2020 ᠣᠨ ᠤ 2 ᠰᠠᠷ᠎ᠠ ᠶᠢᠨ 7᠎ ᠤ ᠡᠳᠦᠷ ᠤᠨ 9 ᠴᠠᠭ ᠠᠴᠠ 2 ᠰᠠᠷ᠎ᠠ ᠶᠢᠨ 8᠎ ᠤ ᠡᠳᠦᠷ ᠤᠨ 10 ᠴᠠᠭ ᠪᠣᠯᠲᠠᠯ᠎ᠠ ᠥᠪᠥᠷ ᠮᠣᠩᠭᠤᠯ ᠤᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠲᠣᠬᠠᠢ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2020/2/8
     2020 ᠣᠨ ᠤ 2 ᠰᠠᠷ᠎ᠠ ᠶᠢᠨ 7᠎ ᠤ ᠡᠳᠦᠷ ᠤᠨ 9 ᠴᠠᠭ ᠠᠴᠠ 2 ᠰᠠᠷ᠎ᠠ ᠶᠢᠨ 8᠎ ᠤ ᠡᠳᠦᠷ ᠤᠨ 10 ᠴᠠᠭ ᠪᠣᠯᠲᠠᠯ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠰᠢᠨ᠎ᠡ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠠ ᠶᠢ 2 ᠮᠡᠳᠡᠭᠦᠯᠪᠡ᠃ ᠡᠭᠦᠨ ᠳᠤ᠂ ᠪᠣᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠳᠤ 1᠂ ᠲᠦᠩᠯᠢᠶᠣᠣ ᠬᠤᠲᠠ ᠶᠢᠨ ᠬᠤᠤᠯᠢᠩᠭᠤᠣᠯ ᠬᠤᠲᠠ ᠳᠤ 1᠃ ᠰᠢᠨ᠎ᠡ ᠪᠠᠷ ᠨᠡᠮᠡᠭᠳᠡᠭᠰᠡᠨ ᠰᠡᠵᠢᠭᠯᠡᠯᠲᠡᠢ ᠡᠪᠡᠳᠴᠢᠨ ᠤ ᠵᠢᠱᠢᠶ᠎ᠡ 1᠃      2 ᠰᠠᠷ᠎ᠠ ᠶᠢᠨ 8᠎ ᠤ ᠡᠳᠦᠷ ᠤᠨ 10 ᠴᠠᠭ ᠪᠣᠯᠲᠠᠯ᠎ᠠ᠂  ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠨᠡᠶᠢᠲᠡ 52 ᠮᠡᠳᠡᠭᠦᠯᠪᠡ᠃ ᠡᠭᠦᠨ ᠳᠤ᠄      1. ᠣᠷᠳᠣᠰ ᠬᠤᠲᠠ ᠳᠤ 11 ︵ᠳᠠᠯᠠᠳ ᠬᠤᠰᠢᠭᠤᠨ ᠳᠤ 9᠂ ᠳ᠋ᠦᠩᠱᠧᠩ ᠳᠤᠭᠤᠷᠢᠭ ᠤᠨ 1 ᠡᠪᠡᠳᠴᠢᠨ ᠤ ᠵᠢᠱᠢᠶ᠎ᠡ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ᠂ ᠤᠳᠤᠬ ᠤᠨ ᠡᠮᠤᠨᠡᠳᠤ ᠬᠤᠰᠢᠭᠤᠨ ᠤ 1 ᠡᠪᠡᠳᠴᠢᠨ ᠤ ᠵᠢᠱᠢᠶ᠎ᠡ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ︶      2. ᠪᠤᠭᠤᠳᠤ ᠬᠤᠲᠠ ᠳᠤ 10 ︵ᠲᠦᠮᠡᠳ ᠪᠠᠷᠠᠭᠤᠨ ᠬᠤᠰᠢᠭᠤᠨ ᠳᠤ 7᠂ ᠬᠦᠨᠳᠡᠯᠡᠨ ᠳᠤᠭᠤᠷᠢᠭ ᠲᠤ 3  ︶      3. ᠬᠦᠬᠡᠬᠤᠳᠠ ᠳᠤ 7 ︵ᠢᠦᠢ ᠴᠢᠤᠸᠠᠨ ᠲᠣᠭᠤᠷᠢᠭ ᠲᠤ 3᠂ ᠰᠢᠨ᠎ᠡ ᠬᠤᠳᠠ ᠳᠤᠭᠤᠷᠢᠭ ᠲᠤ 2᠂ ᠰᠠᠶᠢᠬᠠᠨ ᠲᠣᠭᠤᠷᠢᠭ ᠲᠤ 1᠂ ᠬᠤᠳᠤᠩ ᠠᠷᠠᠳ ᠤᠨ ᠲᠣᠭᠤᠷᠢᠭ ᠲᠤ 1︶        4. ᠬᠦᠯᠦᠨ ᠪᠤᠶᠢᠷ ᠬᠤᠳᠠ ᠳᠤ 5 ︵ᠮᠠᠨᠵᠤᠤᠷ ᠬᠤᠳᠠ ᠶᠢᠨ 1 ᠡᠪᠡᠳᠴᠢᠨ ᠤ ᠵᠢᠱᠢᠶ᠎ᠡ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ᠂ ᠶᠠᠬᠰᠢ ᠬᠤᠳᠠ ᠳᠤ 1᠂ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ 3︶      5.  ᠪᠠᠶᠠᠨᠨᠠᠭᠤᠷ ᠬᠤᠲᠠ ᠳᠤ 4 ︵ᠦᠶᠦᠸᠠᠨ ᠰᠢᠶᠠᠨ ᠳᠤ 2᠂ ᠯᠢᠨᠾᠧ ᠲᠣᠭᠤᠷᠢᠭ ᠲᠤ 2︶      6. ᠤᠯᠠᠭᠠᠨᠬᠠᠳᠠ ᠬᠤᠳᠠ ᠳᠤ 4 ︵ᠰᠦᠩᠱᠠᠨ ᠳᠤᠭᠤᠷᠢᠭ ᠤᠨ 1 ᠡᠪᠡᠳᠴᠢᠨ ᠤ ᠵᠢᠱᠢᠶ᠎ᠡ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ᠂ ᠯᠢᠨᠰᠢ ᠰᠢᠶᠠᠨ ᠳᠤ 1᠂ ᠶᠤᠸᠠᠨ ᠪᠤᠤ ᠱᠠᠨ ᠲᠤᠭᠤᠷᠢᠭ ᠲᠤ 2︶      7. ᠤᠯᠠᠭᠠᠨᠴᠠᠪ ᠬᠤᠲᠠ ᠳᠤ 3 ︵ᠬᠤᠸᠠᠳᠧ ᠰᠢᠶᠠᠨ ᠳᠤ 2᠂ ᠳᠥᠷᠪᠡᠳ ᠬᠤᠰᠢᠭᠤᠨ ᠳᠤ 1︶      8. ᠲᠦᠩᠯᠢᠶᠤᠤ ᠬᠤᠳᠠ 3 ︵ᠠᠵᠥ ᠠᠬᠤᠢ ᠶᠢᠨ ᠨᠡᠬᠡᠬᠡᠯᠳᠡ ᠶᠢᠨ ᠳᠤᠭᠤᠷᠢᠭ ᠲᠤ 1᠂ ᠬᠤᠤᠯᠢᠩᠭᠤᠣᠯ ᠬᠤᠲᠠ ᠳᠤ 2︶      9. ᠦᠬᠠᠢ ᠬᠤᠲᠠ ᠶᠢᠨ ᠬᠠᠶᠢᠷᠤᠪ ᠤᠨ ᠲᠣᠬᠤᠢ ᠲᠣᠭᠤᠷᠢᠭ ᠲᠤ 2      10. ᠰᠢᠯᠢ ᠶᠢᠨ ᠭᠤᠤᠯ ᠠᠶᠢᠮᠠᠭ ᠲᠤ 2 ︵ᠰᠢᠯᠢᠩᠬᠤᠳᠠ ᠳᠤ 1᠂ ᠡᠷᠢᠶᠡᠨ ᠬᠤᠳᠠ ᠶᠢᠨ 1 ᠡᠪᠡᠳᠴᠢᠨ ᠤ ᠵᠢᠱᠢᠶ᠎ᠡ ᠨᠢᠭᠡᠨᠲᠡ ᠡᠳᠡᠭᠡᠷᠡᠵᠦ ᠡᠮᠨᠡᠯᠭᠡ ᠠᠴᠠ ᠭᠠᠷᠪᠠ︶      11. ᠬᠢᠩᠭᠠᠨ ᠠᠶᠢᠮᠠᠭ ᠤᠨ ᠤᠯᠠᠭᠠᠨᠬᠤᠳᠠ ᠳᠤ 1  ᠡᠪᠡᠳᠴᠢᠨ ᠤ ᠵᠢᠱᠢᠶ᠎ᠡ ᠪᠤᠢ᠃      ᠰᠡᠵᠢᠭᠯᠡᠯᠲᠡᠢ ᠡᠪᠡᠳᠴᠢᠨ ᠤ ᠵᠢᠱᠢᠶ᠎ᠡ 10᠂ ︵ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤᠨ ᠳᠤ 3︔  ᠤᠯᠠᠭᠠᠨᠬᠠᠳᠠ ᠬᠤᠲᠠ ᠶᠢᠨ ᠶᠤᠸᠠᠨ ᠪᠤᠤ ᠱᠠᠨ ᠲᠤᠭᠤᠷᠢᠭ ᠲᠤ 2᠂ ᠦᠬᠠᠢ ᠬᠤᠲᠠ ᠶᠢᠨ ᠤᠳᠠ ᠲᠣᠭᠤᠷᠢᠭ ᠲᠤ 1︔  ᠪᠣᠭᠤᠲᠤ ᠬᠤᠲᠠ ᠶᠢᠨ ᠲᠦᠮᠡᠳ ᠪᠠᠷᠠᠭᠤᠨ ᠬᠤᠰᠢᠭᠤᠨ ᠳᠤ 1︔ ᠲᠦᠩᠯᠢᠶᠣᠣ ᠬᠤᠲᠠ ᠶᠢᠨ ᠬᠤᠷᠴᠢᠨ ᠲᠣᠭᠤᠷᠢᠭ ᠲᠤ1︔ ᠬᠥᠯᠥᠨ ᠪᠤᠶᠢᠷ ᠬᠤᠲᠠ ᠶᠢᠨ ᠬᠠᠶᠢᠯᠠᠷ ᠲᠣᠭᠤᠷᠢᠭ ᠲᠤ 1᠂ ᠶᠠᠭᠰᠢ ᠬᠤᠲᠠ ᠳᠤ 1︶ ᠪᠤᠢ᠃ ᠴᠦᠮ ᠲᠣᠭᠲᠠᠭᠰᠠᠨ ᠡᠮᠨᠡᠯᠭᠡ ᠶᠢᠨ ᠬᠤᠷᠢᠶᠠᠨ ᠳᠤ ᠲᠤᠰᠠᠭᠠᠷᠯᠠᠨ ᠡᠮᠨᠡᠭᠦᠯᠵᠦ ᠪᠤᠢ᠃ ᠣᠳᠣᠬᠠᠨ ᠳᠤ ᠨᠢᠭᠲᠠ ᠬᠠᠷᠢᠯᠴᠠᠵᠤ ᠥᠩᠭᠡᠷᠡᠭᠰᠡᠨ 1451 ᠬᠥᠮᠥᠨ ᠢ ᠡᠷᠢᠨ ᠣᠯᠵᠤ᠂ ᠠᠨᠠᠭᠠᠬᠤ ᠤᠬᠠᠭᠠᠨ ᠤ ᠠᠵᠢᠭᠯᠠᠯᠲᠠ ᠬᠢᠵᠦ ᠪᠠᠶᠢᠨ᠎ᠠ᠃ ᠠᠨᠠᠭᠠᠬᠤ ᠤᠬᠠᠭᠠᠨ ᠤ ᠠᠵᠢᠭᠯᠠᠯᠲᠠ ᠠᠴᠠ ᠭᠠᠷᠭᠠᠭᠰᠠᠨ 113 ᠬᠥᠮᠥᠨ ᠪᠤᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠮᠠᠨ ᠤ ᠣᠷᠣᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠬᠥᠨᠳᠦᠳᠬᠡᠨ ᠦᠵᠡᠵᠦ᠂ ᠡᠯ᠎ᠡ ᠲᠥᠷᠥᠯ ᠤᠨ ᠠᠵᠢᠯ ᠢ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠪᠠᠴᠢᠮ ᠶᠠᠭᠠᠷᠠᠯᠲᠠᠢ ᠮᠥᠷᠲᠡᠭᠡᠨ ᠠᠯᠬᠤᠮ ᠳᠠᠷᠠᠭ᠎ᠠ ᠲᠠᠢ ᠠᠬᠢᠭᠤᠯᠤᠨ ᠲᠤᠭᠤᠰᠢᠯᠠᠭᠤᠯᠵᠤ ᠪᠤᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号