤᠨ ᠰᠡᠯᠡᠭᠦᠦ ᠴᠠᠭ ᠪᠤᠯᠬᠤᠷ᠂ ᠤᠯᠠᠮᠵᠢᠯᠠᠯᠳᠤ ᠵᠠᠩᠰᠢᠯ ᠢᠶᠠᠷ ᠲᠦᠷᠦᠯ ᠰᠠᠳᠤᠨ ᠨᠠᠶᠢᠵᠠ | ᠨᠦᠬᠦᠳ ᠢᠶᠠᠨ ᠡᠷᠬᠢᠵᠦ ᠦᠵᠡᠬᠦ᠂ ᠠᠶᠢᠯ ᠰᠠᠭᠠᠬᠠᠯᠳᠠ ᠪᠠᠷ ᠲᠤᠭᠤᠷᠢᠵᠦ ᠴᠤᠭᠯᠠᠷᠠᠬᠤ ᠪᠠᠶᠢᠳᠠᠯ ᠨᠡᠯᠢᠶᠡᠳ ᠤᠯᠠᠨ | ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠴᠦ ᠦᠨᠳᠦᠷᠵᠢᠬᠦ ᠪᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠲᠤᠰᠠᠭᠠᠷᠯᠠᠬᠤ ᠨᠦᠬᠦᠴᠡᠯ᠂ ᠡᠮᠴᠢᠯᠡᠬᠦ ᠨᠦᠭᠦᠴᠡᠯ ᠪᠤᠯᠤᠨ ᠠᠪᠤᠷᠠᠨ ᠵᠠᠰᠠᠬᠤ ᠴᠢᠳᠠᠪᠤᠷᠢ ᠨᠢ ᠴᠦᠮ ᠮᠠᠰᠢ | ᠬᠢᠵᠠᠭᠠᠷ ᠲᠠᠢ᠂ ᠤᠯᠠᠩᠭᠢ ᠭᠠᠵᠠᠷ ᠤᠷᠤᠨ ᠳᠤ ᠡᠮᠴᠢ ᠴᠦᠬᠡᠨ ᠡᠮ ᠬᠤᠪᠤᠷ ᠪᠠᠶᠢᠵᠤ᠂ ᠬᠢᠵᠢᠭ ᠳᠡᠯᠭᠡᠷᠡᠪᠡᠯ ᠠᠪᠤᠷᠠᠨ | ᠵᠠᠰᠠᠬᠤ ᠬᠦᠴᠢᠷᠳᠡᠯ ᠴᠦ ᠨᠡᠩ ᠶᠡᠭᠡ ᠪᠤᠯᠬᠤ ᠶᠤᠮ᠃ ᠡᠶᠢᠮᠦ ᠠᠴᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ︽ᠡᠷᠳᠡ ᠪᠠᠶᠢᠴᠠᠭᠠᠨ ᠭᠠᠷᠭᠠᠬᠤ᠂ ᠡᠷᠳᠡ ᠢᠯᠡᠷᠡᠭᠦᠯᠬᠦ᠂ ᠡᠷᠳᠡ ᠡᠮᠨᠡᠨ ᠵᠠᠰᠠᠬᠤ︾ | ᠲᠤᠬᠠᠢ ᠤᠯᠠᠨ ᠤᠳᠠᠭ᠎ᠠ ᠴᠢᠬᠤᠯᠠᠴᠢᠯᠠᠵᠤ᠂ ᠦᠨᠡᠨ ᠭᠦ ᠲᠤᠰᠠ ᠲᠠᠢ ᠠᠷᠭ᠎ᠠ ᠬᠡᠮᠵᠢᠶ᠎ᠠ ᠠᠪᠴᠤ᠂ ᠤᠬᠠᠭᠤᠯᠭ᠎ᠠ | ᠬᠦᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠤᠯᠠᠨ ᠢᠶᠠᠷ ᠢᠶᠠᠨ ᠰᠠᠷᠭᠡᠶᠢᠯᠡᠵᠦ ᠤᠯᠠᠨ ᠢᠶᠠᠷ ᠢᠶᠠᠨ ᠵᠠᠰᠠᠬᠤ | ᠬᠦᠴᠦᠨ ᠢ ᠦᠷᠭᠡᠨ ᠢᠶᠠᠷ ᠲᠠᠶᠢᠴᠢᠯᠠᠨ᠂ ᠭᠠᠳᠠᠨ᠎ᠠ ᠠᠴᠠ ᠢᠷᠡᠭᠰᠡᠨ ᠬᠦᠮᠦᠰ ᠢ ᠰᠠᠶᠢᠳᠤᠷ ᠪᠠᠶᠢᠴᠠᠭᠠᠵᠤ ᠬᠠᠮᠢᠶᠠᠷᠤᠨ | ᠡᠵᠡᠮᠳᠡᠬᠦ ᠶᠢ ᠪᠦᠬᠦ ᠲᠠᠯ᠎ᠠ ᠪᠠᠷ ᠴᠢᠩᠭᠠᠳᠬᠠᠵᠤ᠂ ᠮᠠᠯᠵᠢᠬᠤ ᠲᠠᠷᠢᠶᠠᠯᠠᠬᠤ ᠤᠷᠤᠨ ᠲᠡᠶᠢᠰᠢ ᠬᠢᠵᠢᠭ ᠳᠡᠯᠭᠡᠷᠡᠬᠦ ᠶᠢ | ᠴᠢᠩᠭ᠎ᠠ ᠰᠡᠷᠭᠡᠶᠢᠯᠡᠵᠦ ᠪᠤᠢ᠃ | ᠰᠤᠷᠪᠤᠯᠵᠢᠯᠠᠭᠴᠢ᠄ ᠤᠳᠤᠬᠠᠨ ᠳᠤ ᠮᠠᠨ ᠤ ᠤᠷᠤᠨ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠠ ᠠᠪᠤᠭᠰᠠᠨ ᠪᠤᠢ︖ | ᠯᠢ ᠭᠠᠩ᠄ ᠤᠳᠤᠬᠠᠨ ᠳᠤ᠂ ᠡᠯ᠎ᠠ ᠭᠠᠵᠠᠷ ᠤᠷᠤᠨ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ | ᠬᠡᠯᠳᠡᠰ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ ᠤᠷᠤᠨ ᠤ ᠰᠡᠷᠭᠡᠶᠢᠯᠡᠨ | ᠡᠵᠡᠮᠳᠡᠬᠦ ᠠᠵᠢᠯ ᠤᠨ ᠲᠠᠯ᠎ᠠ ᠪᠠᠷ ᠭᠤᠤᠯᠳᠠᠭᠤ ᠲᠤᠤᠷᠠᠬᠢ ᠲᠦᠷᠪᠡᠨ ᠲᠠᠯ᠎ᠠ ᠶᠢᠨ ᠪᠤᠳᠠᠳᠠᠢ ᠠᠷᠭ᠎ᠠ ᠠᠪᠤᠪᠠ᠃ | ᠨᠢᠭᠡ ᠳᠤ᠂ ᠭᠤᠤᠯᠳᠠᠯᠭ᠎ᠠ ᠲᠠᠢ ᠬᠦᠮᠦᠰ ᠢ ᠮᠦᠷᠳᠡᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠵᠦ᠂ ︽ᠪᠠᠶᠢᠴᠠᠭᠠᠯᠳᠠ | ᠬᠢᠬᠦ︾ ᠶᠢ ᠲᠤᠪᠤᠶᠢᠯᠭᠠᠪᠠ︔ ᠬᠤᠶᠠᠷ ᠲᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠬᠠᠮᠢᠶᠠᠷᠬᠤ︾ ᠶᠢ ᠲᠤᠪᠤᠶᠢᠯᠭᠠᠪᠠ︔ ᠤᠯᠠᠨ ᠨᠡᠶᠢᠳᠡ ᠶᠢᠨ ᠴᠤᠭᠯᠠᠭᠠᠨ ᠢ ᠴᠢᠩᠭ᠎ᠠ | ᠡᠵᠡᠮᠳᠡᠵᠦ᠂ ︽ᠬᠢᠵᠠᠭᠠᠷᠯᠠᠨ ᠡᠵᠡᠮᠳᠡᠬᠦ︾ ᠶᠢ ᠲᠤᠪᠤᠶᠢᠯᠭᠠᠪᠠ︔ ᠲᠦᠷᠪᠡ ᠳᠤ᠂ ᠤᠬᠠᠭᠤᠯᠤᠨ ᠲᠠᠶᠢᠴᠢᠯᠠᠬᠤ ᠶᠢ | ᠴᠢᠩᠭᠠᠳᠬᠠᠵᠤ᠂ ︽ᠤᠯᠠᠨ ᠲᠦᠮᠡᠨᠴᠢ︾ ᠬᠡᠮᠡᠬᠦ ᠦᠰᠦᠭ ᠢ ᠲᠤᠪᠤᠶᠢᠯᠭᠠᠪᠠ᠃ | ᠸᠠᠩ ᠢᠤᠢ ᠹᠧᠩ᠄ ᠤᠳᠤᠬᠠᠨ ᠪᠤᠯᠳᠠᠯ᠎ᠠ ᠪᠦᠷᠢᠳᠭᠡᠭᠰᠡᠨ ᠲᠤᠭ᠎ᠠ ᠪᠠᠷᠢᠮᠳᠠ ᠳᠤ ᠢᠯᠡᠷᠡᠭᠦᠯᠦᠭᠰᠡᠨ ᠢᠶᠠᠷ᠂ | ᠮᠠᠨ ᠤ ᠤᠷᠤᠨ ᠤ ᠤᠨᠤᠰᠢᠯᠠᠭᠰᠠᠨ ᠡᠪᠡᠳᠴᠢᠨ ᠤ ᠵᠢᠱᠢᠶ᠎ᠠ ᠪᠠ ᠰᠡᠵᠢᠭᠯᠡᠯᠳᠡᠢ ᠡᠪᠡᠳᠴᠢᠨ ᠤ ᠵᠢᠱᠢᠶ᠎ᠠ ᠶᠢᠨ | ᠤᠯᠠᠩᠬᠢ ᠨᠢ ᠬᠤᠳᠠ ᠳᠤ ᠲᠦᠪᠯᠡᠷᠡᠵᠦ᠂ ᠮᠠᠯᠵᠢᠬᠤ ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠦᠬᠦᠯᠢ ᠴᠤᠭᠴᠠ ᠶᠢᠨ ᠪᠠᠶᠢᠳᠠᠯ ᠲᠤᠭᠳᠠᠭᠤᠨ ᠪᠠᠶᠢᠨ᠎ᠠ᠂ ᠭᠡᠪᠡᠴᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠨᠦᠭᠦᠴᠡᠯ᠂ ᠨᠤᠳᠤᠭ ᠲᠠᠭᠠᠨ ᠪᠤᠴᠠᠭᠰᠠᠨ ᠬᠦᠯᠦᠰᠦᠨ ᠠᠵᠢᠯᠴᠢᠨ ᠪᠠ ᠰᠤᠷᠤᠭᠴᠢᠳ ᠤᠨ ᠤᠷᠤᠰᠬᠠᠯ | ᠲᠠᠪᠬᠤᠴᠠᠭᠰᠠᠨ ᠵᠡᠷᠭᠡ ᠬᠦᠴᠦᠨ ᠵᠦᠢᠯ ᠤᠨ ᠨᠦᠯᠦᠭᠡ ᠠᠴᠠ ᠪᠤᠯᠵᠤ᠂ ᠮᠠᠯᠵᠢᠬᠤ ᠲᠠᠷᠢᠶᠠᠯᠠᠬᠤ ᠤᠷᠤᠨ ᠮᠦᠨ ᠯᠡ | ᠬᠠᠮᠤᠭ ᠤᠨ ᠪᠠᠭᠤᠷᠠᠢ ᠭᠠᠵᠠᠷ ᠪᠠᠶᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠᠶᠢᠳᠠᠯ ᠮᠦᠨ ᠯᠡ | ᠬᠦᠨᠳᠦ ᠨᠤᠴᠢᠳᠠᠢ ᠪᠠᠶᠢᠨ᠎ᠠ᠂ ᠶᠠᠭᠠᠬᠢᠭᠰᠠᠨ ᠴᠦ ᠬᠦᠩᠭᠡᠨ ᠬᠠᠭᠤᠮᠠᠭᠠᠢ ᠪᠠᠷ ᠬᠠᠨᠳᠤᠵᠤ ᠪᠤᠯᠬᠤ ᠦᠭᠡᠢ᠃ | ᠤᠳᠤᠬᠠᠨ ᠳᠤ ᠭᠤᠤᠯᠳᠠᠭᠤ ᠰᠠᠨᠠᠭᠠᠴᠢᠯᠠᠭ᠎ᠠ ᠠᠴᠠ ᠪᠠᠨ ᠬᠢᠬᠦ︔ ᠠᠮᠢᠳᠠᠨ ᠤ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠶᠢ ᠴᠢᠩᠭᠠᠳᠬᠠᠬᠤ︔ ᠤᠷᠤᠰᠢᠨ ᠰᠠᠭᠤᠷᠢᠰᠢᠬᠤ ᠤᠷᠴᠢᠨ ᠨᠦᠭᠦᠴᠡᠯ ᠢ ᠴᠡᠭᠴᠡᠯᠡᠨ ᠵᠠᠰᠠᠬᠤ ᠶᠢ | ᠴᠢᠩᠭᠠᠳᠬᠠᠬᠤ︔ ᠪᠠᠳᠤᠯᠠᠭ᠎ᠠ ᠶᠢᠨ ᠴᠢᠳᠠᠪᠤᠷᠢ ᠪᠠᠨ ᠲᠡᠭᠡᠭᠰᠢᠯᠡᠭᠦᠯᠬᠦ ᠵᠡᠷᠭᠡ ᠲᠦᠷᠪᠡᠨ ᠲᠠᠯ᠎ᠠ ᠶᠢᠨ ᠠᠷᠭ᠎ᠠ ᠬᠡᠮᠵᠢᠶ᠎ᠠ | ᠠᠪᠴᠤ ᠪᠤᠢ᠃ | ᠰᠤᠷᠪᠤᠯᠵᠢᠯᠠᠭᠴᠢ᠄ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢᠨ | ᠤᠨᠴᠠᠭᠠᠢ ᠪᠠᠶᠢᠳᠠᠯ ᠳᠤ ᠴᠢᠭᠯᠡᠭᠦᠯᠦᠨ ᠮᠠᠯᠴᠢᠨ ᠲᠠᠷᠢᠶᠠᠴᠢᠨ ᠤ ᠭᠡᠷ ᠪᠦᠯᠢ ᠶᠢᠨ ᠰᠡᠷᠭᠡᠶᠢᠯᠡᠨ ᠡᠵᠡᠮᠳᠡᠬᠦ ᠲᠠᠯ᠎ᠠ ᠪᠠᠷ | ᠶᠠᠮᠠᠷ ᠰᠠᠨᠠᠭᠤᠯᠭ᠎ᠠ ᠪᠠᠶᠢᠬᠤ ᠪᠤᠢ︖ | ᠸᠠᠩ ᠢᠤᠢ ᠹᠧᠩ᠄ ᠭᠡᠷ ᠪᠦᠯᠢ ᠶᠢᠨ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠪᠤᠯ ᠮᠠᠯᠵᠢᠬᠤ | ᠲᠠᠷᠢᠶᠠᠯᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠮᠤᠭ ᠤᠨ ᠰᠠᠭᠤᠷᠢ᠂ | ᠬᠠᠮᠤᠭ ᠤᠨ ᠵᠠᠩᠭᠢᠯᠠᠭ᠎ᠠ ᠶᠢᠨ ᠠᠵᠢᠯ ᠪᠤᠯᠤᠨ᠎ᠠ᠃ ᠦᠷᠭᠡᠨ ᠤᠯᠠᠨ ᠮᠠᠯᠴᠢᠨ ᠲᠠᠷᠢᠶᠠᠴᠢᠨ ᠨᠠᠶᠢᠵᠠ ᠨᠠᠷ ᠵᠠᠪᠠᠯ | ᠵᠠᠰᠠᠭ ᠤᠨ ᠤᠷᠳᠤᠨ ᠤ ᠤᠷᠢᠶᠠᠯᠠᠭ᠎ᠠ ᠶᠢ ᠢᠳᠡᠪᠬᠢᠳᠡᠢ ᠴᠤᠤᠷᠢᠶᠠᠳᠤᠨ ᠲᠠᠭᠠᠵᠤ᠂ ᠬᠤᠯᠪᠤᠭᠠᠯᠠᠨ ᠰᠠᠷᠭᠡᠶᠢᠯᠡᠵᠦ | ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠵᠠᠰᠠᠬᠤ ᠰᠢᠨᠵᠢᠯᠡᠬᠦ ᠤᠬᠠᠭᠠᠨᠴᠢ ᠪᠠᠷ | ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠠᠪᠴᠤ᠂ ᠲᠤᠰ ᠪᠡᠶ᠎ᠠ ᠠᠴᠠ ᠪᠠᠨ ᠡᠬᠢᠯᠡᠨ ᠬᠢᠵᠦ᠂ ᠭᠡᠷ ᠪᠦᠯᠢ ᠠᠴᠠ ᠪᠠᠨ | ᠡᠬᠢᠯᠡᠨ ᠬᠢᠵᠦ᠂ ︽ᠲᠦᠷᠪᠡ ᠶᠢ ᠴᠢᠬᠤᠯᠠᠴᠢᠯᠠᠬᠤ ᠪᠠ ᠲᠦᠷᠪᠡᠨ ᠦᠯᠦ ᠪᠤᠯᠬᠤ ᠶᠢ ᠲᠡᠪᠴᠢᠬᠦ︾ ᠶᠢ ᠰᠠᠶᠢᠳᠤᠷ | ᠪᠡᠶᠡᠯᠡᠭᠦᠯᠬᠦ ᠬᠡᠷᠡᠭᠳᠡᠢ᠃ ᠲᠠᠷᠤᠢ᠂ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠭᠤᠷᠢᠳᠠᠯᠭ᠎ᠠ ᠡᠪᠦᠷᠯᠡᠬᠦ ᠶᠢ ᠲᠡᠪᠴᠢᠨ᠎ᠠ︔ | ᠭᠡᠷ ᠲᠡᠭᠡᠨ ᠰᠤᠪᠢᠯᠠᠵᠤ ᠠᠮᠠᠷᠠᠬᠤ ᠶᠢ ᠴᠢᠬᠤᠯᠠᠴᠢᠯᠠᠵᠤ᠂ ᠭᠠᠳᠠᠭᠰᠢ ᠭᠠᠷᠴᠤ ᠴᠤᠬᠯᠠᠷᠠᠬᠤ ᠶᠢ ᠲᠡᠪᠴᠢᠨ᠎ᠠ︔ | ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠢᠬᠤᠯᠠᠴᠢᠯᠠᠵᠤ᠂ ᠭᠡᠭᠡᠷ᠎ᠠ ᠶᠢᠨ ᠠᠮᠢᠳᠠᠨ ᠲᠠᠢ ᠤᠢᠢᠷᠠᠳᠬᠤ ᠪᠤᠶᠤ | ᠭᠡᠭᠡᠷ᠎ᠠ ᠶᠢᠨ ᠠᠮᠢᠳᠠᠨ ᠤ ᠮᠢᠬ᠎ᠠ ᠶᠢ ᠢᠳᠡᠬᠦ ᠶᠢ ᠲᠡᠪᠴᠢᠨ᠎ᠠ︔ ᠪᠡᠶ᠎ᠠ ᠮᠠᠬᠠᠪᠤᠳ ᠢᠶᠠᠨ ᠰᠠᠶᠢᠳᠤᠷ ᠰᠤᠪᠢᠯᠠᠬᠤ ᠶᠢ | ᠴᠢᠬᠤᠯᠠᠴᠢᠯᠠᠵᠤ᠂ ᠬᠡᠳᠦᠷᠭᠡᠢ ᠬᠡᠯᠮᠡᠭᠳᠡᠨ ᠰᠤᠴᠢᠬᠤ ᠶᠢ ᠲᠡᠪᠴᠢᠨ᠎ᠠ᠃ | ᠰᠤᠷᠪᠤᠯᠵᠢᠯᠠᠭᠴᠢ᠄ ᠤᠳᠤᠬᠠᠨ ᠳᠤ ᠪᠦᠬᠦ ᠨᠡᠶᠢᠭᠡᠮ ᠢᠶᠠᠷ ᠢᠶᠠᠨ ᠠᠵᠢᠯ ᠰᠡᠷᠭᠦᠭᠡᠬᠦ ᠬᠤᠭᠤᠴᠠᠭᠠᠨ ᠳᠤ | ᠤᠷᠤᠰᠢᠵᠤ ᠪᠤᠢ᠂ ᠲᠠ ᠬᠦᠯᠦᠰᠦᠨ ᠠᠵᠢᠯᠴᠢᠨ ᠤ ᠪᠤᠴᠠᠬᠤ ᠵᠠᠮ ᠪᠠ ᠠᠵᠢᠯ ᠢᠶᠠᠨ ᠰᠡᠷᠭᠦᠭᠡᠬᠦ ᠬᠤᠭᠤᠴᠠᠭᠠᠨ ᠳᠠᠬᠢ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠤᠬᠠᠢ ᠶᠠᠮᠠᠷ ᠰᠠᠨᠠᠭᠤᠯᠭ᠎ᠠ ᠦᠭᠬᠦ ᠪᠤᠢ︖ | ᠸᠠᠩ ᠢᠤᠢ ᠹᠧᠩ᠄ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠤᠨ ᠬᠠᠯᠳᠠᠪᠤᠷᠢᠯᠠᠬᠤ ᠤᠨᠴᠠᠯᠢᠭ ᠢ | ᠦᠨᠳᠦᠰᠦᠯᠡᠨ᠂ ᠬᠦᠯᠦᠰᠦᠨ ᠠᠵᠢᠯᠴᠢᠳ ᠤᠨ ᠪᠤᠴᠠᠬᠤ ᠴᠠᠭ ᠢᠶᠠᠨ ᠠᠯᠢ ᠴᠢᠳᠠᠬᠤ ᠪᠠᠷ ᠤᠳᠠᠭᠠᠰᠢᠷᠠᠭᠤᠯᠬᠤ ᠶᠢ | ᠰᠠᠨᠠᠭᠤᠯᠤᠶ᠎ᠠ᠂ ᠬᠡᠷᠪᠡ ᠬᠠᠯᠠᠭᠤᠷᠠᠬᠤ ᠪᠠᠶᠢᠳᠠᠯ ᠢᠯᠡᠷᠡᠪᠡᠯ ᠭᠡᠷ ᠲᠡᠭᠡᠨ ᠠᠵᠢᠠᠠᠯᠠᠵᠤ᠂ ᠠᠯᠪᠠ ᠪᠠᠷ ᠭᠠᠳᠠᠭᠰᠢ ᠭᠠᠷᠴᠤ | ᠪᠤᠯᠬᠤ ᠦᠭᠡᠢ᠃ ᠬᠡᠷᠪᠡ ᠦᠨᠡᠭᠡᠷ ᠭᠠᠳᠠᠭᠰᠢ ᠭᠠᠷᠬᠤ ᠴᠢᠬᠤᠯᠠᠳᠠᠢ ᠪᠠᠶᠢᠪᠠᠯ ᠭᠠᠳᠠᠭᠰᠢ ᠭᠠᠷᠬᠤ ᠠᠴᠠ ᠡᠮᠦᠨ᠎ᠠ | ᠠᠷᠢᠭᠤᠳᠬᠠᠵᠤ ᠰᠡᠷᠭᠡᠶᠢᠯᠡᠬᠦ ᠴᠢᠬᠤᠯᠠ ᠪᠦᠬᠦᠢ ᠬᠡᠷᠡᠭᠰᠡᠯ ᠢ ᠰᠠᠶᠢᠳᠤᠷ ᠪᠡᠯᠡᠳᠭᠡᠬᠦ ᠶᠢ ᠰᠠᠨᠠᠭᠤᠯᠤᠶ᠎ᠠ᠃ ᠪᠤᠴᠠᠬᠤ | ᠵᠠᠮ ᠳᠠᠭᠠᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠠᠮᠠᠭᠠᠯᠠᠵᠤ᠂ ᠵᠠᠮ ᠬᠠᠷᠢᠯᠴᠠᠭᠠᠨ ᠤ ᠮᠠᠰᠢᠨ ᠪᠠᠭᠠᠵᠢ ᠳᠤ | ᠰᠠᠭᠤᠬᠤ ᠳᠠᠭᠠᠨ ᠠᠮᠠᠪᠴᠢ ᠶᠢ ᠠᠯᠢ ᠴᠢᠳᠠᠬᠤ ᠪᠠᠷ ᠠᠪᠴᠤ ᠪᠤᠯᠬᠤ ᠦᠭᠡᠢ᠂ ᠬᠠᠨᠢᠶᠠᠬᠤ᠂ ᠨᠠᠶᠢᠳᠠᠭᠠᠬᠤ ᠠᠶᠠᠨᠴᠢᠨ | ᠲᠤᠬᠢᠶᠠᠯᠳᠤᠪᠠᠯ ᠵᠤᠬᠢᠬᠤ ᠵᠠᠢ ᠲᠠᠢ ᠪᠠᠶᠢᠬᠤ ᠬᠡᠷᠡᠭᠳᠡᠢ᠃ ᠤᠷᠤᠨ ᠰᠠᠭᠤᠴᠠ ᠳᠠᠭᠠᠨ ᠪᠤᠴᠠᠭᠰᠠᠨ ᠤ ᠲᠠᠷᠠᠭ᠎ᠠ ᠴᠠᠭ | ᠲᠤᠬᠠᠢ ᠳᠤᠨᠢ ᠤᠬᠢᠶᠠᠵᠤ ᠠᠷᠢᠭᠤᠳᠬᠠᠬᠤ ᠬᠡᠷᠡᠭᠳᠡᠢ᠂ ᠠᠵᠤ ᠠᠬᠤᠢᠢᠯᠠᠯ᠂ ᠪᠠᠶᠢᠭᠤᠯᠭ᠎ᠠ ᠪᠤᠯᠤᠨ ᠨᠡᠶᠢᠭᠡᠮ | ᠲᠤᠭᠤᠷᠢᠭ ᠲᠠᠭᠠᠨ ᠪᠤᠴᠠᠭᠰᠠᠨ ᠮᠡᠳᠡᠭᠡ ᠵᠠᠩᠭᠢ ᠪᠠᠨ ᠴᠠᠭ ᠲᠤᠬᠠᠢ ᠳᠤᠨᠢ ᠮᠡᠳᠡᠭᠦᠯᠬᠦ ᠬᠡᠷᠡᠭᠳᠡᠢ᠃ ᠬᠤᠳᠠ | ᠤᠷᠤᠭᠰᠠᠨ ᠤ ᠲᠠᠷᠠᠭ᠎ᠠ ᠬᠤᠳᠠᠯᠳᠤᠭ᠎ᠠ ᠲᠡᠯᠭᠡᠭᠦᠷ ᠵᠡᠷᠭᠡ ᠬᠦᠮᠦᠨ ᠤᠯᠠᠨᠳᠠᠢ ᠭᠠᠵᠠᠷ ᠲᠤ ᠤᠴᠢᠬᠤ ᠦᠭᠡᠢ᠂ | ᠰᠡᠵᠢᠭᠯᠡᠯᠳᠡᠢ ᠡᠪᠡᠳᠴᠢᠨ ᠤ ᠪᠠᠶᠢᠳᠠᠯ ᠢᠯᠡᠷᠡᠪᠡᠯ ᠴᠠᠭ ᠲᠤᠨᠢ ᠳᠤᠨᠢ ᠠᠵᠤ ᠠᠬᠤᠢᠢᠯᠠᠯ᠂ ᠪᠠᠶᠢᠭᠤᠯᠭ᠎ᠠ ᠪᠠ ᠨᠡᠶᠢᠭᠡᠮ | ᠲᠤᠭᠤᠷᠢᠭ ᠲᠠᠭᠠᠨ ᠮᠡᠳᠡᠭᠦᠯᠵᠦ᠂ ᠴᠠᠭ ᠲᠤᠬᠠᠢ ᠳᠤᠨᠢ ᠡᠮᠨᠡᠭᠦᠯᠬᠦ ᠶᠢᠨ ᠬᠠᠮᠳᠤ ᠡᠮᠴᠢ ᠲᠠᠢ ᠬᠠᠮᠵᠢᠯᠴᠠᠨ | ᠪᠠᠶᠢᠴᠠᠭᠠᠯᠳᠠ ᠬᠢᠬᠦ ᠬᠡᠷᠡᠭᠳᠡᠢ᠃ | ᠰᠤᠷᠪᠤᠯᠵᠢᠯᠠᠭᠴᠢ᠄ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠪᠠᠶᠢᠭ᠎ᠠ ᠨᠠᠰᠤᠳᠠᠶᠢᠴᠤᠳ ᠪᠤᠯᠤᠨ | ᠬᠡᠦᠭᠡᠳ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠨᠦᠴᠢᠨ ᠬᠡᠦᠭᠡᠳ ᠲᠤ ᠴᠢᠭᠯᠡᠭᠦᠯᠦᠨ ᠪᠢᠳᠡ ᠶᠠᠮᠠᠷ ᠶᠠᠮᠠᠷ | ᠪᠤᠳᠠᠳᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠠᠪᠤᠭᠰᠠᠨ ᠪᠤᠢ︖ | ᠭᠤᠤ ᠵᠢᠶᠠᠨ ᠬᠤᠸᠠ᠄ ᠮᠠᠨ ᠤ ᠤᠷᠤᠨ ᠳᠤ ᠤᠳᠤ ᠨᠡᠶᠢᠭᠡᠮ ᠤᠨ ᠠᠰᠠᠷᠠᠮᠵᠢ ᠶᠢᠨ ᠬᠦᠷᠢᠶᠡᠯᠡᠩ᠂ | ᠨᠠᠰᠤᠳᠠᠳ ᠢ ᠠᠰᠠᠷᠠᠬᠤ ᠬᠦᠷᠢᠶᠡᠯᠡᠩ ᠵᠡᠷᠭᠡ ᠠᠯᠪᠠᠨ ᠠᠴᠠ ᠡᠷᠬᠢᠯᠡᠭᠰᠡᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ 316 ᠪᠤᠯᠵᠤ᠂ ᠨᠡᠶᠢᠳᠡ 1.5 ᠲᠦᠮᠡᠨ ᠨᠠᠰᠤᠳᠠᠨ ᠢ ᠠᠰᠠᠷᠠᠵᠤ ᠪᠤᠢ︔ ᠠᠷᠠᠳ ᠤᠨ ᠡᠵᠡᠩᠨᠡᠭᠰᠡᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ︵ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ ᠠᠵᠤ | ᠠᠬᠤᠢᠢᠯᠠᠯ ᠪᠠᠭᠳᠠᠨ᠎ᠠ︶ 403 ᠪᠤᠯᠵᠤ᠂ 2.96 ᠲᠦᠮᠡᠨ ᠨᠠᠰᠤᠳᠠᠨ ᠢ ᠠᠰᠠᠷᠠᠵᠤ ᠪᠤᠢ᠃ ᠪᠦᠬᠦ ᠤᠷᠤᠨ ᠳᠤ | ᠬᠡᠦᠭᠡᠳ ᠤᠨ ᠠᠰᠠᠷᠠᠮᠵᠢ ᠶᠢᠨ ᠬᠦᠷᠢᠶᠡᠯᠡᠩ 14 ᠪᠠᠶᠢᠵᠤ᠂ 973 ᠦᠨᠦᠴᠢᠨ ᠵᠡᠮᠳᠡᠭ ᠬᠡᠦᠭᠡᠳ ᠬᠦᠷᠢᠶᠡᠯᠡᠩ ᠳᠤ | ᠠᠮᠢᠳᠤᠷᠠᠵᠤ ᠪᠤᠢ᠃ | ᠬᠢᠵᠢᠭ ᠭᠠᠷᠤᠭᠰᠠᠨ ᠠᠴᠠ ᠨᠠᠭᠠᠰᠢ᠂ ᠭᠤᠤᠯᠳᠠᠭᠤ ︽ᠭᠠᠳᠠᠭᠠᠳᠤ ᠳᠠᠭᠠᠨ ᠤᠷᠤᠬᠤ ᠶᠢ ᠰᠡᠷᠭᠡᠶᠢᠯᠡᠬᠦ᠂ | ᠲᠤᠳᠤᠭᠠᠳᠤ ᠳᠠᠭᠠᠨ ᠲᠠᠷᠬᠠᠬᠤ ᠶᠢ ᠰᠡᠷᠭᠡᠶᠢᠯᠡᠬᠦ︾ ᠬᠠᠷᠠᠯᠳᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠪᠤᠢ᠃ | ᠪᠢᠳᠡᠭᠦᠮᠵᠢᠯᠡᠭᠰᠡᠨ ᠮᠠᠶ᠋ᠢᠭ ᠤᠨ ᠬᠠᠮᠢᠶᠠᠷᠤᠯᠳᠠ ᠶᠢ ᠬᠡᠷᠡᠭᠵᠢᠭᠦᠯᠵᠦ᠂ ᠤᠷᠤᠵᠤ ᠭᠠᠷᠬᠤ ᠶᠢ ᠲᠠᠩᠰᠠᠯᠠᠬᠤ ᠪᠠ ᠪᠡᠶ᠎ᠠ ᠶᠢᠨ | ᠲᠤᠯᠠᠭᠠᠨ ᠢ ᠬᠡᠮᠵᠢᠬᠦ ᠴᠢᠩᠭ᠎ᠠ ᠲᠦᠷᠢᠮ ᠢ ᠪᠠᠶᠢᠭᠤᠯᠵᠤ᠂ ᠡᠳᠦᠷ ᠪᠦᠷᠢ ᠠᠷᠢᠭᠤᠳᠬᠠᠬᠤ ᠲᠦᠷᠢᠮ᠂ ᠬᠤᠭᠤᠯᠠ | ᠬᠤᠪᠢᠶᠠᠵᠤ ᠬᠤᠭᠤᠯᠠ ᠬᠦᠷᠭᠡᠬᠦ ᠲᠦᠷᠢᠮ᠂ ᠭᠡᠷ ᠲᠡᠭᠡᠨ ᠬᠠᠷᠢᠵᠤ ᠰᠢᠨᠡᠯᠡᠭᠰᠡᠨ ᠨᠠᠰᠤᠳᠠᠨ ᠤ ᠦᠷ᠎ᠠ ᠬᠡᠦᠭᠡᠳ ᠲᠠᠢ | ᠴᠠᠭ ᠲᠤᠬᠠᠢ ᠳᠤᠨᠢ ᠬᠠᠷᠢᠯᠴᠠᠬᠤ ᠲᠦᠷᠢᠮ᠂ ᠲᠤᠰᠠᠭᠠᠷᠯᠠᠬᠤ ᠲᠤᠭᠤᠷᠢᠭ ᠭᠠᠷᠭᠠᠭᠰᠠᠨ᠂ ᠦᠢᠯᠡᠴᠢᠯᠡᠬᠦ ᠡᠳᠡᠭᠡᠳ | ᠪᠤᠯᠤᠨ ᠠᠵᠢᠯᠳᠠᠨ ᠤ ᠡᠪᠡᠳᠴᠢᠳᠡᠨ ᠲᠠᠢ ᠰᠢᠭᠤᠳ ᠪᠤᠶᠤ ᠲᠠᠮ ᠢᠶᠠᠷ ᠬᠠᠷᠢᠯᠴᠠᠭᠰᠠᠨ ᠪᠠᠶᠢᠳᠠᠯ ᠢ ᠨᠠᠷᠢᠨ ᠬᠢᠨᠠᠮᠠᠭᠠᠢ | ᠪᠠᠶᠢᠴᠠᠭᠠᠨ ᠭᠠᠷᠭᠠᠬᠤ᠂ ᠪᠦᠬᠦ ᠤᠷᠤᠨ ᠤ ᠨᠠᠰᠤᠵᠢᠯ ᠤᠨ ᠦᠢᠯᠡᠴᠢᠯᠡᠭᠡᠨ᠂ ᠬᠡᠦᠭᠡᠳ ᠤᠨ ᠠᠵᠢᠯ ᠤᠨ | ᠦᠢᠯᠡᠴᠢᠯᠡᠭᠡᠨ ᠤ ᠪᠠᠶᠢᠭᠤᠯᠤᠮᠵᠢ ᠪᠤᠯᠤᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠠᠵᠢᠯᠳᠠᠳ ᠤᠨ ᠵᠢᠷᠬᠢᠶ᠎ᠠ ᠶᠢᠨ | ᠲᠠᠪᠴᠠᠩ ᠢ ᠪᠠᠶᠢᠭᠤᠯᠵᠤ᠂ ᠡᠳᠦᠷ ᠪᠦᠷᠢ ᠶᠢᠨ ᠰᠡᠷᠭᠡᠶᠢᠯᠡᠨ ᠡᠵᠡᠮᠳᠡᠬᠦ ᠠᠵᠢᠯ ᠢ ᠴᠠᠭ ᠲᠤᠬᠠᠢ ᠳᠤᠨᠢ | ᠲᠤᠬᠢᠷᠠᠭᠤᠯᠤᠭᠰᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠯ᠎ᠠ ᠵᠦᠢᠯ ᠤᠨ | ᠠᠮᠢᠳᠤᠷᠠᠯ ᠤᠨ ᠪᠠᠳᠤᠯᠠᠭ᠎ᠠ ᠶᠢ ᠰᠠᠶᠢᠳᠤᠷ ᠬᠢᠬᠦ ᠵᠡᠷᠭᠡ ᠪᠤᠳᠠᠳᠠᠢ ᠠᠷᠭ᠎ᠠ ᠬᠡᠮᠵᠢᠶ᠎ᠠ ᠠᠪᠴᠤ᠂ ᠬᠢᠵᠢᠭ ᠤᠨ ᠪᠠᠶᠢᠳᠠᠯ ᠢ | ᠪᠦᠬᠦ ᠲᠠᠯ᠎ᠠ ᠪᠠᠷ ᠰᠡᠷᠭᠡᠶᠢᠯᠡᠨ ᠬᠤᠷᠢᠠᠠᠯᠠᠵᠤ ᠪᠤᠢ᠃ |