ᠪᠦ᠋ ᠰᠢᠶᠤᠤ ᠯᠢᠨ ᠬᠦᠯᠦᠨ ᠪᠤᠶᠢᠷ ᠬᠤᠳᠠ ᠳᠤ ᠬᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠡᠨ ᠢ ᠠᠪᠤᠷᠠᠨ ᠡᠮᠨᠡᠬᠦ ᠠᠵᠢᠯ ᠢ ᠱᠠᠯᠠᠪᠳᠠᠭᠤᠯᠤᠨ ᠵᠢᠯᠤᠭᠤᠳᠪᠠ
ᠨᠡᠶᠢᠲᠡᠯᠡᠭᠰᠡᠨ ᠴᠠᠭ᠄
2020/2/9
     2 ᠰᠠᠷ᠎ᠠ ᠶᠢᠨ 7᠎ ᠠᠴᠠ 8᠎ ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ᠂ ᠦᠪᠡᠷᠲᠡᠭᠡᠨ ᠵᠠᠰᠠᠬᠤ ᠤᠷᠤᠨ ᠤ ᠰᠢᠨ᠎ᠠ ᠳᠢᠳᠢᠮᠯᠢᠭ ᠠᠭᠤᠰᠬᠢᠨ ᠦᠷᠪᠢᠰᠤᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ ᠶᠡᠷᠦᠩᠭᠡᠢ ᠵᠢᠯᠤᠭᠤᠳᠤᠬᠴᠢ ᠪᠦ᠋ ᠰᠢᠶᠤᠤ ᠯᠢᠨ ᠬᠦᠯᠦᠨ ᠪᠤᠶᠢᠷ ᠬᠤᠳᠠ ᠳᠤ ᠬᠦᠷᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠡᠨ ᠢ ᠠᠪᠤᠷᠠᠨ ᠡᠮᠨᠡᠬᠦ ᠠᠵᠢᠯ ᠢ ᠱᠠᠯᠠᠪᠳᠠᠭᠤᠯᠤᠨ ᠵᠢᠯᠤᠭᠤᠳᠪᠠ᠃ ᠲᠡᠷᠡ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠪᠠ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠲᠤᠭᠤᠰᠢᠯᠠᠭᠤᠯᠵᠦ᠂ ᠢᠳᠡᠭᠡᠯ ᠢᠶᠠᠨ ᠪᠠᠳᠤᠳᠬᠠᠵᠦ᠂ ᠵᠢᠷᠭᠠᠯ ᠵᠤᠪᠠᠯᠠᠩ ᠢᠶᠠᠨ ᠬᠠᠮᠳᠤᠳᠬᠠᠨ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠦ᠂ ᠤᠨᠢᠨ ᠳᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠬᠦᠯᠵᠦ᠂ ᠬᠠᠤᠯᠢ ᠶᠤᠰᠤᠭᠠᠷ ᠰᠢᠨᠵᠢᠯᠡᠬᠦ ᠤᠬᠠᠭᠠᠨᠴᠢ ᠪᠠᠷ ᠴᠢᠩᠭ᠎ᠠ ᠬᠦᠴᠦᠳᠠᠢ ᠡᠮᠬᠢ ᠲᠢᠭᠯᠢᠮ ᠲᠠᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠪᠡᠳᠴᠢᠳᠡᠨ ᠢ ᠠᠪᠤᠷᠠᠨ ᠡᠮᠨᠡᠬᠦ ᠠᠵᠢᠯ ᠢ ᠰᠠᠶᠢᠳᠤᠷ ᠬᠢᠵᠦ᠂ ᠠᠷᠠᠳ ᠤᠯᠠᠨ ᠤ ᠪᠡᠶ᠎ᠠ ᠮᠠᠬᠠᠪᠤᠳ ᠤᠨ ᠡᠷᠡᠬᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨ ᠬᠦ ᠪᠠᠳᠤᠯᠠᠬᠤ ᠭᠡᠷᠡᠭᠲᠡᠢ ᠭᠡᠵᠦ ᠴᠢᠬᠤᠯᠠᠴᠢᠯᠠᠪᠠ᠃      ᠬᠦᠯᠦᠨ ᠪᠤᠶᠢᠷ ᠬᠤᠳᠠ ᠶᠢᠨ ᠬᠠᠯᠳᠠᠪᠤᠷᠢᠳᠦ ᠡᠪᠡᠳᠴᠢᠨ ᠤ ᠡᠮᠨᠡᠯᠭᠡ ᠶᠢᠨ ᠬᠤᠷᠢᠶ᠎ᠠ ᠪᠤᠯ ᠪᠦᠬᠦ ᠬᠤᠳᠠ ᠶᠢᠨ ᠰᠢᠨ᠎ᠠ ᠳᠢᠳᠢᠮᠯᠢᠭ ᠠᠭᠤᠰᠬᠢᠨ ᠦᠷᠪᠢᠰᠤᠯ ᠢ ᠠᠪᠤᠷᠠᠨ ᠡᠮᠨᠡᠬᠦ ᠲᠤᠭᠳᠠᠭᠰᠠᠨ ᠡᠮᠨᠡᠯᠭᠡ ᠶᠢᠨ ᠬᠤᠷᠢᠶ᠎ᠠ ᠮᠦᠨ᠂ ᠠᠳᠡ ᠨᠢᠭᠡᠨᠳᠠ 3 ᠤᠨᠤᠰᠢᠯᠠᠬᠰᠠᠨ ᠡᠪᠡᠳᠴᠢᠨ ᠤ ᠵᠢᠱᠢᠶ᠎ᠠ ᠶᠢ ᠬᠦᠯᠢᠶᠡᠨ ᠠᠪᠴᠦ ᠡᠮᠨᠡᠵᠦ ᠪᠤᠢ᠃ ᠪᠦ᠋ ᠰᠢᠶᠤᠤ ᠯᠢᠨ ᠦᠪᠡᠷᠲᠡᠭᠡᠨ ᠵᠠᠰᠠᠬᠤ ᠤᠷᠤᠨ ᠤ ᠡᠮᠴᠢᠯᠡᠭᠡᠨ ᠤ ᠲᠤᠰᠬᠠᠢ ᠮᠡᠷᠭᠡᠵᠢᠯᠳᠠᠨ ᠤ ᠲᠤᠭᠤᠢᠢᠯᠠᠩ ᠢ ᠳᠠᠭᠠᠭᠤᠯᠤᠨ᠂ ᠬᠤᠯᠪᠤᠭᠳᠠᠯ ᠪᠦᠬᠦᠢ ᠡᠮᠴᠢᠯᠡᠭᠡᠨ ᠤ ᠲᠤᠨᠤᠭ ᠲᠦᠬᠦᠭᠡᠷᠤᠮᠵᠢ ᠶᠢ ᠠᠪᠴᠦ ᠡᠮᠨᠡᠯᠭᠡ ᠶᠢᠨ ᠬᠤᠷᠢᠶ᠎ᠠ ᠳᠤ ᠢᠷᠡᠵᠦ᠂ ᠲᠤᠰᠠᠭᠠᠷᠯᠠᠭᠰᠠᠨ ᠡᠪᠡᠳᠴᠢᠳᠡᠨ ᠤ ᠲᠤᠭᠤᠷᠢᠭ ᠤᠨ ᠲᠤᠬᠢᠷᠠᠭᠤᠯᠤᠯᠳᠠ᠂ ᠤᠨᠤᠰᠢᠯᠠᠨ ᠡᠮᠴᠢᠯᠡᠬᠦ ᠲᠦᠰᠦᠯ᠂ ᠡᠮᠴᠢ ᠰᠤᠪᠢᠯᠠᠬᠴᠢ ᠶᠢᠨ ᠬᠦᠴᠦᠨ ᠤ ᠲᠤᠬᠢᠷᠠᠭᠤᠯᠤᠯᠳᠠ ᠵᠢᠴᠢ ᠡᠪᠡᠳᠴᠢᠳᠡᠨ ᠢ ᠠᠪᠤᠷᠠᠨ ᠡᠮᠨᠡᠵᠦ ᠪᠠᠶᠢᠬᠤ ᠪᠠᠶᠢᠳᠠᠯ ᠵᠡᠷᠭᠡ ᠶᠢ ᠨᠠᠷᠢᠨ ᠤᠢᠢᠯᠠᠭᠠᠬᠤ ᠶᠢᠨ ᠬᠠᠮᠳᠦ ᠡᠮᠴᠢ ᠰᠤᠪᠢᠯᠠᠬᠴᠢᠳ ᠢ ᠡᠷᠬᠢᠨ ᠦᠵᠡᠵᠦ ᠲᠤᠬᠤᠨᠢᠭᠤᠯᠤᠨ᠂ ᠲᠤᠰᠠᠭᠠᠷᠯᠠᠬᠤ ᠡᠪᠡᠳᠴᠢᠳᠡᠨ ᠤ ᠦᠷᠦᠭᠡᠨ ᠳᠤ ᠪᠠᠶᠢᠭ᠎ᠠ ᠡᠮᠴᠢᠯᠡᠭᠡᠨ ᠤ ᠠᠵᠢᠯᠳᠠᠨ ᠲᠠᠢ ᠸᠢᠳᠢᠣ᠋ ᠪᠠᠷ ᠶᠠᠷᠢᠯᠴᠠᠵᠦ᠂ ᠤᠯᠠᠨ ᠢᠶᠠᠷ ᠢᠶᠠᠨ ᠠᠮᠤᠷ ᠲᠦᠪᠰᠢᠨ ᠤ ᠰᠡᠷᠭᠡᠶᠢᠯᠡᠯᠳᠠ ᠶᠢᠨ ᠤᠬᠠᠮᠰᠠᠷ ᠢᠶᠠᠨ ᠴᠢᠩᠭᠠᠳᠬᠠᠵᠦ᠂ ᠡᠪᠡᠳᠴᠢᠳᠡᠨ ᠢ ᠪᠦᠬᠦ ᠬᠦᠴᠦᠨ ᠢᠶᠠᠷ ᠢᠶᠠᠨ ᠠᠪᠤᠷᠠᠨ ᠡᠮᠨᠡᠬᠦ ᠶᠢᠨ ᠵᠡᠷᠭᠡ ᠪᠠᠷ ᠦᠪᠡᠷ ᠢ ᠪᠠᠨ ᠬᠠᠮᠠᠭᠠᠯᠠᠬᠤ ᠠᠵᠢᠯ ᠢ ᠦᠨᠡᠨ ᠬᠦ ᠰᠠᠶᠢᠳᠤᠷ ᠬᠢᠬᠦ ᠭᠡᠷᠡᠭᠲᠡᠢ ᠭᠡᠵᠦ ᠰᠠᠨᠠᠭᠤᠯᠪᠠ᠃ ᠡᠪᠡᠳᠴᠢᠳᠡᠨ ᠲᠠᠢ ᠸᠢᠳᠢᠣ᠋ ᠪᠠᠷ ᠶᠠᠷᠢᠯᠴᠠᠬᠤ ᠳᠠᠭᠠᠨ᠂ ᠪᠦ᠋ ᠰᠢᠶᠤᠤ ᠯᠢᠨ ᠳᠡᠳᠡᠨ ᠢ ᠢᠳᠡᠭᠡᠯ ᠢᠶᠠᠨ ᠪᠠᠳᠤᠳᠬᠠᠵᠦ᠂ ᠡᠮᠴᠢᠯᠡᠭᠡ ᠳᠤ ᠢᠳᠡᠪᠬᠢᠳᠠᠢ ᠬᠠᠮᠵᠢᠯᠴᠠᠬᠤ ᠶᠢ ᠵᠤᠷᠢᠬᠵᠢᠭᠤᠯᠬᠤ ᠶᠢᠨ ᠬᠠᠮᠳᠦ ᠳᠡᠳᠡᠨ ᠢ ᠡᠷᠳᠡ ᠡᠳᠦᠷ ᠡᠷᠡᠬᠦᠯᠵᠢᠬᠦ ᠶᠢ ᠵᠦᠩᠨᠡᠪᠡ᠃      ᠪᠦ᠋ ᠰᠢᠶᠤᠤ ᠯᠢᠨ᠂ ᠦᠷᠭᠡᠨ ᠤᠯᠠᠨ ᠡᠮᠴᠢᠯᠡᠭᠡᠨ ᠤ ᠠᠵᠢᠯᠳᠠᠨ ᠠᠷᠤ ᠭᠡᠷ ᠢᠶᠠᠨ ᠳᠠᠶᠠᠭᠳᠠᠨ ᠤᠯᠠᠨ ᠤ ᠲᠦᠯᠦᠭᠡ ᠵᠢᠳᠬᠦᠵᠦ᠂ ᠠᠵᠢᠯ ᠤᠨ ᠪᠠᠶᠢᠷᠢ ᠪᠠᠨ ᠪᠠᠳᠤ ᠰᠠᠬᠢᠨ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠬᠢᠵᠢᠭ ᠤᠨ ᠪᠠᠶᠢᠳᠠᠯ ᠲᠠᠢ ᠲᠡᠮᠡᠴᠡᠬᠦ ᠲᠠᠶᠢᠯᠠᠯᠳᠤᠭᠠᠨ ᠳᠤ ᠰᠢᠷᠭᠠᠭᠤ ᠬᠠᠳᠠᠭᠤᠵᠢᠯᠳᠠᠢ ᠬᠦᠴᠤ ᠬᠦᠳᠡᠯᠮᠦᠷᠢ ᠵᠠᠷᠤᠴᠠᠭᠤᠯᠵᠠᠢ᠃ ᠲᠤᠷᠰᠢᠯᠭ᠎ᠠ ᠪᠠᠨ ᠳᠠᠰᠤᠷᠠᠯᠳᠠ ᠦᠭᠡᠢ ᠳ᠋ᠦᠩᠨᠡᠵᠦ᠂ ᠰᠡᠷᠭᠡᠶᠢᠯᠡᠨ ᠬᠠᠮᠠᠭᠠᠯᠠᠬᠤ ᠪᠠ ᠡᠮᠴᠢᠯᠡᠭᠡᠨ ᠤ ᠲᠦᠪᠰᠢᠨ ᠢᠶᠠᠨ ᠳᠡᠭᠡᠭᠰᠢᠯᠡᠬᠦᠯᠦᠨ᠂ ᠠᠷᠠᠳ ᠤᠯᠠᠨ ᠳᠤ ᠪᠠᠳᠤ ᠪᠠᠬᠢ ᠡᠷᠡᠬᠦᠯ ᠮᠡᠨᠳᠦ ᠶᠢᠨ ᠰᠡᠷᠭᠡᠶᠢᠯᠡᠯᠳᠠ ᠶᠢᠨ ᠱᠤᠭᠤᠮ ᠢ ᠴᠤᠬᠴᠠᠯᠠᠵᠦ ᠦᠭᠬᠦ ᠭᠡᠷᠡᠭᠲᠡᠢ ᠭᠡᠵᠦ ᠵᠢᠭᠠᠵᠦ ᠭᠠᠷᠭᠠᠪᠠ᠃      ᠦᠪᠡᠷᠲᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠱᠠᠯᠠᠪᠳᠠᠭᠤᠯᠤᠨ ᠵᠢᠯᠤᠭᠤᠳᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号