ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠶᠡᠷᠦᠩᠬᠡᠶ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠬᠯᠠᠨ | ᠠᠷᠢᠯᠭᠠᠬᠤ ᠲᠠᠶᠢᠯᠠᠯᠳᠤᠭᠠᠨ ᠤ ᠢᠯᠠᠯᠲᠠ ᠶᠢ ᠣᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠡᠷᠡᠰ ᠨᠠᠶᠢᠳᠠᠪᠤᠷᠢᠵᠢᠭᠤᠯᠤᠨ᠂ ᠪᠦᠬᠦ ᠣᠷᠣᠨ ᠤ ᠰᠡᠷᠭᠡᠶᠢᠯᠡᠨ ᠡᠵᠡᠮᠳᠡᠬᠦ | ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯᠳᠠᠯᠭ᠎ᠠ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠪᠠᠲᠤᠯᠠᠵᠤ᠂ ᠬᠢᠵᠢᠭ ᠤᠨ ᠪᠠᠶᠢᠲᠠᠯ ᠤᠨ | ᠨᠥᠯᠥᠭᠡ ᠶᠢ ᠨᠡᠯᠢᠶᠡᠳ ᠶᠡᠭᠡ ᠬᠦᠷᠲᠡᠭᠰᠡᠨ ᠳᠤᠮᠳᠠ ᠪᠠᠭ᠎ᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ | ᠬᠦᠴᠢᠷᠳᠡᠯ ᠢ ᠰᠢᠢᠳᠪᠦᠷᠢᠯᠡᠬᠦ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠤᠶᠠᠯᠳᠤᠭᠤᠯᠤᠨ᠂ | ᠳᠣᠤᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠤᠯᠠᠮ ᠴᠢᠨᠠᠬᠰᠢᠳᠠ ᠰᠢᠯᠢᠳᠡᠭᠵᠢᠭᠦᠯᠦᠨ᠎ᠡ | ︵ᠨᠢᠭᠡ︶ ᠬᠢᠨᠠᠨ ᠵᠥᠪᠰᠢᠶᠡᠷᠡᠬᠦ ᠰᠠᠭᠠᠳ ᠦᠭᠡᠢ ᠵᠠᠮ ᠢ ᠨᠡᠪᠲᠡᠷᠡᠭᠦᠯᠦᠨ᠎ᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠢ ᠦᠢᠯᠡᠳᠪᠦᠷᠢᠯᠡᠬᠦ ᠰᠢᠨ᠎ᠡ ᠪᠠᠷ ᠨᠠᠶᠢᠳᠠᠪᠤᠷᠢᠵᠢᠭᠤᠯᠤᠭᠰᠠᠨ | ᠲᠥᠷᠥᠯ ᠵᠦᠢᠯ ᠳᠤ᠂ ᠠᠳᠠᠯᠢ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢᠶᠠᠷ | ᠨᠤᠳᠠᠯᠠᠭᠤᠯᠤᠭᠠᠳ ︽ᠠᠮᠠᠯᠳᠠᠬᠤ ᠳᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠣᠭᠲᠠᠭᠠᠯ ᠶᠣᠰᠣᠭᠠᠷ ᠭᠠᠷ | ᠭᠦᠢᠴᠡᠳᠭᠡᠯ ᠢ ᠨᠦᠬᠦᠵᠤ ᠬᠦᠢᠴᠡᠳᠭᠡᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ | ᠪᠣᠳᠠᠰ ᠦᠢᠯᠡᠳᠪᠦᠷᠢᠯᠡᠬᠦ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠤ᠂ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠦᠢᠯᠡᠳᠪᠦᠷᠢᠯᠡᠬᠦ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠨ᠎ᠡ︔ | ᠪᠤᠰᠤᠳ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠤᠳᠠᠰ ᠤᠨ | ᠦᠢᠯᠡᠳᠪᠦᠷᠢᠯᠡᠯ ᠤᠨ ᠱᠤᠭᠤᠮ ᠢ ᠰᠢᠨ᠎ᠠ ᠪᠠᠷ ᠨᠡᠮᠡᠭᠳᠡᠬᠦᠯᠵᠤ ᠦᠢᠯᠡᠳᠪᠦᠷᠢᠯᠡᠬᠦ ᠴᠢᠳᠠᠪᠤᠷᠢ ᠶᠢ ᠲᠦᠷᠭᠡᠨ | ᠪᠦᠷᠢᠯᠳᠦᠭᠦᠯᠬᠦ ᠶᠢ ᠳᠠᠮᠵᠢᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ | ᠲᠥᠷᠥᠯ ᠵᠦᠢᠯ ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢᠴᠡᠳᠬᠡᠯ ᠲᠤᠭ᠎ᠠ ᠶᠢ ᠡᠩ ᠲᠡᠷᠢᠭᠦᠨ ᠳᠤ | ᠲᠣᠬᠢᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ ᠤ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠤᠰᠤᠨ ᠠᠰᠢᠬᠯᠠᠯᠲᠠ ᠶᠢᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠥᠪᠥᠷ ᠮᠣᠩᠭᠤᠯ ᠤᠨ | ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ | ᠺᠣᠮᠫᠠᠨᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶᠢᠯᠠᠯ ᠲᠤᠰᠢᠶᠠᠯ | ᠬᠠᠷᠢᠭᠤᠴᠠᠯᠭ᠎ᠠ ᠪᠠᠷ ᠢᠶᠠᠨ ᠠᠵᠢᠯ ᠬᠤᠪᠢᠶᠠᠷᠢᠯᠠᠨ ᠠᠬᠢᠭᠤᠯᠵᠤ᠂ ᠵᠤᠬᠢᠴᠠᠭᠤᠯᠤᠨ ᠬᠠᠮᠵᠢᠯᠴᠠᠨ᠎ᠠ᠂ ᠨᠡᠷᠡᠰ ᠤᠨ | ᠵᠢᠭᠰᠠᠭᠠᠯᠲᠠ ᠳᠤ ᠡᠮᠦᠨ᠎ᠠ ᠬᠤᠶᠢᠨ᠎ᠠ ᠭᠡᠵᠦ ᠬᠤᠪᠢᠶᠠᠬᠤ ᠥᠬᠡᠶ᠂ ᠳᠣᠷᠣᠭᠰᠢ ᠠᠳᠠᠯᠢ︶ | ︵ᠬᠤᠶᠠᠷ︶ ᠭᠦᠢᠯᠭᠡᠭᠡᠨ ᠤ ᠰᠠᠭᠠᠳ ᠦᠭᠡᠢ ᠵᠠᠮ ᠢ ᠨᠡᠪᠲᠡᠷᠡᠬᠦᠯᠦᠨ᠎ᠡ᠃ ᠤᠯᠤᠰ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠡᠳ᠋ ᠪᠤᠳᠠᠰ᠂ | ᠢᠨᠵᠧᠨᠧᠷᠢᠩ ᠪᠣᠯᠤᠨ ᠦᠢᠯᠡᠴᠢᠯᠡᠭᠡ ᠶᠢ ᠬᠤᠳᠠᠯᠳᠤᠨ ᠠᠪᠬᠤ ᠳᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠳᠤ ᠲᠣᠭᠲᠠᠭᠠᠭᠰᠠᠨ ᠠᠷᠭ᠎ᠠ ᠭᠡᠯᠪᠡᠷᠢ ᠪᠣᠯᠤᠨ | ᠳᠡᠰ ᠳᠠᠷᠠᠭᠠᠯᠠᠯ ᠢ ᠬᠡᠷᠡᠭᠵᠢᠭᠦᠯᠬᠦ ᠦᠭᠡᠢ ᠪᠠᠶᠢᠵᠤ ᠪᠣᠯᠤᠨ᠎ᠠ᠃ ᠭᠠᠳᠠᠭᠠᠳᠤ ᠠᠴᠠ ᠣᠷᠣᠭᠤᠯᠬᠤ ᠰᠡᠷᠭᠡᠶᠢᠯᠡᠨ | ᠡᠵᠡᠮᠳᠡᠬᠦ ᠡᠳ᠋ ᠪᠤᠳᠠᠰ ᠢ ᠪᠣᠭᠤᠮᠲᠠ ᠪᠠᠷ ᠲᠦᠷᠭᠡᠨ ᠥᠩᠭᠡᠷᠡᠭᠦᠯᠬᠦ ᠲᠤᠰᠬᠠᠶ ᠴᠣᠩᠬᠤᠪᠴᠢ ᠭᠠᠷᠭᠠᠵᠤ᠂ | ᠭᠠᠳᠠᠭᠠᠳᠤ ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶᠢᠯᠡᠨ ᠡᠵᠡᠮᠳᠡᠬᠦ ᠡᠳ᠋ ᠪᠤᠳᠠᠰ ᠢ ᠤᠷᠢᠳ ᠢᠶᠠᠷ | ᠳᠠᠩᠰᠠᠯᠠᠭᠠᠳ ᠶᠠᠪᠤᠭᠤᠯᠵᠤ᠂ ᠳᠠᠷᠠᠭ᠎ᠠ ᠨᠢ ᠭᠠᠷ ᠭᠦᠢᠴᠡᠳᠬᠡᠯ ᠢ ᠨᠦᠬᠦᠨ ᠬᠢᠵᠦ᠂ ᠰᠡᠷᠭᠡᠶᠢᠯᠡᠨ ᠡᠵᠡᠮᠳᠡᠬᠦ ᠡᠳ᠋ | ᠪᠣᠳᠠᠰ ᠤᠨ ᠪᠣᠭᠤᠮᠲᠠ ᠪᠠᠷ ᠥᠩᠭᠡᠷᠡᠬᠦ ᠳᠤ ︽ᠴᠠᠭ ᠬᠤᠶᠢᠰᠢᠯᠠᠭᠤᠯᠬᠤ ᠦᠭᠡᠢ︾᠂ ᠳᠠᠩᠰᠠᠯᠠᠭᠤᠯᠤᠨ ᠲᠡᠮᠳᠡᠭᠯᠡᠬᠦ ᠳᠤ | ︽ᠬᠦᠯᠢᠶᠡᠬᠦ ᠦᠭᠡᠢ︾᠂ ᠭᠠᠶᠢᠯᠢ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ ︽ | ᠤᠳᠠᠭᠠᠰᠢᠷᠠᠭᠤᠯᠬᠤ ᠦᠭᠡᠢ︾ ᠪᠠᠶᠢᠬᠤ ᠶᠢ ᠪᠡᠶᠡᠯᠡᠭᠦᠯᠦᠨ᠎ᠡ᠃ ᠰᠡᠷᠭᠡᠶᠢᠯᠡᠨ ᠡᠵᠡᠮᠳᠡᠬᠦ ᠡᠳ᠋ ᠪᠤᠳᠠᠰ ᠵᠢᠴᠢ ᠲᠡᠭᠦᠨ ᠢ | ᠦᠢᠯᠡᠳᠪᠦᠷᠢᠯᠡᠬᠦ ᠳᠤ ᠬᠡᠷᠡᠭᠰᠡᠬᠦ ᠲᠦᠭᠦᠬᠡᠶ ᠮᠠᠲ᠋ᠧᠷᠢᠶᠠᠯ ᠪᠣᠯᠤᠨ ᠲᠥᠬᠦᠭᠡᠷᠦᠮᠵᠢ᠂ ᠪᠠᠴᠢᠮ ᠪᠠᠶᠢᠳᠠᠯ ᠢ ᠠᠷᠭᠠᠴᠠᠭᠠᠬᠤ | ᠴᠢᠨᠠᠷᠲᠠᠶ ᠦᠢᠯᠡᠳᠪᠦᠷᠢᠯᠡᠯ ᠠᠮᠢᠳᠤᠷᠠᠯ ᠤᠨ ᠡᠳ᠋ ᠪᠠᠷᠠᠭ᠎ᠠ ᠶᠢ ᠲᠡᠭᠡᠭᠡᠪᠦᠷᠢᠯᠡᠬᠦ ᠰᠠᠭᠠᠳ ᠦᠭᠡᠢ ᠨᠡᠪᠲᠡᠷᠡᠬᠦ ᠵᠠᠮ ᠢ | ᠭᠠᠷᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠬᠡᠬᠤᠲᠠ ᠪᠣᠭᠤᠮᠲᠠ᠂ | ᠮᠠᠨᠵᠤᠤᠷ ᠪᠣᠭᠤᠮᠲᠠ ᠬᠠᠷᠢᠭᠤᠴᠠᠨ᠎ᠠ︶ | ᠬᠤᠶᠠᠷ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ | ︵ᠭᠤᠷᠪᠠ︶ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠬᠢᠴᠠᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ | ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠪᠠᠭ᠎ᠠ ᠠᠵᠤ ᠠᠬᠤᠶᠢᠯᠠᠯ ᠠᠴᠠ ᠵᠢᠭᠡᠯᠡᠯᠭᠡ | ᠲᠠᠲᠠᠬᠤ ᠦᠭᠡᠢ᠂ ᠵᠢᠭᠡᠯᠡᠯᠭᠡ ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠶᠢ ᠳᠠᠷᠤᠬᠤ ᠦᠭᠡᠢ ᠪᠠᠶᠢᠵᠤ᠂ | ᠬᠤᠭᠤᠴᠠᠭ᠎ᠠ ᠶᠢ ᠤᠷᠲᠤᠳᠬᠠᠬᠤ᠂ ᠡᠬᠡ ᠮᠥᠩᠭᠦ ᠪᠠᠨ ᠪᠤᠴᠠᠭᠠᠬᠤ ᠦᠭᠡᠢ ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ | ᠢᠲᠡᠭᠡᠮᠵᠢᠲᠦ ᠵᠢᠭᠡᠯᠡᠯᠭᠡ ᠶᠢ ᠳᠠᠬᠢᠨ ᠨᠡᠶᠢᠳᠭᠡᠬᠦ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠶᠢ ᠬᠠᠰᠤᠵᠤ | ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠵᠢᠭᠡᠯᠡᠬᠦᠯᠬᠦ ᠶᠣᠰᠣᠲᠠᠶ ᠶᠢ ᠨᠢ ᠪᠦᠬᠦᠨ ᠢ | ᠵᠢᠭᠡᠯᠡᠭᠦᠯᠬᠦ᠂ ᠦᠷᠭᠦᠯᠵᠢᠯᠡᠬᠦ ᠶᠤᠰᠤᠳᠠᠢ ᠶᠢ ᠨᠢ ᠲᠦᠷᠭᠡᠨ ᠦᠷᠭᠦᠯᠵᠢᠯᠡᠭᠦᠯᠬᠦ ᠶᠢ ᠪᠡᠶᠡᠯᠡᠭᠦᠯᠵᠦ᠂ 2020 ᠣᠨ ᠳᠤ | ᠳᠤᠮᠳᠠ ᠪᠠᠭ᠎ᠠ ᠠᠵᠤ ᠠᠬᠤᠶᠢᠯᠠᠯ ᠤᠨ ᠢᠲᠡᠭᠡᠮᠵᠢᠲᠦ ᠵᠢᠭᠡᠯᠡᠯᠭᠡ ᠶᠢᠨ ᠦᠯᠡᠳᠡᠪᠦᠷᠢ ᠲᠤᠭ᠎ᠠ ᠪᠠᠭᠤᠷᠠᠬᠤ ᠦᠭᠡᠢ | ᠪᠠᠶᠢᠬᠤ ᠶᠢ ᠦᠨᠡᠨ ᠬᠦ ᠪᠠᠲᠤᠯᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠵᠢᠯ ᠤᠨ ᠠᠷᠭ᠎ᠠ ᠭᠡᠯᠪᠡᠷᠢ ᠶᠢ | ᠰᠢᠨᠡᠴᠢᠯᠡᠵᠦ᠂ ᠲᠦᠷᠭᠡᠨ ᠬᠢᠨᠠᠨ ᠵᠥᠪᠰᠢᠶᠡᠷᠡᠵᠦ ᠨᠡᠪᠲᠡᠷᠡᠬᠦᠯᠬᠦ ᠵᠠᠮ ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ | ᠳᠤᠮᠳᠠ ᠤᠷᠲᠤ ᠬᠤᠭᠤᠴᠠᠭᠠᠨ ᠤ ᠵᠢᠭᠡᠯᠡᠯᠭᠡ ᠶᠢ ᠨᠡᠮᠡᠭᠳᠡᠭᠦᠯᠵᠦ᠂ ᠵᠢᠭᠡᠯᠡᠯᠭᠡ ᠪᠤᠴᠠᠭᠠᠬᠤ ᠬᠤᠭᠤᠴᠠᠭ᠎ᠠ ᠶᠢ ᠵᠣᠬᠢᠰᠲᠠᠶ | ᠤᠷᠲᠤᠳᠬᠠᠵᠤ᠂ ᠪᠠᠲᠤᠯᠠᠭ᠎ᠠ ᠶᠢᠨ ᠴᠢᠨᠠᠷᠲᠠᠶ ᠮᠥᠩᠭᠦᠨ ᠭᠦᠢᠯᠭᠡᠭᠡᠨ ᠤ ᠦᠢᠯᠡᠴᠢᠯᠡᠭᠡ ᠪᠠ ᠨᠠᠩ ᠢᠯᠡᠭᠦᠦ | ᠬᠠᠷᠠᠭᠠᠯᠵᠠᠯ ᠦᠵᠡᠭᠦᠯᠬᠦ ᠮᠥᠩᠭᠦᠨ ᠭᠦᠢᠯᠭᠡᠭᠡᠨ ᠤ ᠦᠢᠯᠡᠴᠢᠯᠡᠭᠡ ᠬᠠᠩᠭᠠᠬᠤ ᠶᠢ ᠵᠣᠷᠢᠭᠵᠢᠭᠤᠯᠤᠨ᠎ᠠ᠃ ᠬᠢᠵᠢᠭ ᠤᠨ | ᠪᠠᠶᠢᠳᠠᠯ ᠤᠨ ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ | ᠠᠬᠤᠶᠢᠯᠠᠯ ᠳᠤ ᠢᠲᠡᠭᠡᠮᠵᠢ ᠶᠢᠨ ᠮᠡᠳᠡᠭᠡ ᠵᠠᠩᠭᠢ ᠴᠤᠭᠯᠠᠭᠤᠯᠬᠤ ᠦᠢᠯᠡᠴᠢᠯᠡᠭᠡᠨ ᠤ ᠠᠵᠢᠯ ᠢ ᠰᠠᠶᠢᠲᠤᠷ ᠬᠢᠵᠦ᠂ | ᠬᠤᠭᠤᠴᠠᠭ᠎ᠠ ᠬᠡᠲᠦᠷᠡᠭᠰᠡᠨ ᠢᠲᠡᠭᠡᠮᠵᠢ ᠶᠢᠨ ᠲᠡᠮᠳᠡᠭᠯᠡᠯ ᠤᠨ ᠮᠡᠳᠡᠭᠦᠯᠦᠨ ᠬᠦᠷᠭᠡᠬᠦ ᠵᠦᠢᠯ ᠢ ᠵᠦᠶ ᠵᠣᠬᠢᠰᠲᠠᠶ | ᠲᠣᠬᠢᠷᠠᠭᠤᠯᠬᠤ ᠬᠡᠷᠡᠭᠲᠡᠶ᠃ ᠳᠤᠮᠳᠠ ᠪᠠᠭ᠎ᠠ ᠠᠵᠤ ᠠᠬᠤᠶᠢᠯᠠᠯ ᠤᠨ ᠲᠤᠰᠬᠠᠶ ᠠᠰᠢᠭ᠂ ᠲᠠᠸᠠᠷ ᠤᠨ ᠲᠡᠮᠳᠡᠭ ᠵᠡᠷᠭᠡ | ᠮᠡᠳᠡᠯᠭᠡ ᠶᠢᠨ ᠦᠮᠴᠢᠯᠡᠯ ᠤᠨ ᠡᠷᠬᠡ ᠪᠠᠷ ᠪᠠᠷᠢᠴᠠᠭᠠᠯᠠᠬᠤ᠂ ᠰᠲ᠋ᠣᠺ ᠤᠨ ᠡᠷᠬᠡ ᠪᠠᠷ ᠪᠠᠷᠢᠴᠠᠭᠠᠯᠠᠬᠤ ᠪᠠᠯᠠ ᠮᠦᠩᠬᠦ | ᠴᠤᠬᠯᠠᠭᠤᠯᠬᠤ ᠵᠢᠭᠡᠯᠡᠯᠭᠡ ᠲᠠᠯᠪᠢᠬᠤ ᠶᠢ ᠳᠠᠮᠵᠢᠨ᠎ᠠ᠃ ︵ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ | ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ | ︵ᠳᠥᠷᠪᠡ︶ ᠪᠠᠯᠠ ᠮᠦᠩᠬᠦ ᠴᠤᠬᠯᠠᠭᠤᠯᠬᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠠ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ | ᠡᠵᠡᠩᠨᠡᠯᠲᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ ᠳᠤᠮᠳᠠ ᠪᠠᠭ᠎ᠠ ᠠᠵᠤ ᠠᠬᠤᠶᠢᠯᠠᠯ ᠤᠨ ᠠᠵᠢᠯ ᠤᠨ | ᠪᠠᠶᠢᠷᠢ ᠳᠤ ᠪᠠᠶᠢᠬᠤ᠂ ᠡᠮᠴᠢᠯᠡᠭᠡ ᠬᠦᠯᠢᠶᠡᠬᠦ ᠪᠤᠶᠤ ᠲᠤᠰᠠᠭᠠᠷᠯᠠᠬᠤ ᠬᠥᠮᠦᠰ ᠲᠤ ᠵᠦᠷᠢᠶᠡᠴᠢᠯᠡᠭᠰᠡᠨ ᠮᠥᠩᠭᠦᠨ | ᠭᠦᠢᠯᠭᠡᠭᠡᠨ ᠤ ᠦᠢᠯᠡᠴᠢᠯᠡᠭᠡ ᠬᠠᠩᠭᠠᠵᠤ᠂ ᠣᠷᠣᠨ ᠰᠠᠭᠤᠴᠠ ᠶᠢᠨ ᠪᠠᠷᠢᠴᠠᠭᠠᠳᠤ ᠵᠢᠭᠡᠯᠡᠯᠭᠡ᠂ ᠢᠲᠡᠭᠡᠮᠵᠢ ᠶᠢᠨ ᠺᠠᠷᠲ | ᠵᠡᠷᠭᠡ ᠬᠤᠪᠢ ᠬᠥᠮᠦᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠪᠤᠴᠠᠭᠠᠬᠤ ᠴᠠᠭ ᠬᠤᠭᠤᠴᠠᠭ᠎ᠠ ᠳᠤ ᠬᠥᠮᠥᠡᠯᠢᠭ᠂ | ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠲᠡᠶ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ | ᠪᠠᠶᠢᠭᠠᠳ ᠥᠪᠡᠷ ᠤᠨ ᠥᠷᠲᠡᠭ ᠤᠨ ᠰᠦᠢᠳᠬᠡᠯ ᠤᠨ ᠨᠤᠷᠮ᠎ᠠ ᠶᠢ ᠪᠠᠭᠤᠷᠠᠭᠤᠯᠬᠤ ᠪᠠᠷ ᠳᠠᠮᠵᠢᠭᠤᠯᠤᠨ᠂ ᠳᠤᠮᠳᠠ | ᠪᠠᠭ᠎ᠠ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠢᠵᠢᠭ ᠤᠨ ᠨᠥᠯᠥᠭᠡ ᠶᠢ ᠨᠡᠯᠢᠶᠡᠳ ᠶᠡᠭᠡ | ᠬᠦᠷᠲᠡᠭᠰᠡᠨ ᠳᠤᠮᠳᠠ ᠪᠠᠭ᠎ᠠ ᠠᠵᠤ ᠠᠬᠤᠶᠢᠯᠠᠯ ᠳᠤ ᠤᠤᠯ ᠤᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢᠨ | ᠲᠦᠪᠰᠢᠨ ᠤ ᠰᠠᠭᠤᠷᠢᠨ ᠳᠡᠭᠡᠷ᠎ᠡ ᠳᠠᠬᠢᠨ 10% ᠰᠢᠬᠠᠮ ᠪᠠᠭᠤᠷᠠᠭᠤᠯᠤᠨ᠂ 2020 ᠣᠨ ᠤ ᠪᠠᠯᠠ ᠮᠦᠩᠬᠦ | ᠴᠤᠬᠯᠠᠭᠤᠯᠬᠤ ᠥᠪᠡᠷ ᠤᠨ ᠥᠷᠲᠡᠭ ᠢ ᠳᠡᠭᠡᠭᠰᠢᠯᠡᠭᠦᠯᠬᠦ ᠥᠬᠡᠶ᠂ ᠲᠦᠭᠡᠮᠡᠯ ᠬᠠᠷᠠᠭᠠᠯᠵᠠᠯᠲᠤ ᠪᠠᠭ᠎ᠠ ᠵᠢᠵᠢᠭ ᠠᠵᠤ | ᠠᠬᠤᠶᠢᠯᠠᠯ ᠤᠨ ᠵᠢᠭᠡᠯᠡᠯᠭᠡ ᠶᠢᠨ ᠬᠦᠤ ᠮᠥᠩᠭᠦ ᠶᠢᠨ ᠨᠣᠷᠮ᠎ᠠ ᠶᠢ ᠵᠠᠭᠤᠨ ᠤ ᠬᠠᠷᠢᠴᠠᠯ ᠢᠶᠠᠷ 0.5 ᠬᠤᠪᠢ | ᠪᠠᠭᠤᠷᠠᠭᠤᠯᠬᠤ ᠶᠢ ᠦᠨᠡᠨ ᠬᠦ ᠪᠠᠲᠤᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠠᠴᠠ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠳᠣᠲᠣᠷᠠᠬᠢ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠬᠡᠷᠡᠭᠴᠡᠭᠡ ᠪᠦᠬᠦᠢ ᠠᠮᠠᠪᠴᠢ᠂ ᠲᠤᠰᠠᠭᠠᠷᠯᠠᠬᠤ ᠦᠢᠯᠡᠴᠢᠯᠡᠭᠡ | ᠂ ᠠᠷᠢᠭᠤᠳᠬᠠᠬᠤ ᠤᠰᠠᠳᠬᠠᠬᠤ ᠦᠢᠯᠡᠳᠬᠦᠨ ᠵᠡᠷᠭᠡ ᠡᠳ᠋ ᠪᠤᠳᠠᠰ ᠤᠨ ᠦᠢᠯᠡᠳᠪᠦᠷᠢᠯᠡᠯ ᠤᠨ ᠨᠡᠷᠡᠰ ᠲᠤ ᠵᠢᠭᠰᠠᠭᠠᠨ | ᠣᠷᠣᠭᠤᠯᠤᠭᠰᠠᠨ ᠠᠵᠤ ᠠᠬᠤᠶᠢᠯᠠᠯ ᠤᠨ ᠵᠢᠭᠡᠯᠡᠯᠭᠡ ᠳᠤ ᠠᠷᠠᠳ ᠤᠨ ᠪᠠᠩᠬᠢ ᠶᠢᠨ ᠲᠤᠰᠬᠠᠶ ᠵᠦᠢᠯ ᠤᠨ ᠳᠠᠬᠢᠨ | ᠵᠢᠭᠡᠯᠡᠯᠭᠡ ᠥᠭᠴᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠠᠭᠠᠯᠵᠠᠯᠲᠤ ᠬᠦᠤ ᠶᠢᠨ ᠨᠣᠷᠮ᠎ᠠ ᠶᠢᠨ | ᠢᠲᠡᠭᠡᠮᠵᠢᠲᠦ ᠵᠢᠭᠡᠯᠡᠯᠭᠡ ᠬᠠᠩᠭᠠᠬᠤ ᠶᠢ ᠳᠡᠮᠵᠢᠭᠰᠡᠨ ᠰᠠᠭᠤᠷᠢᠨ ᠳᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ | ᠠᠷᠠᠳ ᠤᠨ ᠪᠠᠩᠬᠢ ᠶᠢᠨ ᠳᠠᠬᠢᠨ ᠵᠢᠭᠡᠯᠡᠬᠦᠯᠬᠦ ᠵᠢᠭᠡᠯᠡᠯᠭᠡ ᠶᠢᠨ ᠬᠦᠤ ᠶᠢᠨ ᠨᠣᠷᠮ᠎ᠠ ᠶᠢᠨ 50% ᠪᠠᠷ ᠳᠡᠮ ᠬᠦᠤ | ᠣᠯᠭᠤᠨ᠎ᠠ᠂ ᠳᠡᠮ ᠬᠦᠤ ᠥᠭᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 1 ᠵᠢᠯ ᠠᠴᠠ ᠬᠡᠲᠦᠷᠡᠭᠦᠯᠬᠦ ᠦᠭᠡᠢ᠃ ︵ | ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ | ᠬᠥᠬᠡᠬᠤᠲᠠ ᠶᠢᠨ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠲᠠᠪᠤ︶ ᠪᠠᠯᠠ ᠮᠦᠩᠬᠦ ᠴᠤᠬᠯᠠᠭᠤᠯᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠪᠠᠯᠠ | ᠮᠦᠡᠭᠬᠦ ᠴᠤᠬᠯᠠᠭᠤᠯᠬᠤ ᠳᠠᠭᠠᠭᠠᠯᠲᠠ ᠶᠢᠨ ᠲᠦᠭᠰᠢᠭᠦᠷᠢ ᠶᠢᠨ ᠨᠥᠬᠦᠪᠥᠷᠢ ᠥᠭᠬᠦ ᠡᠷᠴᠢᠮ ᠢ ᠴᠢᠩᠭᠠᠷᠠᠭᠤᠯᠵᠤ᠂ ᠪᠠᠯᠠ | ᠮᠦᠩᠬᠦ ᠴᠤᠬᠯᠠᠭᠤᠯᠬᠤ ᠳᠠᠭᠠᠭᠠᠯᠲᠠ ᠶᠢᠨ ᠺᠣᠮᠫᠠᠨᠢ ᠶᠢᠨ ᠲᠤᠬᠠᠶ ᠶᠢᠨ ᠵᠢᠯ ᠤᠨ ᠡᠴᠦᠰ ᠤᠨ ᠳᠠᠭᠠᠭᠠᠯᠲᠠ ᠶᠢᠨ | ᠬᠠᠷᠢᠭᠤᠴᠠᠯᠭ᠎ᠠ ᠶᠢᠨ ᠦᠯᠡᠳᠡᠪᠦᠷᠢ ᠲᠤᠭ᠎ᠠ ᠶᠢᠨ 1% ᠶᠣᠰᠣᠭᠠᠷ ᠲᠦᠭᠰᠢᠭᠦᠷᠢ ᠶᠢᠨ ᠨᠥᠬᠦᠪᠥᠷᠢ ᠣᠯᠭᠤᠨ᠎ᠠ᠃ ᠡᠯ᠎ᠡ | ᠱᠠᠲᠤᠨ ᠤ ᠵᠠᠰᠠᠭ ᠤᠨ ᠣᠷᠳᠣᠨ ᠤ ᠴᠢᠨᠠᠷᠲᠠᠶ ᠪᠡᠯᠡ ᠮᠦᠩᠬᠦ ᠴᠤᠬᠯᠠᠭᠤᠯᠬᠤ ᠳᠠᠭᠠᠭᠠᠯᠲᠠ ᠬᠢᠬᠦ᠂ ᠳᠠᠬᠢᠨᠳᠠ | ᠲᠠᠭᠠᠭᠠᠯᠲᠠ ᠬᠢᠬᠦ ᠪᠠᠶᠢᠭᠤᠯᠤᠮᠵᠢ ᠶᠢᠨ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠦᠴᠦᠨ ᠦᠭᠡᠢ ᠪᠣᠯᠭᠠᠬᠤ ᠶᠢ | ᠵᠣᠷᠢᠭᠵᠢᠭᠤᠯᠵᠤ᠂ ᠳᠠᠭᠠᠭᠠᠯᠲᠠ ᠬᠢᠬᠦ ᠪᠠ ᠳᠠᠬᠢᠨ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ᠃ | ᠲᠦᠷ ᠵᠣᠭᠤᠰ ᠢᠶᠠᠨ ᠪᠤᠴᠠᠭᠠᠬᠤ ᠴᠢᠳᠠᠪᠤᠷᠢ ᠦᠭᠡᠢ ᠳᠤᠮᠳᠠ ᠪᠠᠭ᠎ᠠ ᠠᠵᠤ ᠠᠬᠤᠶᠢᠯᠠᠯ ᠳᠤ᠂ ᠪᠡᠯᠡ ᠮᠦᠩᠬᠦ | ᠴᠤᠬᠯᠠᠭᠤᠯᠬᠤ ᠳᠠᠭᠠᠭᠠᠯᠲᠠ ᠶᠢᠨ ᠦᠢᠯᠡᠴᠢᠯᠡᠭᠡ ᠬᠠᠩᠭᠠᠵᠤ ᠪᠠᠶᠢᠭ᠎ᠠ ᠡᠯ᠎ᠡ ᠱᠠᠲᠤᠨ ᠤ ᠵᠠᠰᠠᠭ ᠤᠨ ᠣᠷᠳᠣᠨ ᠤ | ᠴᠢᠨᠠᠷᠲᠠᠶ ᠪᠡᠯᠡ ᠮᠦᠩᠬᠦ ᠴᠤᠬᠯᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠨᠤᠭᠤᠳ ᠣᠷᠣᠯᠠᠨ ᠲᠥᠯᠥᠬᠦ | ᠡᠭᠦᠷᠭᠡ ᠪᠠᠨ ᠴᠠᠭ ᠲᠤᠬᠠᠶ ᠳᠤᠨᠢ ᠭᠦᠢᠴᠡᠳᠬᠡᠵᠦ᠂ ᠬᠢᠵᠢᠭ ᠤᠨ ᠪᠠᠶᠢᠳᠠᠯ ᠤᠨ ᠨᠥᠯᠥᠭᠡ ᠶᠢᠨ ᠪᠠᠶᠢᠳᠠᠯ ᠢ | ᠦᠨᠳᠦᠰᠦᠯᠡᠵᠦ ᠪᠠᠶᠢᠭᠠᠳ ᠨᠡᠬᠡᠮᠵᠢᠯᠨᠨ ᠲᠥᠯᠥᠭᠦᠯᠬᠦ ᠴᠠᠭ ᠬᠤᠭᠤᠴᠠᠭ᠎ᠠ ᠶᠢ ᠵᠣᠬᠢᠰᠲᠠᠶ ᠤᠷᠲᠤᠳᠬᠠᠵᠤ᠂ | ᠬᠠᠷᠭᠤᠭᠤᠯᠤᠨ ᠬᠠᠰᠤᠬᠤ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠣᠭᠲᠠᠭᠠᠯ ᠶᠣᠰᠣᠭᠠᠷ ᠬᠤᠬᠢᠷᠡᠯ ᠢ ᠨᠢ ᠣᠷᠣᠯᠠᠨ | ᠲᠥᠯᠥᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ | ᠬᠠᠷᠢᠭᠤᠴᠠᠨ᠎ᠠ︶ | ︵ᠵᠢᠷᠭᠤᠭ᠎ᠠ︶ ᠦᠢᠯᠡᠰ ᠪᠤᠰᠬᠠᠬᠤ ᠳᠠᠭᠠᠭᠠᠯᠲᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠬᠢᠵᠢᠭ ᠤᠨ | ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠳᠤᠮᠳᠠ ᠪᠠᠭ᠎ᠠ ᠠᠵᠤ ᠠᠬᠤᠶᠢᠯᠠᠯ ᠪᠣᠯᠤᠨ ᠬᠤᠪᠢ ᠬᠥᠮᠦᠨ ᠤ | ᠦᠢᠯᠡᠰ ᠪᠤᠰᠬᠠᠬᠤ ᠲᠠᠭᠠᠭᠠᠯᠲᠠᠳᠤ ᠵᠢᠭᠡᠯᠡᠯᠭᠡ ᠶᠢᠨ ᠳᠡᠮ ᠬᠦᠤ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ | ᠨᠢᠭᠡᠨᠲᠡ ᠲᠠᠷᠬᠠᠭᠠᠭᠰᠠᠨ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠳᠤ᠂ ᠵᠣᠭᠤᠰ ᠵᠢᠭᠡᠯᠡᠭᠴᠢ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠪᠡᠯ᠂ ᠵᠢᠭᠡᠯᠡᠯᠭᠡ ᠶᠢᠨ ᠪᠠᠩᠬᠢ ᠳᠤ ᠬᠤᠭᠤᠴᠠᠭ᠎ᠠ ᠤᠷᠲᠤᠳᠬᠠᠨ | ᠵᠣᠭᠤᠰ ᠪᠤᠴᠠᠭᠠᠬᠤ ᠪᠠᠷ ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 1 ᠵᠢᠯ | ᠪᠠᠶᠢᠵᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠠᠮ ᠬᠦᠤ ᠥᠭᠬᠦ ᠳᠡᠮᠵᠢᠯᠭᠡ ᠣᠯᠭᠤᠨ᠎ᠠ᠃ ᠬᠢᠵᠢᠭ ᠤᠨ | ᠪᠠᠶᠢᠳᠠᠯ ᠤᠨ ᠨᠥᠯᠥᠭᠡ ᠠᠴᠠ ᠪᠣᠯᠵᠤ ᠣᠷᠣᠯᠭ᠎ᠠ ᠶᠢᠨ ᠢᠷᠡᠯᠲᠡ ᠪᠠᠨ ᠲᠦᠷ ᠠᠯᠳᠠᠭᠰᠠᠨ ᠳᠤᠮᠳᠠ ᠪᠠᠭ᠎ᠠ ᠠᠵᠤ | ᠠᠬᠤᠶᠢᠯᠠᠯ ᠪᠣᠯᠤᠨ ᠬᠤᠪᠢ ᠬᠥᠮᠦᠨ ᠳᠤ ᠡᠳ᠋ ᠤᠨ ᠵᠠᠰᠠᠭ ᠤᠨ ᠰᠠᠯᠠᠭ᠎ᠠ ᠮᠥᠴᠢᠷ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠦᠢᠯᠡᠰ ᠪᠤᠰᠬᠠᠬᠤ ᠲᠠᠭᠠᠭᠠᠯᠲᠠᠲᠤ | ᠵᠢᠭᠡᠯᠡᠯᠭᠡ ᠭᠤᠶᠤᠴᠢᠯᠠᠬᠤ ᠳᠤ ᠡᠩ ᠲᠡᠷᠢᠭᠦᠨ ᠳᠤ ᠳᠡᠮ ᠬᠦᠤ ᠶᠢᠨ ᠳᠡᠮᠵᠢᠯᠭᠡ ᠦᠵᠡᠭᠦᠯᠬᠦ ᠬᠡᠷᠡᠭᠲᠡᠶ᠃ ︵ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠠᠷᠠᠳ ᠤᠨ ᠪᠠᠩᠬᠢ ᠶᠢᠨ ᠬᠥᠬᠡᠬᠤᠲᠠ ᠶᠢᠨ ᠲᠥᠪ ᠰᠠᠯᠪᠤᠷᠢ ᠪᠠᠩᠬᠢ ᠬᠠᠷᠢᠭᠤᠴᠠᠨ᠎ᠠ︶ | ︵ᠳᠣᠯᠤᠭ᠎ᠠ︶ ᠡᠳ᠋ ᠤᠨ ᠵᠠᠰᠠᠭ ᠤᠨ ᠪᠡᠯᠡ ᠮᠥᠩᠭᠦ ᠶᠢᠨ ᠳᠡᠮᠵᠢᠯᠭᠡ ᠶᠢ ᠨᠡᠮᠡᠭᠳᠡᠭᠦᠯᠦᠨ᠎ᠡ᠃ ᠡᠳ᠋ ᠤᠨ | ᠵᠠᠰᠠᠭ ᠤᠨ ᠴᠢᠨᠠᠷᠲᠠᠶ ᠲᠤᠰᠬᠠᠶ ᠵᠦᠢᠯ ᠤᠨ ᠪᠡᠯᠡ ᠮᠥᠩᠭᠦ ᠶᠢ ᠤᠷᠢᠳᠴᠢᠯᠠᠨ ᠪᠠᠭᠤᠯᠭᠠᠵᠤ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ 2020 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ︽ᠳᠠᠭᠠᠳᠬᠠᠯ ᠤᠨ ᠮᠦᠡᠭᠬᠦ ᠶᠢ | ᠲᠤᠰᠠᠯᠠᠬᠤ ᠵᠢᠭᠡᠯᠡᠯᠭᠡ︾ ᠪᠠᠭᠤᠯᠭᠠᠬᠤ ᠪᠠ ︽ᠲᠤᠰᠬᠠᠶ ᠰᠢᠯᠢᠳᠡᠭ ᠣᠨᠴᠠ ᠰᠢᠨ᠎ᠡ︾ ᠳᠤᠮᠳᠠ ᠪᠠᠭ᠎ᠠ ᠠᠵᠤ | ᠠᠬᠤᠶᠢᠯᠠᠯ ᠢ ᠲᠡᠳᠬᠦᠬᠦ ᠪᠡᠯᠡ ᠮᠥᠩᠭᠦ ᠶᠢ ᠪᠡᠯᠡᠳᠭᠡᠵᠦ ᠪᠦᠷᠢᠯᠳᠦᠭᠦᠯᠤᠨ᠎ᠡ᠃ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠠᠴᠠ 1 ᠳ᠋ᠦᠩᠰᠢᠭᠤᠷ ᠲᠥᠭᠦᠷᠢᠭ ᠤᠨ ᠲᠤᠰᠬᠠᠶ ᠵᠦᠢᠯ ᠤᠨ ᠪᠡᠯᠡ ᠮᠥᠩᠭᠦ ᠪᠠᠶᠢᠭᠤᠯᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠠᠵᠤ ᠠᠬᠤᠶᠢᠯᠠᠯ ᠤᠨ ᠡᠳ᠋ ᠪᠤᠳᠠᠰ ᠬᠤᠳᠠᠯᠳᠤᠨ | ᠠᠪᠬᠤ ᠪᠠ ᠦᠢᠯᠡᠳᠪᠦᠷᠢᠯᠡᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ ᠨᠡᠶᠢᠭᠡᠮ ᠤᠨ | ᠬᠠᠷᠢᠭᠤᠴᠠᠯᠭ᠎ᠠ ᠶᠢ ᠰᠠᠨᠠᠭᠠᠴᠢᠯᠠᠭ᠎ᠠ ᠠᠴᠠ ᠪᠠᠨ ᠡᠭᠦᠷᠭᠡᠯᠡᠭᠰᠡᠨ ᠪᠠ ᠬᠤᠪᠢ ᠨᠡᠮᠡᠷᠢ ᠪᠠᠷ ᠲᠣᠪᠤᠶᠢᠮ᠎ᠠ ᠬᠠᠮᠢᠶ᠎ᠠ ᠪᠦᠬᠦᠢ | ᠠᠵᠤ ᠠᠬᠤᠶᠢᠯᠠᠯ ᠢ ᠱᠠᠩᠨᠠᠬᠤ ᠳᠤ ᠬᠡᠷᠡᠭᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ | ᠬᠠᠷᠢᠭᠤᠴᠠᠨ᠎ᠠ︶ | ᠭᠤᠷᠪᠠ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠤᠨᠠ | | ︵ᠨᠠᠢᠮᠠ︶ ᠭᠠᠶᠢᠯᠢ ᠶᠢ ᠬᠠᠰᠤᠵᠤ ᠬᠡᠯᠲᠦᠷᠢᠭᠦᠯᠬᠦ ᠪᠠ ᠬᠤᠶᠢᠰᠢᠯᠠᠭᠤᠯᠤᠨ ᠲᠤᠰᠢᠶᠠᠨ᠎ᠠ᠃ ᠬᠢᠵᠢᠭ ᠤᠨ | ᠪᠠᠶᠢᠳᠠᠯ ᠤᠨ ᠨᠥᠯᠥᠭᠡ ᠠᠴᠠ ᠪᠣᠯᠵᠤ ᠮᠡᠳᠡᠭᠦᠯᠬᠦ ᠳᠤ ᠬᠦᠴᠢᠷᠲᠡᠶ᠂ ᠭᠠᠶᠢᠯᠢ ᠪᠠᠨ ᠬᠤᠭᠤᠴᠠᠭ᠎ᠠ ᠶᠣᠰᠣᠭᠠᠷ | ᠲᠤᠰᠢᠶᠠᠬᠤ ᠳᠤ ᠬᠦᠴᠢᠷᠲᠡᠶ ᠳᠤᠮᠳᠠ ᠪᠠᠭ᠎ᠠ ᠠᠵᠤ ᠠᠬᠤᠶᠢᠯᠠᠯ ᠳᠤ ᠪᠣᠯ ᠭᠤᠶᠤᠴᠢᠯᠠᠯ ᠢᠶᠠᠷ ᠨᠢ ᠭᠠᠶᠢᠯᠢ ᠪᠠᠨ | ᠬᠤᠶᠢᠰᠢᠯᠠᠭᠤᠯᠤᠨ ᠮᠡᠳᠡᠭᠦᠯᠬᠦ᠂ ᠬᠤᠶᠢᠰᠢᠯᠠᠭᠤᠯᠤᠨ ᠲᠤᠰᠢᠶᠠᠬᠤ ᠶᠢ ᠬᠠᠤᠯᠢ ᠶᠣᠰᠣᠭᠠᠷ ᠭᠦᠢᠴᠡᠳᠬᠡᠨ᠎ᠡ᠂ | ᠭᠠᠶᠢᠯᠢ ᠪᠠᠨ ᠬᠤᠶᠢᠰᠢᠯᠠᠭᠤᠯᠤᠨ ᠲᠤᠰᠢᠶᠠᠬᠤ ᠬᠤᠭᠤᠴᠠᠭ᠎ᠠ ᠨᠢ ᠵᠠᠷᠴᠢᠮ ᠳᠡᠭᠡᠷ᠎ᠡ ᠪᠠᠨ 3 ᠰᠠᠷ᠎ᠠ ᠪᠣᠯᠤᠨ᠎ᠠ᠃ | ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠬᠦᠨᠳᠦ ᠶᠡᠭᠡ ᠬᠤᠬᠢᠷᠠᠯ ᠭᠠᠷᠤᠬᠰᠠᠨ᠂ ᠬᠡᠪ ᠤᠨ ᠦᠢᠯᠡᠳᠪᠦᠷᠢᠯᠡᠯ | ᠡᠵᠡᠩᠨᠡᠯᠲᠡ ᠶᠢᠨ ᠠᠵᠢᠯᠯᠠᠭ᠎ᠠ ᠨᠢ ᠬᠦᠨᠳᠦ ᠶᠡᠭᠡ ᠨᠥᠯᠥᠭᠡ ᠳᠤ ᠤᠴᠠᠷᠠᠭᠰᠠᠨ ᠳᠤᠮᠳᠠ ᠪᠠᠭ᠎ᠠ ᠠᠵᠤ ᠠᠬᠤᠶᠢᠯᠠᠯ ᠤᠨ | ᠭᠡᠷ ᠬᠥᠷᠥᠩᠭᠡ ᠶᠢᠨ ᠭᠠᠶᠢᠯᠢ ᠪᠣᠯᠤᠨ ᠬᠤᠲᠠ ᠪᠠᠯᠭᠠᠰᠤᠨ ᠤ ᠭᠠᠵᠠᠷ ᠰᠢᠷᠣᠶ ᠬᠡᠷᠡᠭᠯᠡᠬᠦ ᠭᠠᠶᠢᠯᠢ ᠶᠢ ᠬᠡᠰᠡᠭ ᠪᠤᠶᠤ | ᠪᠦᠬᠦᠨ ᠢ ᠬᠠᠰᠤᠵᠤ ᠬᠡᠯᠲᠦᠷᠢᠭᠦᠯᠦᠨ᠎ᠡ᠃ ︵ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠶᠢᠰᠦ︶ ᠵᠣᠬᠢᠬᠤ ᠬᠤᠭᠤᠴᠠᠭᠠᠨ ᠤ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠦᠨ᠎ᠡ᠃ | ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠲᠥᠷᠥᠯ ᠤᠨ ᠭᠡᠷ ᠪᠠᠶᠢᠰᠢᠩ ᠲᠦᠷᠢᠶᠡᠰᠦᠯᠡᠨ ᠡᠵᠡᠩᠨᠡᠵᠦ ᠪᠠᠶᠢᠭ᠎ᠠ | ᠳᠤᠮᠳᠠ ᠪᠠᠭ᠎ᠠ ᠠᠵᠤ ᠠᠬᠤᠶᠢᠯᠠᠯ ᠠᠴᠠ 2 ᠰᠠᠷ᠎ᠠ ᠶᠢᠨ ᠭᠡᠷ ᠤᠨ ᠲᠦᠷᠢᠶᠡᠰᠦ ᠬᠤᠷᠢᠶᠠᠬᠤ ᠦᠭᠡᠢ᠃ ᠲᠣᠮᠣ | ᠬᠡᠯᠪᠡᠷᠢ ᠶᠢᠨ ᠬᠤᠳᠠᠯᠳᠤᠭᠠᠨ ᠤ ᠶᠠᠪᠤᠳᠠᠯ ᠤᠨ ᠠᠰᠠᠷ ᠲᠠᠭᠲᠤ᠂ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠨ | ᠡᠵᠡᠩᠨᠡᠯᠲᠡ ᠶᠢᠨ ᠲᠠᠯ᠎ᠠ ᠶᠢᠨ ᠬᠢᠨ ᠤ ᠳᠤᠮᠳᠠ ᠪᠠᠭ᠎ᠠ ᠠᠵᠤ ᠠᠬᠤᠶᠢᠯᠠᠯ ᠤᠨ ᠲᠦᠷᠢᠶᠡᠰᠦᠯᠡᠭᠰᠡᠨ ᠡᠷᠦᠬᠡ ᠳᠤ | ᠬᠢᠵᠢᠭ ᠤᠨ ᠪᠠᠶᠢᠳᠠᠯ ᠤᠨ ᠬᠤᠭᠤᠴᠠᠭᠠᠨ ᠤ ᠲᠦᠷᠢᠶᠡᠰᠦᠨ ᠮᠥᠩᠭᠦ ᠶᠢ ᠵᠣᠬᠢᠬᠤ ᠬᠡᠮᠵᠢᠶ᠎ᠡ ᠪᠠᠷ ᠬᠠᠰᠤᠵᠤ | ᠬᠡᠯᠲᠦᠷᠢᠭᠦᠯᠬᠦ ᠶᠢ ᠵᠣᠷᠢᠭᠵᠢᠭᠤᠯᠵᠤ᠂ ᠡᠯ᠎ᠡ ᠭᠠᠵᠠᠷ ᠣᠷᠣᠨ ᠤ ᠬᠢᠨ ᠲᠦᠷᠢᠶᠡᠰᠦᠨ ᠮᠥᠩᠭᠦ ᠶᠢ ᠬᠠᠰᠤᠵᠤ | ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ ᠠᠬᠤᠢᠢᠯᠠᠯ ᠳᠤ ᠵᠣᠬᠢᠬᠤ ᠬᠡᠮᠵᠢᠶᠡᠨ ᠤ | ᠡᠳ᠋ ᠤᠨ ᠵᠠᠰᠠᠬ ᠤᠨ ᠨᠥᠬᠦᠪᠥᠷᠢ ᠪᠠ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ ᠪᠣᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠡᠳ᠋ ᠤᠨ ᠵᠠᠰᠠᠬ ᠤᠨ ᠲᠢᠩᠬᠢᠮ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠ︶ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠪᠠᠭᠤᠷᠠᠭᠤᠯᠬᠤ ᠪᠠ ᠬᠤᠶᠢᠰᠢᠯᠠᠭᠤᠯᠤᠨ | ᠲᠤᠰᠢᠶᠠᠨ᠎ᠠ᠃ ᠠᠵᠢᠯ ᠠᠯᠳᠠᠬᠰᠡᠳ ᠤᠨ ᠳᠠᠭᠠᠳᠬᠠᠯ ᠢᠶᠠᠷ ᠠᠵᠤ ᠠᠬᠤᠶᠢᠯᠠᠯ ᠢ ᠲᠤᠰᠠᠯᠠᠵᠤ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠵᠢᠯᠲᠠᠨ ᠬᠠᠰᠤᠬᠤ ᠥᠬᠡᠶ ᠪᠤᠶᠤ | ᠠᠵᠢᠯᠲᠠᠨ ᠴᠥᠭᠡᠨ ᠬᠠᠰᠤᠭᠰᠠᠨ ᠳᠠᠭᠠᠳᠬᠠᠯ ᠳᠤ ᠣᠷᠣᠯᠴᠠᠭᠰᠠᠨ ᠠᠵᠤ ᠠᠬᠤᠶᠢᠯᠠᠯ ᠤᠨ ᠳᠡᠭᠡᠷ᠎ᠡ ᠵᠢᠯ ᠤᠨ ᠪᠣᠳᠠᠲᠠᠶ | ᠲᠤᠰᠢᠶᠠᠭᠰᠠᠨ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠤᠨ 50% ᠶᠢ ᠨᠢ ᠪᠤᠴᠠᠭᠠᠵᠤ ᠪᠣᠯᠤᠨ᠎ᠠ︔ | ᠲᠦᠷ ᠴᠠᠭ ᠤᠨ ᠴᠢᠨᠠᠷᠲᠠᠶ ᠡᠵᠡᠩᠨᠡᠯᠲᠡ ᠶᠢᠨ ᠬᠦᠴᠢᠷᠳᠡᠯ ᠳᠤ ᠲᠤᠯᠭᠠᠷᠠᠭᠰᠠᠨ ᠳᠤᠮᠳᠠ ᠪᠠᠭ᠎ᠠ ᠠᠵᠤ ᠠᠬᠤᠶᠢᠯᠠᠯ ᠤᠨ | ᠪᠤᠴᠠᠭᠠᠬᠤ ᠪᠠᠷᠢᠮᠵᠢᠶ᠎ᠠ ᠶᠢ ᠳᠡᠭᠡᠷ᠎ᠡ ᠵᠢᠯ ᠤᠨ 6 ᠰᠠᠷ᠎ᠠ ᠶᠢᠨ ᠠᠵᠤ ᠠᠬᠤᠶᠢᠯᠠᠯ ᠵᠢᠴᠢ ᠠᠵᠢᠯᠲᠠᠨ ᠠᠵᠢᠯᠴᠢᠨ ᠤ | ᠲᠤᠰᠢᠶᠠᠬᠤ ᠨᠡᠶᠢᠭᠡᠮ ᠤᠨ ᠳᠠᠭᠠᠳᠬᠠᠯ ᠤᠨ ᠰᠦᠢᠳᠬᠡᠯ ᠤᠨ 50% ᠬᠦᠷᠲᠡᠯ᠎ᠡ ᠳᠡᠭᠡᠭᠰᠢᠯᠡᠭᠦᠯᠵᠦ᠂ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ ᠬᠤᠭᠤᠴᠠᠭ᠎ᠠ ᠶᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠲᠣᠭᠲᠠᠭᠠᠨ᠎ᠠ᠃ ᠠᠵᠢᠯ ᠠᠴᠠ ᠪᠤᠯᠤᠬᠰᠠᠨ ᠭᠡᠮᠲᠦᠯ ᠤᠨ ᠳᠠᠭᠠᠳᠬᠠᠯ ᠤᠨ ᠵᠠᠷᠤᠳᠠᠯ ᠤᠨ ᠨᠣᠷᠮ᠎ᠠ ᠶᠢ ᠦᠷᠭᠦᠯᠵᠢᠯᠡᠨ | ᠱᠠᠲᠤᠴᠢ ᠴᠢᠨᠠᠷᠲᠠᠶ ᠪᠠᠷ 2021 ᠣᠨ ᠤ 4 ᠰᠠᠷ᠎ᠠ ᠶᠢᠨ 30 ᠤ ᠡᠳᠦᠷ ᠪᠣᠯᠳᠠᠯ᠎ᠠ ᠪᠠᠭᠤᠷᠠᠭᠤᠯᠤᠨ᠎ᠠ᠃ ᠳᠤᠮᠳᠠ | ᠪᠠᠭ᠎ᠠ ᠠᠵᠤ ᠠᠬᠤᠶᠢᠯᠠᠯ ᠤᠨ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ ᠬᠤᠭᠤᠴᠠᠭ᠎ᠠ ᠶᠢ | ᠤᠷᠲᠤᠳᠬᠠᠵᠤ᠂ ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠤ ᠡᠵᠡᠩᠨᠡᠯᠲᠡ ᠶᠢᠨ ᠲᠠᠯ᠎ᠠ ᠪᠠᠷ ᠲᠦᠷ | ᠬᠦᠴᠢᠷᠳᠡᠯ ᠲᠠᠢ ᠪᠣᠯᠤᠭᠰᠠᠨ ᠪᠠᠶᠢᠪᠠᠯ᠂ ᠠᠵᠢᠯ ᠠᠯᠳᠠᠬᠰᠡᠳ ᠤᠨ ᠳᠠᠭᠠᠳᠬᠠᠯ ᠤᠨ ᠰᠦᠢᠳᠬᠡᠯ ᠪᠠ ᠠᠵᠢᠯ ᠠᠴᠠ | ᠪᠣᠯᠤᠭᠰᠠᠨ ᠭᠡᠮᠲᠦᠯ ᠤᠨ ᠳᠠᠭᠠᠳᠬᠠᠯ ᠤᠨ ᠰᠦᠢᠳᠬᠡᠯ ᠢ 6 ᠰᠠᠷ᠎ᠠ ᠬᠤᠶᠢᠰᠢᠯᠠᠭᠤᠯᠤᠨ ᠲᠤᠰᠢᠶᠠᠵᠤ ᠪᠣᠯᠤᠨ᠎ᠠ︔ | ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠭᠰᠡᠨ ᠪᠠᠶᠢᠪᠠᠯ᠂ ᠲᠤᠰᠢᠶᠠᠬᠤ ᠶᠣᠰᠣᠲᠠᠶ ᠨᠠᠰᠤᠵᠢᠯ ᠤᠨ | ᠳᠠᠭᠠᠳᠬᠠᠯ ᠤᠨ ᠰᠦᠢᠳᠬᠡᠯ ᠤᠨ ᠲᠠᠲᠠᠪᠤᠷᠢᠯᠠᠬᠤ ᠬᠤᠭᠤᠴᠠᠭ᠎ᠠ ᠶᠢ 9 ᠰᠠᠷ᠎ᠠ ᠶᠢᠨ ᠡᠴᠦᠰ ᠪᠣᠯᠲᠠᠯ᠎ᠠ ᠤᠷᠲᠤᠳᠬᠠᠵᠤ | ᠪᠣᠯᠤᠨ᠎ᠠ︔ ᠨᠡᠶᠢᠭᠡᠮ ᠤᠨ ᠳᠠᠭᠠᠳᠬᠠᠯ ᠤᠨ ᠰᠦᠢᠳᠬᠡᠯ ᠢ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠪᠠᠶᠢᠪᠠᠯ᠂ | ᠡᠯ᠎ᠡ ᠱᠠᠲᠤᠨ ᠤ ᠨᠡᠶᠢᠭᠡᠮ ᠤᠨ ᠳᠠᠭᠠᠳᠬᠠᠯ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠦᠯᠦᠨ | ᠳᠠᠩᠰᠠᠯᠠᠭᠤᠯᠤᠭᠰᠠᠨ ᠤ ᠳᠠᠷᠠᠭ᠎ᠠ᠂ ᠬᠤᠭᠤᠴᠠᠭ᠎ᠠ ᠰᠠᠭᠠᠲᠠᠭᠤᠯᠤᠭᠰᠠᠨ ᠲᠣᠷᠭᠠᠭᠤᠯᠢ ᠶᠢᠨ ᠮᠥᠩᠭᠦ ᠶᠢ ᠪᠣᠳᠣᠵᠤ | ᠬᠤᠷᠢᠶᠠᠬᠤ ᠦᠭᠡᠢ᠂ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠤᠪᠢ ᠬᠥᠮᠦᠨ ᠤ ᠡᠷᠬᠡ | ᠠᠰᠢᠭ ᠤᠨ ᠲᠡᠮᠳᠡᠭᠯᠡᠯ ᠢ ᠨᠥᠯᠥᠭᠡᠯᠡᠬᠦ ᠦᠭᠡᠢ᠂ ᠬᠠᠮᠢᠶ᠎ᠠ ᠪᠦᠬᠦᠢ ᠨᠥᠬᠦᠵᠦ ᠲᠤᠰᠢᠶᠠᠬᠤ ᠭᠠᠷᠳᠠᠮ ᠢ ᠬᠢᠵᠢᠭ ᠤᠨ | ᠪᠠᠶᠢᠳᠠᠯ ᠢ ᠲᠠᠶᠢᠯᠤᠭᠰᠠᠨ ᠤ ᠳᠠᠷᠠᠭᠠᠬᠢ 3 ᠰᠠᠷ᠎ᠠ ᠶᠢᠨ ᠳᠣᠲᠣᠷ᠎ᠠ ᠪᠡᠶᠡᠯᠡᠭᠦᠯᠵᠦ ᠪᠣᠯᠤᠨ᠎ᠠ᠃ ᠴᠠᠬ ᠲᠠᠭᠠᠨ | ᠳᠠᠭᠠᠳᠬᠠᠯ ᠳᠤ ᠣᠷᠣᠯᠴᠠᠬᠤ ᠳᠠᠩᠰᠠᠯᠠᠯ ᠬᠢᠵᠦ ᠳᠡᠶᠢᠯᠦᠭᠰᠡᠨ ᠥᠬᠡᠶ ᠳᠠᠭᠠᠳᠬᠠᠯ ᠳᠤ ᠣᠷᠣᠯᠴᠠᠭᠰᠠᠨ ᠨᠢᠭᠡᠴᠢ᠂ | ᠠᠮᠢᠳᠤᠯᠢᠭ ᠢᠶᠠᠷ ᠠᠵᠢᠯ ᠣᠯᠤᠭᠰᠠᠳ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠢᠵᠢᠭ ᠤᠨ ᠪᠠᠶᠢᠳᠠᠯ ᠢ | ᠬᠦᠴᠦᠨ ᠥᠬᠡᠶ ᠪᠣᠯᠭᠠᠭᠰᠠᠨ ᠤ ᠳᠠᠷᠠᠭ᠎ᠠ ᠨᠥᠬᠦᠵᠦ ᠭᠦᠢᠴᠡᠳᠬᠡᠬᠦ ᠶᠢ ᠨᠢ ᠵᠥᠪᠰᠢᠶᠡᠷᠡᠨ᠎ᠡ᠃ ︵ᠥᠪᠡᠷᠲᠡᠭᠡᠨ | ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠬᠠᠷᠢᠭᠤᠴᠠᠨ᠎ᠠ︶ | ︵ᠠᠷᠪᠠᠨ ᠨᠢᠭᠡ︶ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠡᠮ ᠤᠨ ᠵᠦᠢᠯᠡᠰ ᠢ ᠨᠥᠬᠦᠪᠥᠷᠢᠯᠡᠨ ᠭᠤᠶᠤᠴᠢᠯᠠᠵᠤ ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ | ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠦᠢᠯᠡᠳᠬᠦᠨ ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ | ᠳᠠᠩᠰᠠᠯᠠᠭᠤᠯᠬᠤ᠂ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ ᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭ | ᠪᠣᠯᠭᠠᠨ ᠪᠠᠭᠤᠷᠠᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠰᠡᠷᠭᠡᠶᠢᠯᠡᠨ ᠡᠵᠡᠮᠳᠡᠬᠦ ᠡᠳ᠋ ᠪᠤᠳᠠᠰ ᠪᠣᠯᠤᠨ ᠬᠥᠮᠦᠰ ᠢ ᠵᠦᠬᠡᠬᠡᠪᠤᠷᠢᠯᠡᠬᠦ ᠲᠡᠷᠭᠡ ᠬᠥᠰᠬᠡ ᠠᠴᠠ ᠨᠡᠪᠲᠡᠷᠡᠬᠦ ᠰᠦᠢᠳᠬᠡᠯ | ᠦᠯᠤ ᠬᠤᠷᠢᠶᠠᠬᠤ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ ᠪᠣᠯᠤᠨ | ᠬᠢᠵᠢᠭ ᠤᠨ ᠪᠠᠶᠢᠳᠠᠯ ᠤᠨ ᠨᠥᠯᠥᠭᠡ ᠠᠴᠠ ᠪᠤᠯᠵᠦ ᠡᠵᠡᠩᠨᠡᠯᠳᠡ ᠨᠢ ᠲᠦᠷ ᠴᠠᠭ ᠬᠦᠴᠢᠷᠳᠡᠯ ᠳᠤ ᠲᠤᠯᠭᠠᠷᠠᠬᠰᠠᠨ | ᠳᠤᠮᠳᠠ ᠪᠠᠭ᠎ᠠ ᠠᠵᠤ ᠠᠬᠤᠶᠢᠯᠠᠯ ᠳᠤ ᠴᠠᠬᠢᠯᠭᠠᠨ ᠬᠡᠷᠡᠭᠯᠡᠬᠦ᠂ ᠬᠡᠢ ᠬᠡᠷᠡᠭᠯᠡᠬᠦ᠂ ᠤᠰᠤ ᠬᠡᠷᠡᠭᠯᠡᠬᠦ ᠵᠡᠷᠭᠡ ︽ᠰᠦᠢᠳᠬᠡᠯ | ᠥᠷᠢᠲᠦᠪᠡᠴᠤ ᠬᠠᠩᠭᠠᠯᠭ᠎ᠠ ᠲᠠᠰᠤᠷᠠᠬᠤ ᠦᠬᠡᠢ︾ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ | ᠳᠠᠭᠤᠰᠤᠭᠰᠠᠨ ᠤ ᠳᠠᠷᠠᠭ᠎ᠠ 3 ᠰᠠᠷ᠎ᠠ ᠶᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢᠳᠬᠡᠯ ᠢᠶᠠᠨ ᠴᠠᠭ | ᠲᠤᠬᠠᠶ ᠳᠤᠨᠢ ᠨᠥᠬᠦᠨ ᠲᠤᠰᠢᠶᠠᠨ᠎ᠠ᠂ ᠬᠤᠭᠤᠴᠠᠭ᠎ᠠ ᠰᠠᠭᠠᠲᠠᠭᠠᠭᠰᠠᠨ ᠲᠣᠷᠭᠠᠭᠤᠯᠢ ᠶᠢᠨ ᠮᠥᠩᠭᠦ ᠬᠤᠷᠢᠶᠠᠬᠤ ᠦᠭᠡᠶ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠤᠰᠤᠨ ᠠᠰᠢᠬᠯᠠᠯᠲᠠ ᠶᠢᠨ ᠲᠢᠩᠬᠢᠮ᠂ ᠡᠨᠧᠷᠭᠢ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠢᠩᠬᠢᠮ᠂ ᠥᠪᠥᠷ ᠮᠣᠩᠭᠤᠯ ᠤᠨ ᠴᠠᠬᠢᠯᠭᠠᠨ ᠬᠦᠴᠦᠨ ﹇ᠪᠦᠯᠦᠭᠯᠡᠯ﹈ ᠤ ᠺᠣᠮᠫᠠᠨᠢ᠂ ᠥᠪᠥᠷ | ᠮᠣᠩᠭᠤᠯ ᠤᠨ ᠵᠡᠭᠦᠨ ᠬᠡᠰᠡᠭ ᠤᠨ ᠴᠠᠬᠢᠯᠭᠠᠨ ᠬᠦᠴᠦᠨ ᠤ ᠺᠣᠮᠫᠠᠨᠢ ᠬᠠᠷᠢᠭᠤᠴᠠᠨ᠎ᠠ︶ | ᠳᠥᠷᠪᠡ᠂ ᠠᠵᠤ ᠠᠬᠤᠶᠢᠯᠠᠯ ᠳᠤ ᠬᠠᠨᠭ᠍ᠭᠠᠬᠤ ᠦᠢᠯᠡᠴᠢᠯᠡᠭᠡ ᠶᠢ ᠨᠠᠷᠢᠨ ᠨᠢᠮᠪᠠᠶ ᠰᠠᠶᠢᠲᠤᠷ ᠬᠢᠬᠦ ᠬᠡᠷᠡᠭᠲᠡᠶ | ︵ᠠᠷᠪᠠᠨ ᠬᠤᠶᠠᠷ︶ ᠠᠵᠤ ᠠᠬᠤᠶᠢᠯᠠᠯ ᠤᠨ ᠦᠢᠯᠡᠳᠪᠦᠷᠢᠯᠡᠯ ᠪᠣᠯᠤᠨ ᠠᠵᠢᠯ ᠤᠨ ᠪᠠᠶᠢᠷᠢ ᠶᠢ ᠲᠣᠭᠲᠠᠭᠤᠨ | ᠪᠠᠶᠢᠯᠭᠠᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠲᠤᠯᠠᠭᠠᠨ ᠤ ᠠᠵᠤ ᠠᠬᠤᠶᠢᠯᠠᠯ | ᠪᠣᠯᠤᠨ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠦᠯᠦᠭᠡᠯᠡᠭᠳᠡᠭᠰᠡᠨ ᠳᠤᠮᠳᠠ ᠪᠠᠭ᠎ᠠ ᠠᠵᠤ ᠠᠬᠤᠶᠢᠯᠠᠯ ᠢ | ᠬᠠᠪᠰᠤᠷᠤᠨ ᠰᠡᠷᠭᠡᠶᠢᠯᠡᠨ ᠡᠵᠡᠮᠳᠡᠬᠦ ᠡᠳ᠋ ᠪᠤᠳᠠᠰ ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ ᠤᠨ ᠬᠠᠩᠭᠠᠯᠭ᠎ᠠ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠵᠡᠷᠭᠡ ᠶᠢ ᠰᠢᠢᠳᠪᠦᠷᠢᠯᠡᠵᠦ᠂ ᠠᠵᠤ ᠠᠬᠤᠶᠢᠯᠠᠯ ᠤᠨ ᠬᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠷᠢᠮᠵᠢᠶ᠎ᠠ ᠳᠤ ᠬᠦᠷᠦᠭᠰᠡᠨ ᠤᠷᠢᠲᠠᠯ ᠳᠣᠤᠷ᠎ᠠ ᠬᠡᠪ ᠤᠨ ᠶᠣᠰᠣᠭᠠᠷ | ᠦᠢᠯᠡᠳᠪᠦᠷᠢᠯᠡᠬᠦ ᠶᠢ ᠦᠨᠡᠨ ᠬᠦ ᠪᠠᠲᠤᠯᠠᠨ᠎ᠠ᠃ ᠬᠢᠵᠢᠭ ᠤᠨ ᠨᠥᠯᠥᠭᠡ ᠠᠴᠠ ᠪᠣᠯᠵᠤ ᠦᠢᠯᠡᠳᠪᠦᠷᠢᠯᠡᠯ | ᠡᠵᠡᠩᠨᠡᠯᠲᠡ ᠨᠢ ᠬᠦᠴᠢᠷᠲᠡᠯ ᠳᠤ ᠲᠤᠯᠭᠠᠷᠠᠬᠰᠠᠨ ᠠᠵᠤ ᠠᠬᠤᠶᠢᠯᠠᠯ ᠤᠨ ᠬᠢᠨ ᠠᠵᠢᠯᠲᠠᠨ ᠠᠵᠢᠯᠴᠢᠨ ᠲᠠᠢ ᠪᠠᠨ | ᠵᠥᠪᠳᠡᠯᠴᠡᠨ ᠰᠠᠨᠠᠯ ᠨᠢᠭᠡᠳᠬᠦ ᠪᠠᠷ ᠳᠠᠮᠵᠢᠭᠤᠯᠤᠨ ᠴᠠᠯᠢᠩ ᠬᠥᠯᠥᠰᠥ ᠪᠠᠨ ᠲᠣᠬᠢᠷᠠᠭᠤᠯᠬᠤ᠂ ᠡᠭᠡᠯᠵᠢᠯᠡᠨ ᠠᠵᠢᠯᠯᠠᠵᠤ | ᠠᠮᠠᠷᠠᠬᠤ᠂ ᠠᠵᠢᠯ ᠤᠨ ᠴᠠᠭ ᠢ ᠪᠣᠭᠤᠨᠢᠰᠬᠠᠬᠤ᠂ ᠠᠵᠢᠯ ᠤᠨ ᠪᠠᠶᠢᠷᠢ ᠬᠦᠯᠢᠶᠡᠬᠦ ᠵᠡᠷᠭᠡ ᠠᠷᠭ᠎ᠠ ᠬᠡᠯᠪᠡᠷᠢ ᠶᠢ ᠠᠪᠴᠤ | ᠠᠵᠢᠯ ᠤᠨ ᠪᠠᠶᠢᠷᠢ ᠪᠠᠨ ᠲᠣᠭᠲᠠᠪᠤᠷᠢᠵᠢᠭᠤᠯᠵᠤ᠂ ᠠᠯᠢ ᠴᠢᠳᠠᠬᠤ ᠪᠠᠷ ᠠᠵᠢᠯᠲᠠᠨ ᠬᠠᠰᠤᠬᠤ ᠦᠭᠡᠢ ᠪᠤᠶᠤ ᠠᠵᠢᠯᠲᠠᠨ | ᠳᠤᠲᠠᠭᠤ ᠬᠠᠰᠤᠵᠤ ᠪᠣᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ ᠬᠠᠷᠢᠭᠤᠴᠠᠨ᠎ᠠ︶ | ︵ᠠᠷᠪᠠᠨ ᠭᠤᠷᠪᠠ︶ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠣᠯᠪᠠᠰᠤᠷᠠᠯ ᠤᠨ ᠨᠥᠬᠦᠪᠥᠷᠢ ᠶᠢᠨ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠪᠠᠭ᠎ᠠ ᠠᠵᠤ | ᠠᠬᠤᠶᠢᠯᠠᠯ ᠤᠨ ᠬᠢᠨ ᠠᠵᠢᠯ ᠵᠣᠭᠰᠣᠭᠰᠠᠨ ᠬᠤᠭᠤᠴᠠᠭᠠᠨ ᠳᠤ ᠠᠵᠢᠯᠲᠠᠨ ᠠᠵᠢᠯᠴᠢᠨ ᠢᠶᠠᠨ ᠵᠣᠬᠢᠶᠠᠨ ᠪᠠᠶᠢᠭᠤᠯᠤᠨ | ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ ᠤᠨ ᠪᠣᠯᠪᠠᠰᠤᠷᠠᠯ ᠳᠤ ᠣᠷᠣᠯᠴᠠᠭᠰᠠᠳ ᠢ ᠣᠷᠣᠨ | ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠲᠤᠰᠬᠠᠶ ᠵᠦᠢᠯ ᠤᠨ ᠪᠡᠯᠡ ᠮᠥᠩᠭᠦᠨ ᠤ ᠨᠦᠬᠦᠪᠤᠷᠢ ᠶᠢᠨ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠪᠣᠯᠪᠠᠰᠤᠷᠠᠯ ᠤᠨ ᠬᠡᠪᠴᠢᠶᠡᠨ ᠳᠤ ᠤᠷᠤᠭᠤᠯᠵᠤ᠂ ᠪᠣᠳᠠᠲᠠᠶ | ᠪᠣᠯᠪᠠᠰᠤᠷᠠᠯ ᠤᠨ ᠵᠠᠷᠤᠳᠠᠯ ᠶᠣᠰᠣᠭᠠᠷ 95% ᠶᠢᠨ ᠨᠥᠬᠦᠪᠥᠷᠢ ᠣᠯᠭᠤᠨ᠎ᠠ᠃ ︵ᠥᠪᠡᠷᠲᠡᠭᠡᠨ ᠵᠠᠰᠠᠬᠤ ᠣᠷᠣᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠥᠮᠦᠵᠢᠯ ᠤᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠷᠢᠭᠤᠴᠠᠨ᠎ᠠ︶ | ︵ᠠᠷᠪᠠᠨ ᠳᠥᠷᠪᠡ︶ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠡᠷ᠎ᠡ ᠪᠠᠨ ᠭᠦᠢᠴᠡᠳᠬᠡᠬᠦ ᠪᠠ | ᠳᠡᠮᠵᠢᠬᠦ ᠡᠷᠴᠢᠮ ᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠢᠨ ᠠᠷᠠᠳ ᠤᠨ | ᠡᠵᠡᠩᠨᠡᠯᠳᠠ ᠶᠢᠨ ᠠᠵᠤ ᠠᠬᠤᠶᠢᠯᠠᠯ ᠳᠤ ᠦᠷᠢᠳᠦᠭᠰᠡᠨ ᠦᠷᠢ ᠦᠭᠴᠡᠭᠡ ᠪᠠᠨ ᠲᠦᠯᠤᠵᠤ᠂ ᠢᠯᠠᠩᠭᠤᠶ᠎ᠠ ᠬᠢᠵᠢᠭ ᠤᠨ | ᠪᠠᠶᠢᠳᠠᠯ ᠳᠤ ᠨᠥᠯᠥᠭᠡᠯᠡᠭᠳᠡᠵᠤ ᠦᠢᠯᠡᠳᠪᠦᠷᠢᠯᠡᠯ ᠡᠵᠡᠩᠨᠡᠯᠳᠠ ᠨᠢ ᠬᠦᠴᠢᠷᠳᠡᠯ ᠳᠤ ᠲᠤᠯᠭᠠᠷᠠᠬᠰᠠᠨ ᠳᠤᠮᠳᠠ ᠪᠠᠭ᠎ᠠ | ᠠᠵᠤ ᠠᠬᠤᠶᠢᠯᠠᠯ ᠤᠨ ᠦᠷᠢ ᠦᠭᠴᠡᠭᠡ ᠶᠢ ᠤᠷᠢᠳ ᠢᠶᠠᠷ ᠲᠥᠯᠥᠵᠤ᠂ ᠤᠷᠢᠳᠴᠢᠯᠠᠨ ᠲᠥᠯᠥᠬᠦ ᠶᠢ | ᠵᠣᠷᠢᠭᠵᠢᠭᠤᠯᠵᠤ᠂ ᠬᠤᠳᠠᠯᠳᠤᠭᠠᠨ ᠤ ᠭᠤᠪᠢᠭᠤᠯᠭ᠎ᠠ ᠶᠢᠨ ᠠᠷᠭ᠎ᠠ ᠪᠠᠷ ᠵᠣᠭᠤᠰ ᠪᠤᠴᠠᠭᠠᠬᠤ ᠬᠤᠭᠤᠴᠠᠭ᠎ᠠ ᠶᠢ | ᠤᠷᠲᠤᠳᠬᠠᠬᠤ ᠶᠢ ᠴᠢᠩᠭ᠎ᠠ ᠴᠠᠭᠠᠵᠠᠯᠠᠵᠤ᠂ ᠰᠢᠨ᠎ᠡ ᠦᠷᠢ ᠦᠭᠴᠡᠭᠡ ᠭᠠᠷᠭᠠᠬᠤ ᠶᠢ ᠴᠢᠩᠭ᠎ᠠ ᠴᠠᠭᠠᠵᠠᠯᠠᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠲᠠᠢ ᠨᠢᠭᠡᠨᠲᠡ ᠭᠡᠷ᠎ᠡ ᠲᠣᠭᠲᠠᠭᠠᠭᠰᠠᠨ ᠳᠤᠮᠳᠠ ᠪᠠᠭ᠎ᠠ ᠠᠵᠤ | ᠠᠬᠤᠶᠢᠯᠠᠯ ᠤᠨ ᠬᠢᠨ ᠬᠢᠵᠢᠭ ᠤᠨ ᠨᠥᠯᠥᠭᠡ ᠠᠴᠠ ᠪᠤᠯᠵᠤ ᠭᠡᠷ᠎ᠡ ᠶᠢᠨ ᠡᠭᠦᠷᠭᠡ ᠪᠠᠨ ᠦᠨᠡᠨ ᠬᠦ ᠴᠠᠭ ᠲᠠᠭᠠᠨ | ᠭᠦᠢᠴᠡᠳᠬᠡᠵᠦ ᠲᠡᠶᠢᠯᠬᠦ ᠦᠬᠡᠢ ᠪᠤᠯᠤᠬᠰᠠᠨ ᠪᠠᠶᠢᠪᠠᠯ᠂ ᠭᠡᠷ᠎ᠡ ᠭᠦᠢᠴᠡᠳᠬᠡᠬᠦ ᠬᠤᠭᠤᠴᠠᠭ᠎ᠠ ᠶᠢ ᠵᠣᠬᠢᠰᠲᠠᠶ | ᠤᠷᠲᠤᠳᠬᠠᠵᠤ ᠪᠣᠯᠤᠨ᠎ᠠ᠂ ᠪᠣᠳᠠᠲᠠᠶ ᠤᠷᠲᠤᠳᠬᠠᠬᠤ ᠬᠤᠭᠤᠴᠠᠭ᠎ᠠ ᠶᠢ ᠬᠤᠶᠠᠷ ᠲᠠᠯ᠎ᠠ ᠪᠠᠷ ᠢᠶᠠᠨ ᠵᠥᠪᠳᠡᠯᠴᠡᠭᠰᠡᠨ ᠤ | ᠲᠠᠷᠠᠭ᠎ᠠ ᠲᠠᠬᠢᠨ ᠲᠣᠭᠲᠠᠭᠠᠨ᠎ᠠ᠃ ︵ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠢᠩᠬᠢᠮ᠂ ᠬᠠᠤᠯᠢ ᠴᠠᠭᠠᠵᠠ ᠶᠢᠨ ᠲᠢᠩᠬᠢᠮ ᠬᠠᠷᠢᠭᠤᠴᠠᠨ᠎ᠠ︶ | ︵ᠠᠷᠪᠠᠨ ᠲᠠᠪᠤ︶ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠡᠷᠴᠢᠮ ᠢ ᠴᠢᠩᠭᠠᠷᠠᠭᠤᠯᠤᠨ᠎ᠠ᠃ | ᠬᠢᠵᠢᠭ ᠤᠨ ᠪᠠᠶᠢᠳᠠᠯ ᠳᠤ ᠨᠥᠯᠥᠭᠡᠯᠡᠭᠳᠡᠭᠰᠡᠨ ᠳᠤᠮᠳᠠ ᠪᠠᠭ᠎ᠠ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ | ᠬᠠᠷᠢᠭᠤ ᠥᠭᠬᠦ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠭᠡᠨᠡᠳᠲᠡ ᠶᠢᠨ | ᠬᠦᠴᠢᠷᠳᠡᠯ ᠢ ᠴᠠᠭ ᠲᠤᠬᠠᠶ ᠳᠤᠨᠢ ᠰᠢᠢᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠨᠠᠩ ᠣᠯᠠᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠠ ᠭᠦᠢᠴᠡᠳᠭᠡᠭᠦ ᠪᠤᠯᠭᠠᠵᠦ᠂ ᠬᠥᠮᠦᠨ ᠤᠯᠠᠨ | ᠴᠤᠭᠯᠠᠷᠠᠬᠤ ᠶᠢ ᠴᠦᠬᠡᠳᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ᠬᠠᠷᠢᠭᠤᠴᠠᠨ᠎ᠠ︶ | ᠳᠡᠭᠡᠷᠡᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠳᠤ ᠬᠡᠯᠡᠵᠦ ᠪᠠᠶᠢᠭ᠎ᠠ ᠳᠤᠮᠳᠠ ᠪᠠᠭ᠎ᠠ ᠠᠵᠤ | ᠠᠬᠤᠶᠢᠯᠠᠯ ᠢ ᠮᠠᠭᠠᠳᠯᠠᠨ ᠲᠣᠭᠲᠠᠭᠠᠬᠤ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠵᠡᠷᠭᠡ | ᠳᠥᠷᠪᠡᠨ ᠰᠠᠯᠠᠭ᠎ᠠ ᠮᠥᠴᠢᠷ ᠤᠨ ᠳᠠᠷᠤᠮᠠᠯᠯᠠᠨ ᠲᠠᠷᠬᠠᠭᠠᠬᠰᠠᠨ ︽ᠳᠤᠮᠳᠠ ᠪᠠᠭ᠎ᠠ ᠠᠵᠤ ᠠᠬᠤᠶᠢᠯᠠᠯ ᠤᠨ ᠬᠡᠯᠪᠡᠷᠢ | ᠮᠠᠶ᠋ᠢᠬ ᠢ ᠬᠤᠪᠢᠶᠠᠬᠤ ᠪᠠᠷᠢᠮᠵᠢᠶ᠎ᠠ ᠶᠢᠨ ᠲᠣᠭᠲᠠᠭᠠᠯ︾ ᠶᠣᠰᠣᠭᠠᠷ ᠬᠡᠷᠡᠭᠵᠢᠭᠦᠯᠦᠨ᠎ᠡ᠃ ᠳᠡᠭᠡᠷᠡᠬᠢ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠤᠭᠤᠴᠠᠭ᠎ᠠ ᠶᠢ ᠲᠣᠳᠣᠷᠬᠠᠶ ᠲᠣᠭᠲᠠᠭᠠᠭᠰᠠᠨ ᠪᠠᠶᠢᠪᠠᠯ ᠲᠣᠭᠲᠠᠭᠠᠯ | ᠶᠣᠰᠣᠭᠠᠷ ᠬᠡᠷᠡᠭᠵᠢᠭᠦᠯᠵᠦ᠂ ᠭᠡᠷᠡᠭᠵᠢᠬᠦᠯᠬᠦ ᠬᠤᠭᠤᠴᠠᠭ᠎ᠠ ᠶᠢ ᠲᠤᠭᠳᠠᠭᠠᠬᠰᠠᠨ ᠦᠬᠡᠢ ᠪᠠᠶᠢᠪᠠᠯ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠢᠯᠭᠠᠵᠦ ᠲᠠᠭᠤᠰᠳᠠᠯ᠎ᠠ ᠭᠡᠷᠡᠭᠵᠢᠬᠦᠯᠤᠨ᠎ᠠ᠃ ᠤᠯᠤᠰ ᠠᠴᠠ | ᠨᠡᠶᠢᠲᠡᠯᠡᠭᠰᠡᠨ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠥᠪᠡᠷᠲᠡᠭᠡᠨ ᠵᠠᠰᠠᠬᠤ | ᠣᠷᠣᠨ ᠤ ᠬᠢᠨ ᠵᠡᠷᠭᠡ ᠪᠠᠷ ᠵᠢᠷᠤᠮᠯᠠᠨ ᠬᠡᠷᠡᠭᠵᠢᠭᠦᠯᠦᠨ᠎ᠡ᠃ | 2020 ᠤᠨ ᠤ 2 ᠰᠠᠷ᠎ᠠ ᠶᠢᠨ 7 ᠤ ᠡᠳᠤᠷ |