ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠳᠠᠭᠰᠠᠨ ᠠᠭᠤᠰᠬᠢᠨ ᠤ ᠦᠷᠪᠢᠰᠦᠯ ᠤᠨ | ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠨᠡᠶᠢᠭᠡᠮ ᠨᠡᠶᠢᠲᠡ ᠪᠠᠷ ᠢᠶᠠᠨ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠪᠥᠬᠦ ᠬᠦᠴᠦᠨ ᠢᠶᠠᠷ ᠢᠶᠠᠨ ᠰᠡᠷᠭᠡᠶᠢᠯᠡᠨ ᠡᠵᠡᠮᠳᠡᠵᠦ ᠪᠠᠶᠢᠨ᠎ᠠ᠃ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠤᠬᠠᠮᠰᠠᠷ ᠢ ᠴᠢᠩᠭᠠᠳᠬᠠᠵᠤ᠂ ᠰᠡᠷᠭᠡᠶᠢᠯᠡᠨ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ ᠡᠳᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠮᠡᠳᠡᠯᠭᠡ ᠶᠢ ᠡᠮᠬᠢᠯᠡᠵᠦ᠂ ᠲᠠ ᠤᠯᠠᠨ ᠤ | ᠪᠡᠶ᠎ᠡ ᠰᠡᠳᠬᠢᠯ ᠤᠨ ᠡᠷᠡᠭᠦᠯ ᠮᠡᠨᠳᠤ ᠳᠤ ᠵᠣᠬᠢᠬᠤ ᠬᠠᠪᠰᠤᠷᠤᠯᠭ᠎ᠠ ᠦᠵᠡᠭᠦᠯᠬᠦ ᠶᠢ ᠬᠦᠰᠡᠵᠦ ᠪᠠᠶᠢᠨ᠎ᠠ᠃ | ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ | ᠵᠠᠰᠠᠬᠤ ᠬᠠᠤᠯᠢ︾ | ︵1989 ᠤᠨ ᠤ 2 ᠰᠠᠷ᠎ᠠ ᠶᠢᠨ 21 ᠤ ᠡᠳᠦᠷ ᠲᠤᠯᠤᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠵᠢᠷᠭᠤᠳᠤᠭᠠᠷ | ᠬᠤᠷᠠᠯᠳᠤᠭᠠᠨ ᠠᠴᠠ ᠪᠠᠳᠤᠯᠠᠪᠠ | 2004 ᠤᠨ ᠤ 8 ᠰᠠᠷ᠎ᠠ ᠶᠢᠨ 28 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠠᠷᠪᠠᠨ ᠨᠢᠭᠡᠳᠦᠭᠡᠷ | ᠬᠤᠷᠠᠯᠳᠤᠭᠠᠨ ᠠᠴᠠ ᠵᠠᠰᠠᠪᠤᠷᠢ ᠤᠷᠤᠭᠤᠯᠪᠠ | 2013 ᠣᠨ ᠤ 6 ᠰᠠᠷ᠎ᠠ ᠶᠢᠨ 29 ᠤ ᠡᠳᠦᠷ ᠤᠨ ᠠᠷᠪᠠᠨ ᠬᠤᠶᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠷᠪᠠᠳᠤᠭᠠᠷ | ᠬᠤᠷᠠᠯᠳᠤᠭᠠᠨ ᠤ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ | ᠬᠠᠮᠠᠭᠠᠯᠠᠬᠤ ᠬᠠᠤᠯᠢ﹀ ᠵᠡᠷᠭᠡ ᠠᠷᠪᠠᠨ ᠬᠤᠶᠠᠷ ᠬᠠᠤᠯᠢ ᠳᠤ ᠵᠠᠰᠠᠪᠤᠷᠢ ᠣᠷᠤᠭᠤᠯᠬᠤ ᠲᠤᠬᠠᠢ ᠲᠣᠭᠲᠠᠭᠠᠯ︾ ᠢ | ᠦᠨᠳᠦᠰᠦᠯᠡᠨ ᠵᠠᠰᠠᠪᠠ︶ | ★ ᠵᠣᠷᠢᠯᠭ᠎ᠠ | ᠬᠠᠯᠳᠠᠪᠤᠷᠢᠳᠤ ᠡᠪᠡᠳᠴᠢᠨ ᠤ ᠡᠬᠦᠰᠴᠦ ᠲᠡᠯᠭᠡᠷᠡᠬᠦ ᠶᠢ ᠤᠷᠢᠳᠴᠢᠯᠠᠨ ᠰᠡᠷᠭᠡᠶᠢᠯᠡᠵᠦ᠂ ᠬᠢᠵᠠᠭᠠᠷᠯᠠᠬᠤ ᠪᠠ | ᠠᠷᠢᠯᠭᠠᠵᠤ᠂ ᠬᠦᠮᠦᠨ ᠤ ᠪᠡᠶ᠎ᠠ ᠮᠠᠬᠠᠪᠤᠳ ᠤᠨ ᠡᠷᠡᠬᠦᠯ ᠮᠡᠨᠳᠦ ᠪᠠ ᠤᠯᠠᠨ ᠨᠠᠶᠢᠳᠠ ᠶᠢᠨ ᠡᠷᠡᠬᠦᠯ ᠬᠠᠮᠠᠭᠠᠯᠠᠯ ᠢ | ᠪᠠᠳᠤᠯᠠᠬᠤ ᠶᠢᠨ ᠲᠦᠯᠦᠭᠡ ᠲᠤᠰ ᠬᠠᠤᠯᠢ ᠶᠢ ᠲᠤᠭᠳᠠᠭᠠᠪᠠ᠃ | ★ ᠴᠢᠭᠯᠡᠯᠲᠡ ᠪᠠ ᠵᠠᠷᠴᠢᠮ | ᠤᠯᠤᠰ ᠠᠴᠠ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠰᠡᠷᠭᠡᠶᠢᠯᠡᠬᠦ ᠪᠠᠷ ᠭᠤᠤᠯ ᠪᠤᠯᠭᠠᠬᠤ | ᠴᠢᠭᠯᠡᠯᠳᠡ ᠶᠢ ᠬᠡᠷᠡᠭᠵᠢᠬᠦᠯᠵᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠤᠨ᠂ ᠲᠦᠷᠦᠯ ᠬᠤᠪᠢᠶᠠᠨ ᠬᠠᠮᠢᠶᠠᠷᠴᠤ᠂ | ᠰᠢᠨᠵᠢᠯᠡᠬᠦ ᠤᠬᠠᠭᠠᠨ ᠳᠤ ᠲᠦᠰᠢᠭᠯᠡᠨ᠂ ᠤᠯᠠᠨ ᠲᠦᠮᠡᠨ ᠢ ᠲᠦᠰᠢᠭᠯᠡᠨ᠎ᠡ᠃ | ★ ᠬᠠᠯᠳᠠᠪᠤᠷᠢᠲᠤ ᠡᠪᠡᠳᠴᠢᠨ ᠤ ᠡᠪᠡᠳᠴᠢᠨ ᠤ ᠲᠥᠷᠥᠯ ᠤᠨ ᠲᠣᠭᠲᠠᠭᠠᠯᠲᠠ᠂ ᠲᠥᠷᠥᠯ ᠬᠤᠪᠢᠶᠠᠷᠢᠯᠠᠯ | ᠪᠠ ᠬᠠᠮᠢᠶᠠᠷᠤᠯᠲᠠ | ᠲᠤᠰ ᠬᠠᠤᠯᠢ ᠳᠤ ᠲᠤᠭᠳᠠᠭᠠᠭᠰᠠᠨ ᠬᠠᠯᠳᠠᠪᠤᠷᠢᠳᠤ ᠡᠪᠡᠳᠴᠢᠨ ᠢ ᠬᠥᠭᠡ ᠲᠦᠷᠦᠯ᠂ ᠬᠥᠬᠡᠭᠴᠢᠨ ᠲᠦᠷᠦᠯ | ᠪᠠ ᠤᠯᠠᠭᠠᠨ ᠲᠦᠷᠦᠯ ᠭᠡᠵᠤ ᠬᠤᠪᠢᠶᠠᠨ᠎ᠠ᠃ | ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠤᠯᠤᠭᠠᠨ᠎ᠠ ᠬᠢᠵᠢᠭ᠂ ᠬᠤᠯᠢᠷ᠎ᠠ ᠶᠢ ᠵᠢᠭᠠᠵᠤ | ᠪᠠᠶᠢᠨ᠎ᠠ᠃ | ᠬᠥᠬᠡᠭᠴᠢᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠬᠠᠯᠳᠠᠪᠤᠷᠢᠳᠤ ᠴᠢᠨᠠᠷᠳᠠᠢ ᠨᠠᠶᠢᠳᠡᠯᠢᠭ ᠪᠤᠰᠤ | ᠬᠡᠯᠪᠡᠷᠢ ᠶᠢᠨ ᠠᠭᠤᠰᠬᠢᠨ ᠤ ᠦᠷᠪᠢᠰᠦᠯ᠂ ᠠᠶᠢᠽ ᠡᠪᠡᠳᠴᠢᠨ᠂ ᠸᠢᠷᠦ᠋ᠰᠲᠦ ᠡᠯᠢᠭᠡᠨ ᠦᠷᠪᠢᠰᠦᠯ᠂ ᠨᠤᠭᠤᠰᠤᠨ ᠤ | ᠪᠤᠷᠤ ᠪᠤᠳᠠᠰ ᠤᠨ ᠦᠷᠪᠢᠰᠦᠯ᠂ ᠬᠦᠮᠦᠨ ᠳᠤ ᠬᠠᠯᠳᠠᠪᠤᠷᠢᠯᠠᠬᠤ ᠬᠦᠨᠳᠦ ᠡᠪᠡᠳᠴᠢᠯᠡᠭᠦᠯᠬᠦ ᠴᠢᠨᠠᠷᠲᠠᠢ ᠵᠢᠬᠦᠷᠳᠡᠨ ᠤ | ᠲᠠᠭᠰᠢᠭᠤᠷ᠂ ᠤᠯᠠᠭᠠᠨ ᠨᠤᠳ᠂ ᠲᠠᠬᠤᠯᠳᠤ ᠴᠢᠰᠤ ᠭᠠᠷᠬᠤ ᠬᠠᠯᠠᠭᠤᠨ᠂ ᠭᠠᠯᠵᠠᠭᠤ ᠡᠪᠡᠳᠴᠢᠨ᠂ ᠬᠥᠬᠡᠭᠴᠢᠨ | ᠬᠡᠯᠪᠡᠷᠢᠳᠦ ᠲᠠᠬᠤᠯ ᠤᠨ ᠲᠠᠷᠢᠬᠢᠨ ᠦᠷᠪᠢᠰᠦᠯ᠂ ᠳ᠋ᠸᠡᠭᠬᠦ᠋ ᠬᠠᠯᠠᠭᠤᠷᠠᠯᠭ᠎ᠠ᠂ ᠪᠤᠭᠤᠮ᠎ᠠ᠂ ᠪᠠᠺᠲ᠋ᠧᠷᠢ ᠲᠠᠢ ᠪᠠ | ᠠᠮᠢᠶᠤᠪ ᠲᠠᠢ ᠴᠢᠴᠠᠭ᠎ᠠ᠂ ᠠᠭᠤᠰᠬᠢᠨ ᠤ ᠰᠦᠷᠢᠶ᠎ᠠ᠂ ᠲᠤᠮᠤᠭᠤ ᠪᠠ ᠢᠵᠢᠯ ᠲᠤᠮᠤᠭᠤ᠂ ᠲᠠᠬᠤᠯᠳᠤ ᠲᠠᠷᠢᠬᠢ | ᠨᠤᠭᠤᠰᠤᠨ ᠪᠦᠷᠬᠦᠪᠴᠢ ᠶᠢᠨ ᠦᠷᠪᠢᠰᠦᠯ᠂ ᠵᠠᠭᠤᠨ ᠬᠤᠨᠤᠭ ᠤᠨ ᠬᠠᠨᠢᠶᠠᠳᠤ᠂ ᠰᠠᠬᠤᠤ᠂ ᠰᠠᠶ᠋ᠢ ᠲᠦᠷᠦᠭᠰᠡᠨ | ᠬᠡᠦᠬᠡᠳ ᠤᠨ ᠲᠠᠳᠠᠷᠠᠩ᠂ ᠤᠯᠠᠭᠠᠨ ᠡᠰᠡᠷᠭᠡᠨ᠎ᠡ᠂ ᠪᠷᠦ᠋ᠽᠧᠯ ᠡᠪᠡᠳᠴᠢᠨ᠂ ᠬᠦᠢᠳᠡᠨ ᠡᠪᠡᠳᠴᠢᠨ᠂ ᠲᠠᠮᠪᠤᠤ᠂ | ᠭᠤᠬ᠎ᠠ ᠮᠤᠰᠬᠢᠷᠠᠭᠠᠳᠠᠨ ᠡᠪᠡᠳᠴᠢᠨ᠂ ᠴᠢᠰᠦ ᠰᠤᠷᠤᠭᠴᠢ ᠬᠤᠷᠤᠬᠠᠢᠢᠳᠤ ᠡᠪᠡᠳᠴᠢᠨ᠂ ᠱᠦᠯᠬᠦᠬᠡ ᠡᠪᠡᠳᠴᠢᠨ ᠢ | ᠵᠢᠭᠠᠵᠤ ᠪᠠᠶᠢᠨ᠎ᠠ᠃ | ᠤᠯᠠᠭᠠᠨ ᠲᠦᠷᠦᠯ ᠤᠨ ᠬᠠᠯᠳᠠᠪᠤᠷᠢᠳᠤ ᠡᠪᠡᠳᠴᠢᠨ ᠭᠡᠵᠤ ᠲᠠᠬᠤᠯ ᠲᠠᠭᠰᠢᠭᠤᠷ᠂ ᠲᠦᠭᠦᠰᠢ ᠶᠢᠨ | ᠪᠤᠯᠴᠢᠷᠬᠠᠢ ᠶᠢᠨ ᠲᠠᠬᠤᠯᠳᠤ ᠦᠷᠪᠢᠰᠦᠯ᠂ ᠰᠠᠯᠬᠢᠨ ᠴᠡᠴᠡᠭ᠂ ᠲᠦᠷᠭᠡᠨ ᠴᠢᠰᠦ ᠭᠠᠷᠬᠤ ᠴᠢᠨᠠᠷᠲᠠᠢ ᠨᠠᠶᠢᠯᠠᠮᠠᠯ | ᠪᠦᠷᠬᠦᠪᠴᠢ ᠶᠢᠨ ᠦᠷᠪᠢᠰᠦᠯ᠂ ᠤᠶᠠᠮᠠᠨ ᠡᠪᠡᠳᠴᠢᠨ᠂ ᠲᠠᠬᠤᠯ ᠤᠨ ᠴᠢᠨᠠᠷᠲᠠᠢ ᠪᠠ ᠤᠷᠤᠨ ᠨᠤᠳᠤᠭ ᠤᠨ ᠴᠢᠨᠠᠷᠲᠠᠢ | ᠡᠰᠡᠷᠭᠡᠨᠡᠳᠦ ᠬᠢᠵᠢᠭ᠂ ᠬᠠᠷ᠎ᠠ ᠬᠠᠯᠠᠭᠤᠷᠠᠯᠭ᠎ᠠ ᠡᠪᠡᠳᠴᠢᠨ᠂ ᠬᠤᠷᠤᠬᠠᠢ ᠶᠢᠨ ᠪᠡᠲᠡᠭᠢ ᠡᠪᠡᠳᠴᠢᠨ᠂ ᠤᠳᠠᠰᠤᠯᠢᠭ | ᠬᠤᠷᠤᠬᠠᠢᠢᠳᠤ ᠡᠪᠡᠳᠴᠢᠨ᠂ ᠵᠢᠴᠢ ᠬᠤᠯᠢᠷ᠎ᠠ᠂ ᠪᠠᠺᠲ᠋ᠧᠷᠢ ᠲᠠᠢ ᠪᠠ ᠠᠮᠢᠶᠤᠪ ᠲᠠᠢ ᠴᠢᠴᠠᠭ᠎ᠠ᠂ ᠲᠤᠮᠤᠭᠤ ᠪᠠ ᠢᠵᠢᠯ | ᠲᠤᠮᠤᠭᠤ ᠠᠴᠠ ᠭᠠᠳᠠᠨᠠᠬᠢ ᠬᠠᠯᠳᠠᠪᠤᠷᠢᠯᠠᠬᠤ ᠴᠢᠨᠠᠷᠳᠠᠢ ᠰᠠᠭᠤᠯᠭᠠᠬᠤ ᠡᠪᠡᠳᠴᠢᠨ ᠢ ᠵᠢᠭᠠᠵᠤ ᠪᠠᠶᠢᠨ᠎ᠠ᠃ | 2020 ᠣᠨ ᠤ 1 ᠳ᠋ᠦ᠋ᠭᠡᠷ ᠰᠠᠷ᠎ᠠ ᠶᠢᠨ 20 ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ | ᠶᠢᠨ ᠵᠥᠪᠯᠡᠯ 1 ᠳ᠋ᠦ᠋ᠭᠡᠷ ᠲᠣᠭᠠᠲᠤ ᠠᠯᠪᠠᠨ ᠵᠠᠷ ᠨᠡᠶᠢᠲᠡᠯᠡᠵᠦ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠳᠤ ᠲᠣᠭᠲᠠᠭᠠᠭᠰᠠᠨ ᠬᠥᠬᠡᠭᠴᠢᠨ ᠲᠥᠷᠥᠯ ᠤᠨ | ᠬᠠᠯᠳᠠᠪᠤᠷᠢᠲᠦ ᠡᠪᠡᠳᠴᠢᠨ ᠳᠤ ᠣᠷᠣᠭᠤᠯᠬᠤ ᠶᠢᠨ ᠬᠠᠮᠲᠤ ᠬᠥᠬᠡ ᠲᠥᠷᠥᠯ ᠤᠨ ᠬᠠᠯᠳᠠᠪᠤᠷᠢᠲᠤ ᠡᠪᠡᠳᠴᠢᠨ ᠢ | ᠤᠷᠢᠳᠴᠢᠯᠠᠨ ᠰᠡᠷᠭᠡᠶᠢᠯᠡᠵᠦ ᠡᠵᠡᠮᠳᠡᠬᠦ ᠠᠷᠭ᠎ᠠ ᠬᠡᠮᠵᠢᠶ᠎ᠡ ᠠᠪᠬᠤ ᠪᠣᠯᠣᠨ᠎ᠠ᠃ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠢᠯᠢ ᠶᠢᠨ ᠡᠷᠡᠭᠦᠯ ᠬᠠᠮᠠᠭᠠᠯᠠᠯ ᠤᠨ ᠬᠢᠵᠢᠭ ᠪᠠᠶᠢᠴᠠᠭᠠᠬᠤ ᠬᠠᠤᠯᠢ︾ ᠳᠤ ᠲᠣᠭᠲᠠᠭᠠᠭᠰᠠᠨ ᠬᠢᠵᠢᠭ | ᠪᠠᠶᠢᠴᠠᠭᠠᠬᠤ ᠬᠠᠯᠳᠠᠪᠤᠷᠢᠲᠤ ᠡᠪᠡᠳᠴᠢᠨ ᠤ ᠬᠠᠮᠢᠶᠠᠷᠤᠯᠲᠠ ᠳᠤ ᠣᠷᠣᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ | ᠤᠨ ᠣᠷᠳᠣᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ᠂ ᠵᠠᠰᠠᠭ ᠤᠨ | ᠣᠷᠳᠣᠨ ᠤ ᠪᠤᠰᠤᠳ ᠰᠠᠯᠠᠭ᠎ᠠ ᠮᠥᠴᠢᠷ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠬᠠᠤᠯᠢ ᠶᠣᠰᠣᠭᠠᠷ | ᠡᠪᠡᠳᠴᠢᠲᠡᠨ ᠢ ᠲᠤᠰᠠᠭᠠᠷᠯᠠᠨ ᠡᠮᠨᠡᠵᠦ᠂ ᠨᠢᠭᠳᠠ ᠤᠢᠢᠷᠠᠳᠤᠭᠰᠠᠳ ᠢ ᠠᠨᠠᠭᠠᠬᠤ ᠤᠬᠠᠭᠠᠨ ᠤ ᠠᠵᠢᠭᠯᠠᠯᠲᠠ ᠬᠢᠬᠦ | ᠵᠡᠷᠭᠡ ᠰᠢᠷᠢᠰ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠴᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ | ᠬᠠᠯᠳᠠᠪᠤᠷᠢᠯᠠᠭᠰᠠᠨ ᠠᠭᠤᠰᠬᠢᠨ ᠤ ᠦᠷᠪᠢᠰᠦᠯ ᠤᠨ ᠬᠢᠵᠢᠭ ᠤᠨ ᠬᠠᠯᠳᠠᠪᠤᠷᠢᠯᠠᠯ ᠢ ᠬᠠᠮᠲᠤ ᠪᠠᠷ ᠰᠡᠷᠭᠡᠶᠢᠯᠡᠵᠦ | ᠪᠣᠯᠤᠨ᠎ᠠ᠃ | ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠳᠤᠮᠳᠠ ᠠᠷᠠᠳ ᠢᠷᠭᠡᠨ ᠶᠠᠮᠠᠷ ᠶᠠᠮᠠᠷ ᠡᠭᠦᠷᠭᠡ | ᠡᠭᠦᠷᠭᠡᠯᠡᠬᠦ ᠪᠣᠶ︖ | ᠠᠷᠪᠠᠨ ᠬᠤᠶᠠᠳᠣᠭᠠᠷ ᠵᠦᠢᠯ ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠨᠤᠳᠤᠭ | ᠲᠡᠪᠢᠰᠭᠡᠷ ᠲᠠᠬᠢ ᠠᠯᠢᠪᠠ ᠨᠢᠭᠡᠴᠢ ᠪᠠ ᠬᠤᠪᠢ ᠬᠦᠮᠦᠨ ᠡᠷᠭᠡᠪᠰᠢ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ | ᠪᠠᠶᠢᠭᠤᠯᠤᠮᠵᠢ᠂ ᠡᠮᠴᠢᠯᠡᠬᠡᠨ ᠤ ᠪᠠᠶᠢᠭᠤᠯᠤᠮᠵᠢ ᠶᠢᠨ ᠬᠠᠯᠳᠠᠪᠤᠷᠢᠳᠤ ᠡᠪᠡᠳᠴᠢᠨ ᠤ ᠲᠤᠬᠠᠢ ᠪᠠᠶᠢᠴᠠᠭᠠᠯᠳᠠ ᠬᠢᠬᠦ᠂ | ᠰᠢᠯᠭᠠᠨ ᠪᠠᠶᠢᠴᠠᠭᠠᠬᠤ᠂ ᠦᠯᠢᠭᠡᠷ ᠡᠳ᠋ ᠴᠤᠭᠯᠠᠭᠤᠯᠬᠤ᠂ ᠲᠤᠰᠠᠭᠠᠷᠯᠠᠨ ᠡᠮᠨᠡᠬᠦ ᠵᠡᠷᠬᠡ ᠰᠡᠷᠭᠡᠶᠢᠯᠡᠬᠦ ᠪᠠ | ᠬᠢᠵᠠᠭᠠᠷᠯᠠᠬᠤ ᠠᠷᠭ᠎ᠠ ᠬᠡᠮᠵᠢᠶ᠎ᠠ ᠶᠢ ᠬᠦᠯᠢᠶᠡᠨ ᠠᠪᠴᠤ᠂ ᠬᠤᠯᠪᠤᠭᠳᠠᠯ ᠪᠦᠬᠦᠢ ᠪᠠᠶᠢᠳᠠᠯ ᠢ ᠦᠨᠡᠨ ᠮᠥᠨ ᠢᠶᠠᠷ ᠨᠢ | ᠬᠠᠨᠭ᠍ᠭᠠᠬᠤ ᠬᠡᠷᠡᠭᠳᠡᠢ᠃ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ | ᠪᠠᠶᠢᠭᠤᠯᠤᠮᠵᠢ ᠬᠤᠪᠢ ᠬᠦᠮᠦᠨ ᠤ ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ | ᠵᠠᠳᠠᠷᠠᠭᠤᠯᠵᠤ ᠪᠤᠯᠬᠤ ᠦᠭᠡᠢ᠃ | ★ ᠬᠠᠯᠳᠠᠪᠤᠷᠢᠲᠤ ᠡᠪᠡᠳᠴᠢᠨ ᠡᠭᠦᠰᠦᠭᠰᠡᠨ᠂ ᠳᠡᠯᠭᠡᠷᠡᠭᠰᠡᠨ ᠦᠶ᠎ᠡ ᠳᠤ ᠰᠢᠶᠠᠨ ᠤ ᠱᠠᠲᠤᠨ ᠠᠴᠠ | ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠢᠵᠢᠭ ᠤᠨ ᠪᠠᠶᠢᠳᠠᠯ ᠢ ᠬᠢᠵᠠᠭᠠᠷᠯᠠᠬᠤ | ᠬᠡᠷᠡᠭᠴᠡᠭᠡ ᠶᠢ ᠦᠨᠳᠦᠰᠦᠯᠡᠨ ᠶᠠᠮᠠᠷ ᠶᠠᠮᠠᠷ ᠪᠠᠴᠢᠮ ᠠᠷᠭ᠎ᠠ ᠬᠡᠮᠵᠢᠶ᠎ᠡ ᠠᠪᠴᠤ ᠪᠣᠯᠬᠤ ᠪᠤᠢ ︖ | ᠲᠦᠴᠢᠨ ᠬᠤᠶᠠᠳᠤᠭᠠᠷ ᠵᠦᠢᠯ ᠬᠠᠯᠳᠠᠪᠤᠷᠢᠳᠤ ᠡᠪᠡᠳᠴᠢᠨ ᠡᠬᠦᠰᠦᠭᠰᠡᠨ᠂ ᠲᠡᠯᠭᠡᠷᠡᠭᠰᠡᠨ ᠦᠶ᠎ᠡ ᠳᠤ | ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠲᠤᠬ ᠤᠨ ᠠᠷᠠᠳ ᠤᠨ ᠵᠠᠰᠠᠭ ᠤᠨ ᠤᠷᠳᠤᠨ ᠲᠡᠷᠡ ᠲᠤᠤᠷ᠎ᠠ ᠨᠢ | ᠬᠦᠴᠦᠨ ᠢᠶᠠᠨ ᠵᠤᠬᠢᠶᠠᠨ ᠪᠠᠶᠢᠭᠤᠯᠵᠤ᠂ ᠰᠡᠷᠭᠡᠶᠢᠯᠡᠬᠦ᠂ ᠬᠢᠵᠠᠭᠠᠷᠯᠠᠬᠤ ᠪᠡᠯᠡᠳᠬᠡᠯ ᠲᠦᠰᠦᠯ ᠶᠤᠰᠤᠭᠠᠷ ᠰᠡᠷᠭᠡᠶᠢᠯᠡᠨ | ᠵᠠᠰᠠᠵᠤ᠂ ᠬᠠᠯᠳᠠᠪᠤᠷᠢᠳᠤ ᠡᠪᠡᠳᠴᠢᠨ ᠤ ᠬᠠᠯᠳᠠᠪᠤᠷᠢᠯᠠᠬᠤ ᠠᠷᠭ᠎ᠠ ᠵᠠᠮ ᠢ ᠲᠠᠰᠤᠯᠬᠤ ᠬᠡᠷᠡᠭᠳᠡᠢ᠂ ᠴᠢᠬᠤᠯᠠᠲᠠᠢ | ᠦᠶ᠎ᠡ ᠳᠤ ᠲᠡᠭᠡᠷ᠎ᠡ ᠨᠢᠭᠡ ᠱᠠᠳᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠬᠦᠯᠦᠨ ᠲᠤᠭᠳᠠᠭᠠᠯᠭᠠᠵᠤ ᠲᠤᠤᠷ᠎ᠠ | ᠵᠢᠭᠰᠠᠭᠠᠭᠰᠠᠨ ᠪᠠᠴᠢᠮ ᠠᠷᠭ᠎ᠠ ᠬᠡᠮᠵᠢᠶ᠎ᠡ ᠶᠢ ᠠᠪᠬᠤ ᠶᠢᠨ ᠬᠠᠮᠳᠤ ᠵᠠᠷᠯᠠᠵᠤ ᠪᠤᠯᠤᠨ᠎ᠠ᠄ | ︵ᠨᠢᠬᠡ︶ ᠴᠤᠭᠯᠠᠭ᠎ᠠ ᠮᠠᠶᠢᠮᠠᠢ᠂ ᠺᠢᠨᠣ᠋ ᠲᠢᠶᠠᠲᠷ ᠤᠨ ᠲᠤᠭᠯᠠᠯᠳᠠ ᠪᠤᠶᠤ ᠬᠦᠮᠦᠰ ᠤᠨ ᠴᠤᠭᠯᠠᠷᠠᠳᠠᠭ ᠪᠤᠰᠤᠳ | ᠠᠵᠢᠯᠯᠠᠭ᠎ᠠ ᠶᠢ ᠬᠢᠵᠠᠭᠠᠷᠯᠠᠬᠤ ᠪᠤᠶᠤ ᠵᠤᠭᠰᠤᠭᠠᠬᠤ︔ | ︵ᠬᠤᠶᠠᠷ︶ ᠠᠵᠢᠯ᠂ ᠠᠷᠠᠯᠵᠢᠶ᠎ᠠ᠂ ᠬᠢᠴᠢᠶᠡᠯ ᠢ ᠵᠤᠭᠰᠤᠭᠠᠬᠤ︔ | ︵ᠭᠤᠷᠪᠠ︶ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ ᠤᠯᠠᠨ | ᠨᠠᠶᠢᠳᠠ ᠶᠢᠨ ᠤᠤᠭᠤᠬᠤ ᠤᠰᠤᠨ ᠤ ᠡᠬᠢ ᠰᠤᠷᠪᠤᠯᠵᠢ᠂ ᠢᠳᠡᠭᠡᠨ ᠵᠢᠴᠢ ᠬᠠᠮᠢᠶ᠎ᠠ ᠪᠦᠬᠦᠢ ᠡᠳ᠋ ᠪᠤᠳᠠᠰ ᠢ | ᠪᠢᠳᠡᠬᠦᠮᠵᠢᠯᠡᠬᠦ ᠪᠤᠶᠤ ᠪᠢᠳᠡᠬᠦᠮᠵᠢᠯᠡᠨ ᠬᠠᠳᠠᠭᠠᠯᠠᠬᠤ︔ | ︵ᠲᠦᠷᠪᠡ︶ ᠬᠢᠵᠢᠭ ᠬᠠᠯᠳᠠᠪᠤᠷᠢᠯᠠᠭᠰᠠᠨ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ ᠭᠡᠷ ᠤᠨ | ᠵᠢᠬᠦᠷᠳᠡᠨ ᠢ ᠬᠢᠵᠠᠭᠠᠷᠯᠠᠬᠤ ᠪᠤᠶᠤ ᠤᠰᠠᠳᠬᠠᠬᠤ︔ | ︵ᠲᠠᠪᠤ︶ ᠬᠠᠯᠳᠠᠪᠤᠷᠢᠳᠤ ᠡᠪᠡᠳᠴᠢᠨ ᠲᠠᠷᠬᠠᠭᠠᠵᠤ ᠮᠡᠳᠡᠬᠦ ᠲᠠᠯᠠᠪᠤᠷ ᠭᠠᠵᠠᠷ ᠢ ᠪᠢᠳᠡᠬᠦᠮᠵᠢᠯᠡᠬᠦ᠃ | ★ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠲᠦ ᠡᠪᠡᠳᠴᠢᠨ ᠤ | ᠬᠢᠵᠢᠭ ᠤᠨ ᠪᠠᠶᠢᠳᠠᠯ ᠢ ᠣᠯᠵᠤ ᠮᠡᠳᠡᠭᠰᠡᠨ ᠪᠤᠶᠤ ᠬᠠᠯᠳᠠᠪᠤᠷᠢᠲᠦ ᠡᠪᠡᠳᠴᠢᠨ ᠤ ᠬᠢᠵᠢᠭ ᠤᠨ ᠪᠠᠶᠢᠳᠠᠯ ᠤᠨ | ᠮᠡᠳᠡᠭᠦᠯᠦᠯᠲᠡ ᠶᠢ ᠣᠯᠪᠠᠯ᠂ ᠴᠠᠭ ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠲᠦᠴᠢᠳᠦᠬᠡᠷ ᠵᠦᠢᠯ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠪᠤᠶᠤ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠤᠨ ᠮᠡᠳᠡᠬᠦᠯᠦᠯᠳᠡ ᠶᠢ ᠤᠯᠪᠠᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ | ᠬᠡᠷᠡᠭᠳᠡᠢ᠄ | ︵ᠨᠢᠬᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠳᠤ ᠲᠠᠬᠤᠯ ᠡᠪᠡᠳᠴᠢᠨ ᠤ ᠰᠤᠳᠤᠯᠤᠯ ᠤᠨ | ᠪᠠᠶᠢᠴᠠᠭᠠᠯᠳᠠ ᠬᠢᠵᠤ᠂ ᠪᠠᠶᠢᠴᠠᠭᠠᠭᠰᠠᠨ ᠪᠠᠶᠢᠳᠠᠯ ᠢᠶᠠᠨ ᠦᠨᠳᠦᠰᠦᠯᠡᠨ ᠬᠢᠵᠢᠭᠳᠦ ᠴᠡᠭ᠂ ᠬᠢᠵᠢᠭᠳᠦ ᠤᠷᠤᠨ ᠢ | ᠵᠠᠭᠠᠭᠯᠠᠨ ᠲᠤᠭᠳᠠᠭᠠᠬᠤ ᠰᠠᠨᠠᠭᠤᠯᠭ᠎ᠠ ᠶᠢ ᠲᠤᠷᠠᠳᠤᠨ ᠭᠠᠷᠭᠠᠵᠤ᠂ ᠪᠤᠬᠢᠷᠳᠤᠭᠳᠠᠭᠰᠠᠨ ᠭᠠᠵᠠᠷ ᠲᠤ ᠡᠷᠡᠭᠦᠯ | ᠬᠠᠮᠠᠭᠠᠯᠠᠯ ᠤᠨ ᠰᠢᠢᠳᠪᠦᠷᠢᠯᠡᠯᠲᠡ ᠬᠢᠵᠦ᠂ ᠨᠢᠭᠳᠠ ᠤᠢᠢᠷᠠᠳᠤᠭᠰᠠᠳ ᠲᠤ ᠲᠤᠭᠳᠠᠭᠰᠠᠨ ᠲᠠᠯᠠᠪᠤᠷ ᠭᠠᠵᠠᠷ ᠲᠤ | ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ ᠴᠢᠬᠤᠯᠠ ᠪᠦᠬᠦᠢ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠡ | ᠠᠪᠬᠤ ᠶᠢᠨ ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ | ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠨ᠎ᠠ︔ | ︵ᠬᠤᠶᠠᠷ︶ ᠬᠠᠯᠳᠠᠪᠤᠷᠢᠳᠤ ᠡᠪᠡᠳᠴᠢᠨ ᠡᠬᠦᠰᠥᠭᠰᠡᠨ᠂ ᠲᠡᠯᠭᠡᠷᠡᠭᠰᠡᠨ ᠦᠶ᠎ᠡ ᠳᠤ ᠬᠢᠵᠢᠭᠳᠦ ᠴᠡᠭ᠂ | ᠬᠢᠵᠢᠭᠳᠦ ᠤᠷᠤᠨ ᠳᠤ ᠡᠷᠡᠭᠦᠯ ᠬᠠᠮᠠᠭᠠᠯᠠᠯ ᠤᠨ ᠰᠢᠢᠳᠪᠦᠷᠢᠯᠡᠯᠲᠡ ᠬᠢᠵᠤ᠂ ᠡᠷᠡᠬᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠲᠤ ᠬᠢᠵᠢᠭ ᠤᠨ ᠪᠠᠶᠢᠳᠠᠯ ᠢ ᠬᠢᠵᠠᠭᠠᠷᠯᠠᠬᠤ ᠲᠦᠰᠦᠯ ᠢ ᠲᠤᠷᠠᠳᠤᠨ ᠭᠠᠷᠭᠠᠬᠤ ᠶᠢᠨ | ᠬᠠᠮᠳᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠱᠠᠭᠠᠷᠳᠠᠯᠭ᠎ᠠ ᠶᠤᠰᠤᠭᠠᠷ ᠠᠷᠭ᠎ᠠ | ᠬᠡᠮᠵᠢᠶ᠎ᠡ ᠠᠪᠤᠨ᠎ᠠ︔ | ︵ᠭᠤᠷᠪᠠ︶ ᠲᠤᠤᠷᠠᠳᠤ ᠱᠠᠳᠤᠨ ᠤ ᠪᠠᠨ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢ | ᠵᠢᠯᠤᠭᠤᠳᠤᠨ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ | ᠠᠪᠤᠭᠤᠯᠵᠤ᠂ ᠬᠤᠯᠪᠤᠭᠳᠠᠯ ᠪᠦᠬᠦᠢ ᠨᠢᠬᠡᠴᠢ ᠶᠢᠨ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ | ᠰᠢᠢᠳᠪᠤᠷᠢᠯᠡᠬᠦ ᠠᠵᠢᠯ ᠢ ᠵᠤᠬᠢᠶᠠᠨ ᠪᠠᠶᠢᠭᠤᠯᠵᠤ᠂ ᠵᠢᠯᠤᠭᠤᠳᠤᠨ᠎ᠠ᠃ | ★ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ ᠤᠯᠵᠤ ᠮᠡᠳᠡᠪᠡᠯ᠂ ᠴᠠᠭ | ᠲᠣᠬᠠᠢ ᠳᠤᠨᠢ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠭᠤᠴᠢ ᠶᠢᠰᠦᠳᠦᠭᠡᠷ ᠵᠦᠢᠯ ᠡᠮᠴᠢᠯᠡᠬᠡᠨ ᠤ ᠪᠠᠶᠢᠭᠤᠯᠤᠮᠵᠢ ᠬᠥᠬᠡ ᠲᠦᠷᠦᠯ ᠤᠨ ᠬᠠᠯᠳᠠᠪᠤᠷᠢᠳᠤ ᠡᠪᠡᠳᠴᠢᠨ ᠢ | ᠤᠯᠵᠤ ᠮᠡᠳᠡᠪᠡᠯ᠂ ᠲᠤᠤᠷ᠎ᠠ ᠵᠢᠭᠰᠠᠭᠠᠭᠰᠠᠨ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ ᠠᠪᠬᠤ ᠬᠡᠷᠡᠭᠳᠡᠢ᠄ | ︵ᠨᠢᠬᠡ︶ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ ᠢ ᠲᠤᠰᠠᠭᠠᠷᠯᠠᠨ ᠡᠮᠨᠡᠨ | ᠵᠠᠰᠠᠨ᠎ᠠ᠂ ᠲᠤᠰᠠᠭᠠᠷᠯᠠᠬᠤ ᠬᠤᠭᠤᠴᠠᠭ᠎ᠠ ᠶᠢ ᠠᠨᠠᠭᠠᠬᠤ ᠤᠬᠠᠭᠠᠨ ᠤ ᠪᠠᠶᠢᠴᠠᠭᠠᠯᠳᠠ ᠶᠢᠨ ᠦᠷ᠎ᠡ ᠳ᠋ᠦᠩ ᠢ | ᠦᠨᠳᠦᠰᠦᠯᠡᠵᠦ ᠲᠤᠭᠳᠠᠭᠠᠨ᠎ᠠ︔ | ︵ᠬᠤᠶᠠᠷ︶ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠢ ᠪᠤᠯ ᠡᠪᠡᠳᠴᠢᠨ ᠢ ᠨᠢ | ᠲᠤᠳᠤᠯᠠᠬᠤ ᠠᠴᠠ ᠡᠮᠦᠨ᠎ᠡ ᠲᠤᠭᠳᠠᠭᠰᠠᠨ ᠲᠠᠯᠠᠪᠤᠷ ᠭᠠᠵᠠᠷ ᠲᠤ ᠲᠤᠰᠠᠭᠠᠷᠯᠠᠨ ᠡᠮᠨᠡᠵᠦ ᠵᠠᠰᠠᠨ᠎ᠠ︔ | ︵ᠭᠤᠷᠪᠠ︶ ᠡᠮᠴᠢᠯᠡᠭᠡᠨ ᠤ ᠪᠠᠶᠢᠭᠤᠯᠤᠮᠵᠢ ᠶᠢᠨ ᠲᠤᠳᠤᠭᠠᠳᠤ ᠶᠢᠨ ᠡᠪᠡᠳᠴᠢᠳᠡᠨ᠂ ᠡᠪᠡᠳᠴᠢᠨ | ᠡᠬᠦᠰᠭᠡᠭᠴᠢ ᠶᠢ ᠠᠪᠴᠤ ᠶᠠᠪᠤᠭᠰᠠᠳ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠲᠠᠢ ᠨᠢᠭᠳᠠ | ᠦᠢᠷᠡᠳᠦᠬᠰᠡᠳ ᠲᠤ ᠪᠤᠯ᠂ ᠲᠤᠭᠳᠠᠭᠰᠠᠨ ᠲᠠᠯᠠᠪᠤᠷ ᠭᠠᠵᠠᠷ ᠲᠤ ᠠᠨᠠᠭᠠᠬᠤ ᠤᠬᠠᠭᠠᠨ ᠤ ᠠᠵᠢᠭᠯᠠᠯᠳᠠ ᠬᠢᠬᠦ ᠪᠦᠭᠡᠳ | ᠴᠢᠬᠤᠯᠠ ᠪᠦᠬᠦᠢ ᠤᠷᠢᠳᠴᠢᠯᠠᠨ ᠰᠡᠷᠭᠡᠶᠢᠯᠡᠬᠦ ᠪᠤᠰᠤᠳ ᠠᠷᠭ᠎ᠠ ᠬᠡᠮᠵᠢᠶ᠎ᠠ ᠶᠢ ᠠᠪᠤᠨ᠎ᠠ᠃ ᠲᠤᠰᠠᠭᠠᠷᠯᠠᠵᠤ ᠡᠮᠨᠡᠨ | ᠵᠠᠰᠠᠬᠤ ᠶᠢ ᠲᠡᠪᠴᠢᠭᠰᠡᠨ ᠬᠦᠮᠥᠨ ᠪᠤᠶᠤ ᠲᠤᠰᠠᠭᠠᠷᠯᠠᠬᠤ ᠬᠤᠭᠤᠴᠠᠭ᠎ᠠ ᠲᠦᠬᠦᠷᠦᠭᠡᠳᠦᠢ ᠪᠠᠷ ᠲᠤᠰᠠᠭᠠᠷᠯᠠᠵᠤ ᠡᠮᠨᠡᠨ | ᠵᠠᠰᠠᠬᠤ ᠭᠠᠵᠠᠷ ᠠᠴᠠ ᠲᠤᠷ᠎ᠠ ᠪᠠᠷ ᠢᠶᠠᠨ ᠰᠠᠯᠵᠤ ᠶᠠᠪᠤᠭᠰᠠᠳ ᠲᠤ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ | ᠡᠮᠴᠢᠯᠡᠬᠡᠨ ᠤ ᠪᠠᠶᠢᠭᠤᠯᠤᠮᠵᠢ ᠲᠠᠢ ᠬᠠᠮᠵᠢᠵᠤ ᠪᠠᠶᠢᠭᠠᠳ ᠠᠯᠪᠠᠳᠠᠨ ᠲᠤᠰᠠᠭᠠᠷᠯᠠᠵᠤ ᠡᠮᠨᠡᠬᠦ ᠠᠷᠭ᠎ᠠ ᠬᠡᠮᠵᠢᠶ᠎ᠡ ᠠᠪᠴᠤ | ᠪᠤᠯᠤᠨ᠎ᠠ᠃ | ᠡᠮᠴᠢᠯᠡᠬᠡᠨ ᠤ ᠪᠠᠶᠢᠭᠤᠯᠤᠮᠵᠢ ᠬᠥᠬᠡᠭᠴᠢᠨ ᠲᠦᠷᠦᠯ ᠪᠤᠶᠤ ᠤᠯᠠᠭᠠᠨ ᠲᠦᠷᠦᠯ ᠤᠨ ᠬᠠᠯᠳᠠᠪᠤᠷᠢᠳᠤ | ᠡᠪᠡᠳᠴᠢᠨ ᠲᠠᠢ ᠡᠪᠡᠳᠴᠢᠳᠡᠨ ᠪᠠᠶᠢᠬᠤ ᠶᠢ ᠤᠯᠵᠤ ᠮᠡᠳᠡᠪᠡᠯ᠂ ᠡᠪᠡᠳᠴᠢᠨ ᠤ ᠬᠢᠨᠢ ᠪᠠᠶᠢᠳᠠᠯ ᠢ ᠦᠨᠳᠦᠰᠦᠯᠡᠨ | ᠴᠢᠬᠤᠯᠠ ᠪᠦᠬᠦᠢ ᠡᠮᠨᠡᠨ ᠵᠠᠰᠠᠬᠤ ᠪᠠ ᠬᠠᠯᠳᠠᠪᠤᠷᠢᠯᠠᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠬᠡᠷᠡᠭᠳᠡᠢ᠃ | ᠡᠮᠴᠢᠯᠡᠭᠡᠨ ᠤ ᠪᠠᠶᠢᠭᠤᠯᠤᠮᠵᠢ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠬᠰᠠᠨ ᠭᠠᠵᠠᠷ᠂ ᠡᠳ᠋ ᠪᠤᠳᠠᠰ ᠵᠢᠴᠢ ᠡᠮᠴᠢᠯᠡᠭᠡ ᠶᠢᠨ ᠬᠠᠶᠠᠭᠳᠠᠮᠠᠯ ᠪᠤᠳᠠᠰ ᠢ ᠡᠷᠭᠡᠪᠰᠢ ᠬᠠᠤᠯᠢ ᠴᠠᠭᠠᠵᠠ᠂ | ᠬᠠᠤᠯᠢ ᠲᠣᠭᠲᠠᠭᠠᠯ ᠤᠨ ᠲᠤᠭᠳᠠᠭᠠᠯ ᠶᠤᠰᠤᠭᠠᠷ ᠠᠷᠢᠭᠤᠳᠬᠠᠬᠤ ᠪᠠ ᠬᠤᠤᠷ ᠦᠭᠡᠶᠢᠵᠢᠬᠦᠯᠦᠨ ᠰᠢᠢᠳᠪᠤᠷᠢᠯᠡᠬᠦ | ᠬᠡᠷᠡᠭᠳᠡᠢ᠃ | ★ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ ᠶᠢᠨ ᠲᠣᠭᠲᠠᠭᠠᠯ ᠢ ᠵᠥᠷᠢᠴᠡᠪᠡᠯ ᠶᠠᠮᠠᠷ | ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠪᠣᠶ︖ | ᠵᠢᠷᠠᠨ ᠲᠠᠪᠤᠳᠤᠭᠠᠷ ᠵᠦᠢᠯ ᠤᠷᠤᠨ ᠨᠤᠳᠤᠭ ᠤᠨ ᠡᠯ᠎ᠡ ᠱᠠᠳᠤᠨ ᠤ ᠠᠷᠠᠳ ᠤᠨ ᠵᠠᠰᠠᠭ ᠤᠨ ᠤᠷᠳᠤᠨ ᠲᠤᠰ | ᠬᠠᠤᠯᠢ ᠶᠢᠨ ᠲᠤᠭᠳᠠᠭᠠᠯ ᠶᠤᠰᠤᠭᠠᠷ ᠮᠡᠳᠡᠬᠦᠯᠦᠯᠳᠡ ᠬᠢᠬᠦ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠭᠡᠢ᠂ | ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ | ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠡᠬᠦᠰᠦᠭᠰᠡᠨ᠂ | ᠲᠡᠯᠭᠡᠷᠡᠭᠰᠡᠨ ᠦᠶ᠎ᠡ ᠳᠤ ᠴᠠᠭ ᠲᠤᠬᠠᠢ ᠳᠤᠨᠢ ᠠᠪᠤᠷᠠᠵᠤ ᠵᠠᠰᠠᠬᠤ ᠠᠵᠢᠯ ᠢ ᠵᠤᠬᠢᠶᠠᠨ ᠪᠠᠶᠢᠭᠤᠯᠤᠬᠰᠠᠨ ᠦᠭᠡᠢ᠂ | ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠲᠡᠭᠡᠳᠦ ᠱᠠᠳᠤᠨ ᠤ ᠠᠷᠠᠳ ᠤᠨ ᠵᠠᠰᠠᠭ ᠤᠨ | ᠤᠷᠳᠤᠨ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ | ᠵᠢᠷᠠᠨ ᠵᠢᠷᠭᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠡᠷᠡᠬᠦᠯ ᠬᠠᠮᠠᠭᠠᠯᠠᠯ ᠤᠨ ᠵᠠᠰᠠᠬ ᠵᠠᠬᠢᠷᠭᠠᠨ ᠤ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ | ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ | ᠤᠷᠳᠤᠨ᠂ ᠲᠡᠭᠡᠳᠦ ᠱᠠᠳᠤᠨ ᠤ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ | ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ | ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ | ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠭᠳᠡᠬᠦ᠂ ᠮᠡᠳᠡᠬᠦᠯᠬᠦ ᠪᠤᠶᠤ ᠨᠡᠶᠢᠲᠡᠯᠡᠬᠦ | ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ | ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ | ᠮᠡᠳᠡᠬᠦᠯᠦᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠲᠠᠷᠬᠠᠯᠲᠠ ᠡᠬᠦᠰᠦᠭᠰᠡᠨ ᠪᠤᠶᠤ ᠡᠬᠦᠰᠴᠦ ᠮᠡᠳᠡᠬᠦ ᠦᠶ᠎ᠡ ᠳᠤ | ᠴᠠᠭ ᠲᠤᠬᠠᠢ ᠳᠤᠨᠢ ᠰᠡᠷᠭᠡᠶᠢᠯᠡᠬᠦ᠂ ᠬᠢᠵᠠᠭᠠᠷᠯᠠᠬᠤ ᠠᠷᠭ᠎ᠠ ᠬᠡᠮᠵᠢᠶ᠎ᠡ ᠦᠯᠦ ᠠᠪᠤᠭᠰᠠᠨ︔ | ︵ᠭᠤᠷᠪᠠ︶ ᠬᠢᠨᠠᠵᠤ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ | ᠬᠦᠢᠴᠡᠳᠭᠡᠭᠰᠡᠨ᠂ ᠡᠰᠡᠬᠦᠯ᠎ᠡ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠤᠯᠵᠤ ᠮᠡᠳᠡᠭᠡᠳ ᠴᠠᠭ | ᠲᠤᠬᠠᠢ ᠳᠤᠨᠢ ᠡᠰᠡ ᠪᠠᠶᠢᠴᠠᠭᠠᠨ ᠰᠢᠳᠭᠡᠭᠰᠡᠨ︔ | ︵ᠳᠥᠷᠪᠡ︶ ᠲᠤᠤᠷᠠᠳᠤ ᠱᠠᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ | ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠭᠡᠢ ᠪᠠᠶᠢᠬᠤ ᠶᠢ | ᠢᠯᠡᠴᠢᠯᠡᠨ ᠮᠡᠳᠡᠬᠦᠯᠦᠭᠰᠡᠨ ᠨᠢᠬᠡᠴᠢ ᠪᠠ ᠬᠤᠪᠢ ᠬᠦᠮᠦᠨ ᠤ ᠮᠡᠳᠡᠬᠦᠯᠦᠯᠳᠡ ᠶᠢ ᠴᠠᠭ ᠲᠤᠬᠠᠢ ᠳᠤᠨᠢ ᠡᠰᠡ | ᠪᠠᠶᠢᠴᠠᠭᠠᠨ ᠰᠢᠢᠳᠪᠤᠷᠢᠯᠡᠭᠰᠡᠨ︔ | ︵ᠲᠠᠪᠤ︶ ᠲᠤᠰ ᠬᠠᠤᠯᠢ ᠶᠢ ᠵᠦᠷᠢᠴᠡᠭᠰᠡᠨ ᠲᠤᠰᠢᠶᠠᠯ ᠳᠠᠭᠠᠨ ᠤᠰᠤᠯᠳᠠᠵᠤ᠂ ᠲᠤᠰᠢᠶᠠᠯ ᠢᠶᠠᠨ | ᠭᠤᠳᠤᠭᠠᠭᠰᠠᠨ ᠪᠤᠰᠤᠳ ᠦᠢᠯᠡ ᠠᠵᠢᠯᠯᠠᠭ᠎ᠠ᠃ | ᠵᠢᠷᠠᠨ ᠲᠤᠯᠤᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠢ | ᠰᠡᠷᠭᠡᠶᠢᠯᠡᠨ ᠵᠠᠰᠠᠬᠤ ᠪᠠ ᠰᠡᠷᠭᠡᠶᠢᠯᠡᠨ ᠵᠠᠰᠠᠬᠤ ᠶᠢ ᠪᠠᠳᠤᠯᠠᠬᠤ ᠲᠤᠰᠢᠶᠠᠯ ᠬᠠᠷᠢᠭᠤᠴᠠᠯᠭ᠎ᠠ ᠪᠠᠨ ᠦᠯᠦ | ᠬᠦᠢᠴᠡᠳᠭᠡᠭᠰᠡᠨ ᠪᠠᠶᠢᠪᠠᠯ᠂ ᠲᠤᠰ ᠱᠠᠳᠤᠨ ᠤ ᠠᠷᠠᠳ ᠤᠨ ᠵᠠᠰᠠᠭ ᠤᠨ ᠤᠷᠳᠤᠨ ᠪᠤᠶᠤ ᠲᠡᠭᠡᠳᠦ ᠱᠠᠳᠤᠨ ᠤ | ᠠᠷᠠᠳ ᠤᠨ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠭᠤᠯᠵᠤ᠂ | ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ | ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ | ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠵᠢᠷᠠᠨ ᠨᠠᠢᠮᠠᠳᠤᠭᠠᠷ ᠵᠦᠢᠯ ᠡᠪᠡᠳᠴᠢᠨ ᠡᠮᠬᠡᠭ ᠢ ᠤᠷᠢᠳᠴᠢᠯᠠᠨ ᠰᠡᠷᠭᠡᠶᠢᠯᠡᠵᠤ ᠬᠢᠵᠠᠭᠠᠷᠯᠠᠬᠤ ᠪᠠᠶᠢᠭᠤᠯᠤᠮᠵᠢ | ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ | ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠵᠠᠷᠯᠠᠨ | ᠰᠢᠬᠦᠮᠵᠢᠯᠡᠵᠦ᠂ ᠳᠣᠩᠭᠤᠳᠤᠨ᠎ᠠ︔ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ | ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ | ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ | ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠠᠯᠳᠠᠪᠤᠷᠢᠳᠤ ᠡᠪᠡᠳᠴᠢᠨ ᠢ ᠬᠢᠨᠠᠵᠤ ᠬᠡᠮᠵᠢᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ | ᠬᠦᠢᠴᠡᠳᠭᠡᠭᠰᠡᠨ ᠦᠭᠡᠢ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠮᠡᠳᠡᠬᠦᠯᠬᠦ᠂ ᠮᠡᠳᠡᠭᠳᠡᠬᠦ ᠲᠤᠰᠢᠶᠠᠯ | ᠬᠠᠷᠢᠭᠤᠴᠠᠯᠭ᠎ᠠ ᠪᠠᠨ ᠬᠠᠤᠯᠢ ᠶᠤᠰᠤᠭᠠᠷ ᠦᠯᠦ ᠬᠦᠢᠴᠡᠳᠭᠡᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ | ᠮᠡᠳᠡᠬᠦᠯᠦᠭᠰᠡᠨ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠬᠢ ᠶᠢ | ᠰᠠᠨᠠᠭᠠᠴᠢᠯᠠᠭ᠎ᠠ ᠲᠠᠢ ᠪᠠᠷ ᠴᠤᠭᠯᠠᠭᠤᠯᠤᠭᠰᠠᠨ ᠦᠭᠡᠢ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠤᠨ ᠮᠡᠳᠡᠭᠡ ᠵᠠᠩᠬᠢ ᠪᠠ ᠬᠢᠵᠢᠭ ᠤᠨ ᠪᠠᠶᠢᠳᠠᠯ ᠤᠨ ᠮᠡᠳᠡᠬᠦᠯᠦᠯᠳᠡ ᠶᠢ ᠴᠠᠭ ᠲᠤᠬᠠᠢ ᠳᠤᠨᠢ ᠵᠠᠳᠠᠯᠤᠨ | ᠰᠢᠨᠵᠢᠯᠡᠵᠤ᠂ ᠪᠠᠶᠢᠴᠠᠭᠠᠨ ᠰᠤᠳᠤᠯᠵᠤ᠂ ᠬᠢᠨᠠᠨ ᠮᠠᠭᠠᠳᠯᠠᠬᠰᠠᠨ ᠦᠭᠡᠢ︔ | ︵ᠲᠦᠷᠪᠡ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ | ᠲᠤᠰᠢᠶᠠᠯ ᠬᠠᠷᠢᠭᠤᠴᠠᠯᠭ᠎ᠠ ᠶᠤᠰᠤᠭᠠᠷ ᠲᠤᠰ ᠬᠠᠤᠯᠢ ᠳᠤ ᠲᠤᠭᠳᠠᠭᠠᠭᠰᠠᠨ ᠠᠷᠭ᠎ᠠ ᠬᠡᠮᠵᠢᠶ᠎ᠡ ᠶᠢ ᠠᠪᠤᠭᠰᠠᠨ ᠦᠭᠡᠢ︔ | ︵ᠲᠠᠪᠤ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ | ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ | ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠵᠢᠷᠠ ᠶᠢᠰᠦᠳᠦᠭᠡᠷ ᠵᠦᠢᠯ ᠡᠮᠴᠢᠯᠡᠭᠡᠨ ᠤ ᠪᠠᠶᠢᠭᠤᠯᠤᠮᠵᠢ ᠲᠤᠰ ᠬᠠᠤᠯᠢ ᠶᠢᠨ ᠲᠤᠭᠳᠠᠭᠠᠯ ᠢ ᠵᠦᠷᠢᠴᠡᠵᠦ᠂ | ᠲᠤᠤᠷ᠎ᠠ ᠵᠢᠭᠰᠠᠭᠠᠭᠰᠠᠨ ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠭᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠬᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ | ᠰᠢᠳᠭᠡᠯ ᠦᠭᠬᠦ ᠶᠢᠨ ᠬᠠᠮᠳᠤ ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ | ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ | ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠬᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ ᠬᠢᠵᠠᠭᠠᠷᠯᠠᠬᠤ ᠠᠵᠢᠯ᠂ | ᠡᠮᠨᠡᠯᠬᠡ ᠶᠢᠨ ᠬᠤᠷᠢᠶᠠᠨ ᠤ ᠬᠠᠯᠳᠠᠪᠤᠷᠢᠯᠠᠯ ᠢ ᠬᠢᠵᠠᠭᠠᠷᠯᠠᠬᠤ ᠡᠬᠦᠷᠭᠡ ᠪᠠ ᠬᠠᠷᠢᠭᠤᠴᠠᠯᠭᠠᠳᠤ ᠤᠷᠤᠨ ᠤ ᠪᠠᠨ | ᠲᠤᠳᠤᠷᠠᠬᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ ᠠᠵᠢᠯ ᠢ ᠲᠤᠭᠳᠠᠭᠠᠯ ᠶᠤᠰᠤᠭᠠᠷ ᠦᠯᠦ ᠡᠭᠦᠷᠭᠡᠯᠡᠭᠰᠡᠨ︔ | ︵ᠬᠤᠶᠠᠷ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ | ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ | ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ︔ | ︵ᠭᠤᠷᠪᠠ︶ ᠬᠠᠯᠳᠠᠪᠤᠷᠢᠳᠤ ᠡᠪᠡᠳᠴᠢᠨ ᠤ ᠬᠢᠵᠢᠭ ᠤᠨ ᠪᠠᠶᠢᠳᠠᠯ ᠢ ᠤᠯᠵᠤ ᠮᠡᠳᠡᠭᠰᠡᠨ ᠦᠶ᠎ᠡ ᠳᠤ᠂ | ᠬᠠᠯᠳᠠᠪᠤᠷᠢᠳᠤ ᠡᠪᠡᠳᠴᠢᠳᠡᠨ᠂ ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ ᠳᠤ ᠡᠮᠴᠢᠯᠡᠵᠤ ᠠᠪᠤᠷᠠᠬᠤ᠂ | ᠲᠤᠬᠠᠢ ᠶᠢᠨ ᠲᠠᠯᠠᠪᠤᠷ ᠲᠤᠨᠢ ᠠᠪᠤᠷᠠᠵᠤ ᠲᠤᠰᠠᠯᠠᠬᠤ᠂ ᠤᠨᠤᠰᠢᠯᠠᠬᠤ᠂ ᠰᠢᠯᠵᠢᠬᠦᠯᠦᠨ ᠤᠨᠤᠰᠢᠯᠠᠬᠤ | ᠦᠢᠯᠡᠴᠢᠯᠡᠭᠡ ᠶᠢ ᠲᠤᠭᠳᠠᠭᠠᠯ ᠶᠤᠰᠤᠭᠠᠷ ᠦᠯᠦ ᠬᠠᠨᠭ᠍ᠭᠠᠭᠰᠠᠨ᠂ ᠡᠰᠡᠬᠦᠯ᠎ᠡ ᠰᠢᠯᠵᠢᠬᠦᠯᠦᠨ ᠤᠨᠤᠰᠢᠯᠠᠬᠤ ᠶᠢ | ᠬᠦᠯᠢᠶᠡᠵᠦ ᠠᠪᠬᠤ ᠶᠢ ᠲᠡᠪᠴᠢᠭᠰᠡᠨ︔ | ︵ᠳᠥᠷᠪᠡ︶ ᠲᠤᠰ ᠨᠢᠭᠡᠴᠢ ᠶᠢᠨ ᠢᠶᠠᠨ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠲᠠᠯᠠᠪᠤᠷ ᠭᠠᠵᠠᠷ᠂ ᠡᠳ᠋ ᠪᠤᠳᠠᠰ ᠵᠢᠴᠢ ᠡᠮᠴᠢᠯᠡᠬᠡᠨ ᠤ ᠬᠠᠶᠠᠭᠳᠠᠮᠠᠯ ᠡᠳ᠋ ᠢ ᠲᠤᠭᠳᠠᠭᠠᠯ ᠶᠤᠰᠤᠭᠠᠷ | ᠦᠯᠦ ᠠᠷᠢᠭᠤᠳᠬᠠᠭᠰᠠᠨ ᠪᠤᠶᠤ ᠬᠤᠤᠷ ᠦᠭᠡᠶᠢᠵᠢᠬᠦᠯᠦᠨ ᠰᠢᠢᠳᠪᠤᠷᠢᠯᠡᠭᠰᠡᠨ ᠦᠭᠡᠢ︔ | ︵ᠲᠠᠪᠤ︶ ᠡᠮᠴᠢᠯᠡᠬᠡᠨ ᠤ ᠪᠠᠭᠠᠵᠢ ᠬᠡᠷᠡᠭᠯᠡᠬᠦᠷ ᠢ ᠲᠤᠭᠳᠠᠭᠠᠯ ᠶᠤᠰᠤᠭᠠᠷ ᠦᠯᠦ ᠠᠷᠢᠭᠤᠳᠬᠠᠭᠰᠠᠨ᠂ | ᠡᠰᠡᠬᠦᠯ᠎ᠡ ᠲᠤᠭᠳᠠᠭᠠᠯ ᠶᠤᠰᠤᠭᠠᠷ ᠨᠢᠭᠡ ᠯᠠ ᠤᠳᠠᠭ᠎ᠠ ᠬᠡᠷᠡᠭᠯᠡᠬᠦ ᠡᠮᠴᠢᠯᠡᠭᠡᠨ ᠤ ᠪᠠᠭᠠᠵᠢ ᠬᠡᠷᠡᠭᠰᠡᠯ ᠢ ᠦᠭᠡᠶᠢᠬᠢᠭᠰᠡᠨ | ᠦᠭᠡᠢ ᠪᠠᠷ ᠲᠠᠬᠢᠨ ᠬᠡᠷᠡᠭᠯᠡᠭᠰᠡᠨ︔ | ︵ᠵᠢᠷᠭᠤᠭ᠎ᠠ︶ ᠡᠮᠨᠡᠵᠤ ᠠᠪᠤᠷᠠᠬᠤ ᠶᠠᠪᠤᠴᠠ ᠳᠠᠭᠠᠨ ᠠᠨᠠᠭᠠᠬᠤ ᠤᠬᠠᠭᠠᠨ ᠤ ᠲᠡᠮᠳᠡᠭᠯᠡᠯ ᠮᠠᠲ᠋ᠧᠷᠢᠶᠠᠯ ᠢ | ᠲᠤᠭᠳᠠᠭᠠᠯ ᠶᠤᠰᠤᠭᠠᠷ ᠡᠰᠡ ᠬᠠᠳᠠᠭᠠᠯᠠᠨ ᠬᠠᠮᠢᠶᠠᠷᠤᠭᠰᠠᠨ︔ | ︵ᠲᠤᠯᠤᠭ᠎ᠠ︶ ᠬᠠᠯᠳᠠᠪᠤᠷᠢᠳᠤ ᠡᠪᠡᠳᠴᠢᠳᠡᠨ᠂ ᠡᠪᠡᠳᠴᠢᠨ ᠡᠬᠦᠰᠭᠡᠭᠴᠢ ᠶᠢ ᠠᠪᠴᠤ ᠶᠠᠪᠤᠭᠰᠠᠳ᠂ | ᠬᠠᠯᠳᠠᠪᠤᠷᠢᠳᠤ ᠡᠪᠡᠳᠴᠢᠨ ᠤ ᠰᠡᠵᠢᠭ ᠲᠠᠢ ᠡᠪᠡᠳᠴᠢᠳᠡᠨ᠂ ᠨᠢᠭᠳᠠ ᠤᠢᠢᠷᠠᠳᠤᠭᠰᠠᠳ ᠤᠨ ᠬᠤᠪᠢ ᠬᠦᠮᠦᠨ ᠤ | ᠨᠢᠭᠤᠴᠠ ᠳᠤ ᠬᠤᠯᠪᠤᠭᠳᠠᠬᠤ ᠬᠠᠮᠢᠶ᠎ᠠ ᠪᠦᠬᠦᠢ ᠮᠡᠳᠡᠭᠡ ᠵᠠᠩᠬᠢ᠂ ᠮᠠᠲ᠋ᠧᠷᠢᠶᠠᠯ ᠢ ᠵᠤᠷᠢᠭᠤᠳᠠ ᠵᠠᠳᠠᠷᠠᠭᠤᠯᠤᠭᠰᠠᠨ᠃ | ᠲᠠᠯᠠᠳᠤᠭᠠᠷ ᠵᠦᠢᠯ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠲᠤᠭᠳᠠᠭᠠᠯ ᠶᠤᠰᠤᠭᠠᠷ ᠦᠯᠦ ᠮᠡᠳᠡᠬᠦᠯᠦᠭᠰᠡᠨ᠂ ᠡᠰᠡᠬᠦᠯ᠎ᠡ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠨᠢᠭᠤᠵᠤ ᠲᠠᠷᠤᠭᠰᠠᠨ᠂ ᠬᠤᠳᠠᠯ ᠢᠶᠠᠷ ᠮᠡᠳᠡᠬᠦᠯᠦᠭᠰᠡᠨ᠂ ᠤᠳᠠᠭᠠᠰᠢᠷᠠᠭᠤᠯᠤᠨ ᠮᠡᠳᠡᠬᠦᠯᠦᠭᠰᠡᠨ᠂ | ᠡᠰᠡᠬᠦᠯ᠎ᠡ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠬᠡᠷᠡᠭᠵᠢᠬᠦᠯᠦᠭᠰᠡᠨ ᠦᠭᠡᠢ ᠠᠴᠠ ᠪᠤᠯᠵᠤ ᠶᠡᠬᠦᠯᠡᠭᠰᠡᠨ | ᠴᠢᠰᠦ ᠨᠢ ᠴᠢᠰᠤ ᠪᠠᠷ ᠳᠠᠮᠵᠢᠬᠤ ᠡᠪᠡᠳᠴᠢᠨ ᠢ ᠡᠬᠦᠰᠭᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ | ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ | ᠰᠢᠳᠭᠡᠯ ᠦᠭᠬᠦ ᠶᠢᠨ ᠬᠠᠮᠳᠤ ᠴᠢᠰᠤ ᠠᠪᠬᠤ ᠴᠢᠰᠤ ᠬᠠᠨᠭ᠍ᠭᠠᠬᠤ ᠪᠠᠶᠢᠭᠤᠯᠤᠮᠵᠢ ᠶᠢᠨ ᠠᠵᠢᠯ ᠡᠷᠬᠢᠯᠡᠬᠦ | ᠵᠥᠪᠰᠢᠶᠡᠷᠡᠯ ᠤᠨ ᠦᠨᠡᠮᠯᠡᠯ ᠢ ᠨᠢ ᠬᠠᠤᠯᠢ ᠶᠤᠰᠤᠭᠠᠷ ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ | ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠬᠠᠤᠯᠢ ᠪᠤᠰᠤ ᠪᠠᠷ ᠴᠢᠰᠤ ᠠᠪᠴᠤ ᠴᠤᠭᠯᠠᠭᠤᠯᠤᠭᠰᠠᠨ ᠪᠤᠶᠤ ᠪᠤᠰᠤᠳ ᠢ ᠵᠤᠬᠢᠶᠠᠨ ᠪᠠᠶᠢᠭᠤᠯᠵᠤ ᠴᠢᠰᠤ | ᠬᠤᠳᠠᠯᠳᠤᠭᠤᠯᠤᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ | ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠴᠠᠭᠠᠵᠠᠯᠠᠵᠤ᠂ ᠬᠠᠤᠯᠢ ᠶᠢ ᠵᠥᠷᠢᠴᠡᠵᠦ ᠣᠯᠤᠭᠰᠠᠨ | ᠤᠯᠵᠠ ᠠᠰᠢᠭ ᠢ ᠨᠢ ᠬᠤᠷᠢᠶᠠᠨ ᠠᠪᠴᠤ᠂ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ | ᠲᠤᠷᠭᠠᠬᠤ ᠪᠠᠷ ᠨᠠᠶᠢᠯᠡᠬᠦᠯᠦᠨ ᠰᠢᠳᠬᠡᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ | ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠠᠯᠠᠨ ᠨᠢᠭᠡᠳᠦᠭᠡᠷ ᠵᠦᠢᠯ ᠤᠯᠤᠰ ᠤᠨ ᠬᠢᠯᠢ ᠶᠢᠨ ᠡᠷᠡᠬᠦᠯ ᠬᠠᠮᠠᠭᠠᠯᠠᠯ ᠤᠨ ᠬᠢᠵᠢᠭ ᠢ ᠪᠠᠶᠢᠴᠠᠭᠠᠬᠤ | ᠪᠠᠶᠢᠭᠤᠯᠭ᠎ᠠ᠂ ᠠᠮᠢᠳᠠᠨ ᠤ ᠬᠢᠵᠢᠭ ᠢ ᠰᠡᠷᠭᠡᠶᠢᠯᠡᠬᠦ ᠪᠠᠶᠢᠭᠤᠯᠤᠮᠵᠢ ᠬᠠᠯᠳᠠᠪᠤᠷᠢᠳᠤ ᠡᠪᠡᠳᠴᠢᠨ ᠤ ᠬᠢᠵᠢᠭ ᠤᠨ | ᠪᠠᠶᠢᠳᠠᠯ ᠢ ᠮᠡᠳᠡᠭᠳᠡᠬᠦ ᠲᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠬᠦᠢᠴᠡᠳᠭᠡᠭᠰᠡᠨ ᠦᠭᠡᠢ ᠪᠠᠶᠢᠪᠠᠯ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ | ᠲᠤᠳᠤᠷ᠎ᠠ ᠪᠠᠨ ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠨ᠎ᠡ︔ ᠬᠠᠯᠳᠠᠪᠤᠷᠢᠳᠤ ᠡᠪᠡᠳᠴᠢᠨ ᠲᠠᠷᠬᠠᠬᠤ᠂ | ᠲᠡᠯᠭᠡᠷᠡᠬᠦ ᠳᠤ ᠬᠦᠷᠥᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ | ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ | ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ | ᠰᠢᠳᠭᠡᠯ ᠦᠭᠬᠦᠨ᠎ᠡ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠡ᠃ | ᠲᠠᠯᠠᠨ ᠬᠤᠶᠠᠳᠤᠭᠠᠷ ᠵᠦᠢᠯ ᠲᠡᠮᠦᠷ ᠵᠠᠮ᠂ ᠵᠠᠮ ᠬᠠᠷᠢᠯᠴᠠᠭ᠎ᠠ᠂ ᠠᠷᠠᠳ ᠤᠨ ᠬᠡᠷᠡᠭᠴᠡᠭᠡᠨ ᠤ ᠠᠭᠠᠷ ᠤᠨ | ᠠᠶᠠᠯᠠᠯ ᠤᠨ ᠡᠵᠡᠩᠨᠡᠯᠳᠡ ᠶᠢᠨ ᠨᠢᠭᠡᠴᠢ ᠲᠤᠰ ᠬᠠᠤᠯᠢ ᠶᠢᠨ ᠲᠤᠭᠳᠠᠭᠠᠯ ᠶᠤᠰᠤᠭᠠᠷ ᠬᠠᠯᠳᠠᠪᠤᠷᠢᠳᠤ ᠡᠪᠡᠳᠴᠢᠨ ᠤ | ᠬᠢᠵᠢᠭ ᠤᠨ ᠪᠠᠶᠢᠳᠠᠯ ᠢ ᠰᠢᠢᠳᠪᠤᠷᠢᠯᠡᠬᠦ ᠠᠵᠢᠯᠳᠠᠨ ᠵᠢᠴᠢ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠡᠮ ᠤᠨ | ᠵᠦᠢᠯ ᠪᠠ ᠡᠮᠴᠢᠯᠡᠭᠡᠨ ᠤ ᠪᠠᠭᠠᠵᠢ ᠭᠡᠷᠡᠭᠯᠡᠬᠦᠷ ᠢ ᠡ᠊ᠩ ᠲᠡᠷᠢᠬᠦᠨ ᠳᠤ ᠵᠥᠭᠡᠭᠡᠪᠦᠷᠢᠯᠡᠭᠰᠡᠨ ᠦᠭᠡᠢ ᠪᠠᠶᠢᠪᠠᠯ᠂ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ | ᠳᠣᠩᠭᠤᠳᠤᠨ᠎ᠠ︔ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ ᠬᠠᠮᠢᠶᠠᠷᠬᠤ | ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ ᠪᠠᠭᠤᠷᠠᠭᠤᠯᠬᠤ᠂ | ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦᠨ᠎ᠡ᠃ | ᠲᠠᠯᠠᠨ ᠭᠤᠷᠪᠠᠳᠤᠭᠠᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠶᠢ ᠭᠠᠷᠭᠠᠭᠠᠳ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ ᠬᠦᠷᠦᠭᠦᠯᠥᠭᠰᠡᠨ ᠪᠤᠶᠤ | ᠬᠦᠷᠥᠭᠦᠯᠬᠦ ᠪᠤᠯᠤᠯᠴᠠᠭ᠎ᠠ ᠲᠠᠢ ᠪᠤᠯᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠬᠤᠭᠤᠴᠠᠭ᠎ᠠ | ᠲᠤᠭᠳᠠᠭᠠᠨ ᠵᠠᠯᠠᠷᠠᠭᠤᠯᠤᠭᠤᠯᠵᠤ᠂ ᠬᠠᠤᠯᠢ ᠶᠢ ᠵᠥᠷᠢᠴᠡᠵᠦ ᠣᠯᠤᠭᠰᠠᠨ ᠤᠯᠵᠠ ᠠᠰᠢᠭ ᠢ ᠨᠢ ᠬᠤᠷᠢᠶᠠᠨ ᠠᠪᠴᠤ᠂ | ᠲᠠᠪᠤᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠨᠠᠶᠢᠯᠡᠬᠦᠯᠦᠨ ᠰᠢᠳᠭᠡᠵᠦ ᠪᠤᠯᠤᠨ᠎ᠠ︔ | ᠨᠢᠭᠡᠨᠳᠡ ᠵᠦᠪᠰᠢᠶᠡᠷᠡᠯ ᠤᠨ ᠦᠨᠡᠮᠯᠡᠯ ᠠᠪᠤᠭᠰᠠᠨ ᠪᠠᠶᠢᠪᠠᠯ᠂ ᠦᠨᠡᠮᠯᠡᠯ ᠤᠯᠭᠤᠭᠰᠠᠨ ᠤᠤᠯ ᠤᠨ ᠰᠠᠯᠠᠭ᠎ᠠ ᠮᠦᠴᠢᠷ | ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ ᠬᠤᠷᠢᠶᠠᠨ ᠠᠪᠴᠤ ᠬᠦᠴᠦᠨ | ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠤᠤᠭᠤᠬᠤ ᠤᠰᠤ ᠬᠠᠨᠭ᠍ᠭᠠᠬᠤ ᠨᠢᠭᠡᠴᠢ ᠶᠢᠨ ᠬᠠᠨᠭ᠍ᠭᠠᠭᠰᠠᠨ ᠤᠤᠭᠤᠬᠤ ᠤᠰᠤ ᠨᠢ ᠤᠯᠤᠰ ᠤᠨ | ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠤᠯᠤᠨ ᠡᠷᠡᠭᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠬᠤᠶᠠᠷ︶ ᠤᠤᠭᠤᠬᠤ ᠤᠰᠤᠨ ᠤ ᠠᠷᠢᠭᠤᠨ ᠴᠡᠪᠡᠷ ᠠᠶᠤᠯᠬᠦᠢ ᠳᠤ ᠬᠤᠯᠪᠤᠭᠳᠠᠬᠤ ᠦᠢᠯᠡᠳᠬᠦᠨ ᠨᠢ | ᠤᠯᠤᠰ ᠤᠨ ᠡᠷᠡᠭᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ ᠨᠠᠶᠢᠴᠡᠬᠦ︔ | ︵ᠭᠤᠷᠪᠠ︶ ᠬᠠᠯᠳᠠᠪᠤᠷᠢᠳᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠡᠷᠡᠭᠯᠡᠬᠦ ᠠᠷᠢᠭᠤᠳᠬᠠᠯ ᠤᠨ | ᠦᠢᠯᠡᠳᠬᠦᠨ ᠨᠢ ᠤᠯᠤᠰ ᠤᠨ ᠡᠷᠡᠬᠦᠯ ᠬᠠᠮᠠᠭᠠᠯᠠᠯ ᠤᠨ ᠪᠠᠷᠢᠮᠵᠢᠶ᠎ᠠ ᠪᠠ ᠡᠷᠡᠬᠦᠯ ᠬᠠᠮᠠᠭᠠᠯᠠᠯ ᠤᠨ ᠵᠢᠷᠤᠮᠵᠢᠯ ᠳᠤ ᠦᠯᠦ | ᠨᠠᠶᠢᠴᠡᠬᠦ︔ | ︵ᠲᠦᠷᠪᠡ︶ ᠬᠢᠵᠢᠭᠳᠦ ᠤᠷᠤᠨ ᠳᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ | ᠪᠤᠬᠢᠷᠳᠤᠭᠳᠠᠭᠰᠠᠨ ᠪᠤᠶᠤ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ ᠳᠤ ᠪᠤᠬᠢᠷᠳᠤᠭᠳᠠᠭᠰᠠᠨ | ᠪᠤᠯᠤᠯᠴᠠᠭ᠎ᠠ ᠲᠠᠢ ᠡᠳ᠋ ᠪᠤᠳᠠᠰ ᠢ ᠠᠷᠢᠭᠤᠳᠬᠠᠵᠤ ᠰᠢᠢᠳᠪᠤᠷᠢᠯᠡᠭᠰᠡᠨ ᠦᠭᠡᠢ ᠪᠠᠷ ᠬᠤᠳᠠᠯᠳᠤᠭᠰᠠᠨ᠂ | ᠲᠡᠭᠡᠭᠡᠪᠦᠷᠢᠯᠡᠭᠰᠡᠨ︔ | ︵ᠲᠠᠪᠤ︶ ᠠᠮᠢᠳᠤ ᠪᠤᠳᠠᠰ ᠤᠨ ᠪᠦᠲᠦᠭᠡᠭᠳᠡᠭᠦᠨ ᠦᠢᠯᠡᠳᠪᠦᠷᠢᠯᠡᠬᠦ ᠨᠢᠭᠡᠴᠢ ᠶᠢᠨ ᠦᠢᠯᠡᠳᠪᠦᠷᠢᠯᠡᠭᠰᠡᠨ | ᠴᠢᠰᠤᠨ ᠤ ᠪᠦᠳᠦᠭᠡᠭᠳᠡᠬᠦᠨ ᠨᠢ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠦᠯᠦ ᠨᠠᠶᠢᠴᠡᠬᠦ᠃ | ᠲᠠᠯᠠᠨ ᠲᠦᠷᠪᠡᠳᠦᠭᠡᠷ ᠵᠦᠢᠯ ᠲᠤᠰ ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ | ᠪᠠᠶᠢᠳᠠᠯ ᠤᠨ ᠨᠢᠭᠡ ᠶᠢ ᠭᠠᠷᠭᠠᠭᠰᠠᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ ᠨᠤᠳᠤᠭ ᠤᠨ | ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ | ᠵᠠᠷᠯᠢᠭᠳᠠᠨ ᠵᠠᠯᠠᠷᠠᠭᠤᠯᠤᠭᠤᠯᠵᠤ᠂ ᠵᠠᠷᠯᠠᠨ ᠰᠢᠬᠦᠮᠵᠢᠯᠡᠵᠦ᠂ ᠳᠣᠩᠭᠤᠳᠤᠨ᠎ᠠ᠂ ᠨᠢᠭᠡᠨᠳᠡ ᠵᠦᠪᠰᠢᠶᠡᠷᠡᠯ ᠤᠨ ᠦᠨᠡᠮᠯᠡᠯ | ᠠᠪᠤᠭᠰᠠᠨ ᠪᠠᠶᠢᠪᠠᠯ᠂ ᠬᠠᠤᠯᠢ ᠶᠤᠰᠤᠭᠠᠷ ᠵᠦᠪᠰᠢᠶᠡᠷᠡᠯ ᠤᠨ ᠦᠨᠡᠮᠯᠡᠯ ᠢ ᠨᠢ ᠲᠦᠷ ᠲᠠᠷᠤᠵᠤ ᠠᠪᠬᠤ ᠪᠤᠶᠤ | ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠬᠠᠯᠳᠠᠪᠤᠷᠢᠳᠤ ᠡᠪᠡᠳᠴᠢᠨ ᠲᠠᠷᠬᠠᠬᠤ᠂ ᠲᠡᠯᠭᠡᠷᠡᠬᠦ ᠳᠤ | ᠬᠦᠷᠦᠭᠦᠯᠥᠭᠰᠡᠨ ᠪᠤᠶᠤ ᠪᠤᠰᠤᠳ ᠬᠦᠨᠳᠦ ᠨᠤᠴᠢᠳᠠᠢ ᠤᠷᠰᠢᠭ ᠲᠠᠳᠠᠭᠰᠠᠨ ᠪᠠᠶᠢᠪᠠᠯ᠂ ᠬᠠᠷᠢᠭᠤᠴᠠᠯᠭ᠎ᠠ ᠲᠠᠢ ᠡᠷᠬᠢᠯᠡᠨ | ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠨ ᠳᠤ ᠬᠠᠤᠯᠢ ᠶᠤᠰᠤᠭᠠᠷ ᠲᠡᠰ ᠢ ᠨᠢ | ᠪᠠᠭᠤᠷᠠᠭᠤᠯᠬᠤ᠂ ᠲᠤᠰᠢᠶᠠᠯ ᠠᠴᠠ ᠨᠢ ᠤᠭᠴᠠᠷᠠᠭᠤᠯᠬᠤ᠂ ᠠᠵᠢᠯ ᠠᠴᠠ ᠨᠢ ᠬᠦᠭᠡᠭᠡᠬᠦ ᠰᠢᠳᠭᠡᠯ ᠦᠭᠬᠦ ᠶᠢᠨ ᠬᠠᠮᠳᠤ | ᠬᠤᠯᠪᠤᠭᠳᠠᠯ ᠪᠦᠬᠦᠢ ᠬᠠᠷᠢᠭᠤᠴᠠᠯᠭ᠎ᠠ ᠲᠠᠢ ᠬᠦᠮᠦᠨ ᠤ ᠠᠵᠢᠯ ᠡᠷᠬᠢᠯᠡᠬᠦ ᠦᠨᠡᠮᠯᠡᠯ ᠢ ᠨᠢ ᠬᠠᠤᠯᠢ ᠶᠤᠰᠤᠭᠠᠷ | ᠬᠤᠷᠢᠶᠠᠨ ᠠᠪᠴᠤ ᠬᠦᠴᠦᠨ ᠦᠭᠡᠢ ᠪᠤᠯᠭᠠᠵᠤ ᠪᠤᠯᠤᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ | ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ | ᠪᠠ ᠡᠪᠡᠳᠴᠢᠨ ᠡᠬᠦᠰᠬᠡᠬᠦ ᠮᠢᠺᠷᠤᠪ ᠤᠨ ᠲᠤᠷᠰᠢᠯᠳᠠ ᠬᠢᠳᠡᠭ ᠨᠢᠭᠡᠴᠢ ᠨᠢ ᠤᠯᠤᠰ ᠠᠴᠠ ᠲᠤᠭᠳᠠᠭᠠᠭᠰᠠᠨ ᠨᠦᠬᠦᠴᠡᠯ | ᠪᠠ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠬᠦ ᠦᠭᠡᠢ᠂ ᠬᠠᠯᠳᠠᠪᠤᠷᠢᠳᠤ ᠡᠪᠡᠳᠴᠢᠨ ᠤ ᠡᠪᠡᠳᠴᠢᠨ ᠡᠬᠦᠰᠭᠡᠭᠴᠢ | ᠦᠯᠢᠭᠡᠷ ᠡᠳ᠋ ᠢ ᠲᠤᠭᠳᠠᠭᠠᠯ ᠶᠤᠰᠤᠭᠠᠷ ᠴᠢᠩᠭ᠎ᠠ ᠬᠠᠮᠢᠶᠠᠷᠤᠭᠰᠠᠨ ᠦᠭᠡᠢ ᠠᠴᠠ ᠪᠤᠯᠵᠤ ᠲᠤᠷᠰᠢᠯᠳᠠ ᠶᠢᠨ | ᠲᠠᠰᠤᠭ ᠤᠨ ᠬᠠᠯᠳᠠᠪᠤᠷᠢᠯᠠᠯ ᠢ ᠡᠭᠦᠰᠬᠡᠭᠰᠡᠨ ᠪᠠ ᠡᠪᠡᠳᠴᠢᠨ ᠡᠬᠦᠰᠬᠡᠬᠦ ᠮᠢᠺᠷᠤᠪ ᠢ ᠲᠠᠷᠬᠠᠭᠠᠭᠰᠠᠨ︔ | ︵ᠬᠤᠶᠠᠷ︶ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠵᠦᠷᠢᠴᠡᠵᠤ᠂ ᠬᠠᠯᠳᠠᠪᠤᠷᠢᠳᠤ ᠡᠪᠡᠳᠴᠢᠨ ᠤ | ᠪᠠᠺᠲ᠋ᠧᠷᠢ ᠶᠢᠨ ᠦᠷ᠎ᠡ᠂ ᠬᠤᠤᠷ ᠤᠨ ᠦᠷ᠎ᠡ ᠪᠠ ᠬᠠᠯᠳᠠᠪᠤᠷᠢᠳᠤ ᠡᠪᠡᠳᠴᠢᠨ ᠢ ᠪᠠᠶᠢᠴᠠᠭᠠᠨ ᠬᠡᠮᠵᠢᠬᠦ ᠦᠯᠢᠭᠡᠷ ᠡᠳ᠋ ᠢ | ᠴᠤᠭᠯᠠᠭᠤᠯᠵᠤ᠂ ᠬᠠᠳᠠᠭᠠᠯᠠᠵᠤ᠂ ᠠᠪᠴᠤ ᠶᠠᠪᠤᠵᠤ᠂ ᠲᠡᠭᠡᠭᠡᠪᠦᠷᠢᠯᠡᠭᠰᠡᠨ ᠪᠠ ᠬᠡᠷᠡᠭᠯᠡᠭᠰᠡᠨ︔ | ︵ᠭᠤᠷᠪᠠ︶ ᠡᠪᠡᠳᠴᠢᠨ ᠡᠮᠬᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ᠂ ᠡᠮᠴᠢᠯᠡᠭᠡᠨ ᠤ | ᠪᠠᠶᠢᠭᠤᠯᠤᠮᠵᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠢ ᠦᠯᠦ ᠬᠡᠷᠡᠭᠵᠢᠬᠦᠯᠵᠦ᠂ ᠴᠢᠰᠤ ᠶᠡᠬᠦᠯᠡᠬᠦ᠂ | ᠴᠢᠰᠤᠨ ᠤ ᠪᠦᠳᠦᠭᠡᠭᠳᠡᠬᠦᠨ ᠢ ᠬᠡᠷᠡᠭᠯᠡᠭᠰᠡᠨ ᠠᠴᠠ ᠪᠤᠯᠵᠤ ᠴᠢᠰᠤ ᠪᠠᠷ ᠳᠠᠮᠵᠢᠬᠤ ᠡᠪᠡᠳᠴᠢᠨ ᠡᠮᠬᠡᠭ ᠢ | ᠡᠬᠦᠰᠭᠡᠭᠰᠡᠨ᠃ | ᠲᠠᠯᠠᠨ ᠲᠠᠪᠤᠳᠤᠭᠠᠷ ᠵᠦᠢᠯ ᠬᠢᠵᠢᠭ ᠤᠨ ᠪᠠᠶᠢᠴᠠᠭᠠᠯᠳᠠ ᠬᠢᠭᠰᠡᠨ ᠦᠭᠡᠢ ᠪᠠᠷ ᠬᠦᠮᠦᠨ ᠮᠠᠯ ᠳᠤ ᠪᠦᠷ | ᠲᠤᠰᠳᠠᠭ ᠬᠠᠯᠳᠠᠪᠤᠷᠢᠳᠤ ᠡᠪᠡᠳᠴᠢᠨ ᠲᠠᠢ ᠬᠤᠯᠪᠤᠭᠳᠠᠯ ᠲᠠᠢ ᠬᠡᠭᠡᠷ᠎ᠡ ᠶᠢᠨ ᠠᠮᠢᠳᠠᠨ᠂ ᠭᠡᠷ ᠤᠨ ᠲᠡᠵᠢᠭᠡᠪᠦᠷᠢ | ᠭᠡᠷ ᠤᠨ ᠵᠢᠬᠦᠷᠳᠡᠨ ᠢ ᠬᠤᠳᠠᠯᠳᠤᠵᠤ᠂ ᠲᠡᠭᠡᠭᠡᠪᠦᠷᠢᠯᠡᠭᠰᠡᠨ ᠪᠠᠶᠢᠪᠠᠯ᠂ ᠰᠢᠶᠠᠨ ᠤ ᠱᠠᠳᠤᠨ ᠠᠴᠠ ᠲᠡᠭᠡᠭᠰᠢᠬᠢ ᠤᠷᠤᠨ | ᠨᠤᠳᠤᠭ ᠤᠨ ᠠᠷᠠᠳ ᠤᠨ ᠵᠠᠰᠠᠭ ᠤᠨ ᠤᠷᠳᠤᠨ ᠤ ᠮᠠᠯ ᠠᠵᠤ ᠠᠬᠤᠢ ᠮᠠᠯ ᠡᠮᠨᠡᠯᠬᠡ ᠶᠢᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠠᠴᠠ ᠬᠠᠤᠯᠢ ᠶᠢ ᠵᠦᠷᠢᠴᠡᠭᠰᠡᠨ ᠦᠢᠯᠡ ᠠᠵᠢᠯᠯᠠᠭ᠎ᠠ ᠶᠢ ᠨᠢ ᠵᠠᠷᠯᠢᠭᠳᠠᠨ ᠵᠤᠭᠰᠤᠭᠠᠬᠤ ᠶᠢᠨ | ᠬᠠᠮᠳᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠡ᠃ | ᠲᠠᠯᠠᠨ ᠵᠢᠷᠭᠤᠳᠤᠭᠠᠷ ᠵᠦᠢᠯ ᠤᠯᠤᠰ ᠠᠴᠠ ᠮᠠᠭᠠᠳᠯᠠᠨ ᠲᠣᠭᠲᠠᠭᠠᠬᠰᠠᠨ ᠪᠠᠶᠢᠭᠠᠯᠢ ᠶᠢᠨ ᠬᠢᠵᠢᠭ ᠤᠨ | ᠰᠣᠷᠪᠤᠯᠵᠢᠳᠤ ᠭᠠᠵᠠᠷ ᠲᠤ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠵᠢᠭᠤᠯᠴᠢᠯᠠᠯ᠂ ᠡᠨᠧᠷᠬᠢ ᠶᠢᠨ ᠰᠤᠷᠪᠤᠯᠵᠢ | ᠵᠡᠷᠬᠡ ᠶᠢᠨ ᠲᠤᠮᠤ ᠬᠡᠯᠪᠡᠷᠢ ᠶᠢᠨ ᠪᠦᠳᠦᠭᠡᠨ ᠪᠠᠶᠢᠭᠤᠯᠤᠯᠳᠠ ᠶᠢᠨ ᠵᠦᠢᠯᠡᠰ ᠢ ᠪᠠᠶᠢᠭᠤᠯᠬᠤ ᠳᠠᠭᠠᠨ ᠡᠷᠡᠬᠦᠯ | ᠬᠠᠮᠠᠭᠠᠯᠠᠯ ᠤᠨ ᠪᠠᠶᠢᠴᠠᠭᠠᠯᠳᠠ ᠬᠢᠭᠰᠡᠨ ᠦᠭᠡᠢ ᠪᠠᠷ ᠠᠵᠢᠯ ᠡᠬᠢᠯᠡᠬᠦᠯᠦᠭᠰᠡᠨ᠂ ᠡᠰᠡᠬᠦᠯ᠎ᠡ ᠡᠪᠡᠳᠴᠢᠨ ᠡᠮᠬᠡᠭ ᠢ | ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠠᠨᠠᠯ ᠢᠶᠠᠷ ᠬᠠᠯᠳᠠᠪᠤᠷᠢᠳᠤ ᠡᠪᠡᠳᠴᠢᠨ ᠢ ᠰᠡᠷᠭᠡᠶᠢᠯᠡᠬᠦ᠂ | ᠬᠢᠵᠠᠭᠠᠷᠯᠠᠬᠤ ᠴᠢᠬᠤᠯᠠ ᠪᠦᠬᠦᠢ ᠠᠷᠭ᠎ᠠ ᠬᠡᠮᠵᠢᠶ᠎ᠡ ᠠᠪᠤᠭᠰᠠᠨ ᠦᠭᠡᠢ ᠪᠠᠶᠢᠪᠠᠯ᠂ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠷᠡᠬᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠵᠠᠷᠯᠢᠭᠳᠠᠨ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠵᠤ᠂ ᠳᠣᠩᠭᠤᠳᠴᠤ᠂ ᠲᠡᠪᠤᠨ ᠮᠢᠩᠭᠠᠨ | ᠲᠦᠬᠦᠷᠢᠭ ᠠᠴᠠ ᠲᠡᠭᠡᠭᠰᠢ ᠭᠤᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ | ᠰᠢᠳᠬᠡᠨ᠎ᠡ︔ ᠬᠤᠭᠤᠴᠠᠭ᠎ᠠ ᠬᠡᠳᠦᠷᠡᠳᠠᠯ᠎ᠠ ᠵᠠᠯᠠᠷᠠᠭᠤᠯᠬᠤ ᠦᠭᠡᠢ ᠪᠠᠶᠢᠪᠠᠯ᠂ ᠭᠤᠷᠪᠠᠨ ᠲᠦᠮᠡᠨ ᠲᠦᠬᠦᠷᠢᠭ ᠠᠴᠠ | ᠲᠡᠭᠡᠭᠰᠢ ᠠᠷᠪᠠᠨ ᠲᠦᠮᠡᠨ ᠲᠦᠬᠦᠷᠢᠭ ᠠᠴᠠ ᠲᠤᠭᠤᠭᠰᠢ ᠵᠤᠭᠤᠰ ᠢᠶᠠᠷ ᠲᠤᠷᠭᠠᠬᠤ ᠪᠠᠷ ᠰᠢᠳᠬᠡᠬᠦ ᠶᠢᠨ ᠬᠠᠮᠳᠤ | ᠬᠤᠯᠪᠤᠭᠳᠠᠯ ᠪᠦᠬᠦᠢ ᠠᠷᠠᠳ ᠤᠨ ᠵᠠᠰᠠᠭ ᠤᠨ ᠤᠷᠳᠤᠨ ᠳᠤ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ | ᠬᠡᠪᠴᠢᠶ᠎ᠡ ᠪᠠᠨ ᠦᠨᠳᠦᠰᠦᠯᠡᠨ ᠵᠠᠷᠯᠢᠭᠳᠠᠵᠤ ᠪᠠᠶᠢᠭᠤᠯᠬᠤ ᠠᠵᠢᠯ ᠢ ᠨᠢ ᠵᠤᠭᠰᠤᠭᠠᠵᠤ᠂ ᠡᠬᠦᠳᠡ ᠶᠢ ᠨᠢ | ᠬᠠᠭᠠᠯᠭᠠᠬᠤ ᠪᠠᠷ ᠰᠠᠨᠠᠯ ᠲᠡᠪᠰᠢᠬᠦᠯᠵᠦ ᠪᠤᠯᠤᠨ᠎ᠠ᠃ | ᠲᠠᠯᠠᠨ ᠲᠤᠯᠤᠳᠤᠭᠠᠷ ᠵᠦᠢᠯ ᠨᠢᠭᠡᠴᠢ ᠪᠠ ᠬᠤᠪᠢ ᠬᠦᠮᠦᠨ ᠲᠤᠰ ᠬᠠᠤᠯᠢ ᠶᠢᠨ ᠲᠤᠭᠳᠠᠭᠠᠯ ᠢ | ᠵᠦᠷᠢᠴᠡᠭᠰᠡᠨ ᠠᠴᠠ ᠪᠤᠯᠵᠤ ᠬᠠᠯᠳᠠᠪᠤᠷᠢᠳᠤ ᠡᠪᠡᠳᠴᠢᠨ ᠲᠠᠷᠬᠠᠬᠤ᠂ ᠳᠡᠯᠭᠡᠷᠡᠬᠦ ᠳᠤ ᠬᠦᠷᠦᠭᠦᠯᠵᠦ᠂ ᠪᠤᠰᠤᠳ ᠤᠨ | ᠪᠡᠶ᠎ᠡ ᠮᠠᠬᠠᠪᠤᠳ᠂ ᠡᠳ᠋ ᠬᠦᠷᠦᠩᠬᠡ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠤᠰᠤᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ |