ᠤᠢᠢᠷ᠎ᠠ ᠶᠢᠨ ᠡᠳᠦᠷ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠲᠢᠩᠭᠢᠮ ᠤᠨ | ᠳᠠᠷᠤᠭ᠎ᠠ ᠰᠢᠶᠠᠩ ᠳ᠋ᠦᠡᠭ ᠨᠦᠬᠦᠷ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠪᠤᠬᠢᠷᠳᠤᠯ ᠢ | ᠰᠡᠷᠬᠡᠶᠢᠯᠡᠨ ᠵᠠᠰᠠᠬᠤ ᠠᠵᠢᠯ ᠢ ᠨᠢᠭᠡᠳᠤᠯᠳᠠᠢ ᠲᠦᠯᠦᠪᠵᠢᠬᠦᠯᠤᠨ ᠰᠠᠶᠢᠳᠤᠷ ᠬᠢᠵᠦ᠂ ᠡᠮᠴᠢᠯᠡᠭᠡᠨ ᠤ ᠬᠠᠶᠠᠭᠳᠠᠮᠠᠯ | ᠪᠤᠳᠠᠰ ᠤᠨ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ ᠪᠠ ᠤᠷᠴᠢᠨ ᠳᠤᠭᠤᠷᠢᠨ ᠤ ᠪᠠᠴᠢᠮ ᠪᠠᠶᠢᠳᠠᠯ ᠢ | ᠠᠷᠭᠠᠴᠠᠭᠠᠬᠤ ᠬᠢᠨᠠᠨ ᠬᠡᠮᠵᠢᠯᠳᠡ᠂ ᠠᠵᠤ ᠠᠬᠤᠢᠢᠯᠠᠯ ᠤᠨ ᠠᠵᠢᠯ ᠢᠶᠠᠨ ᠰᠡᠷᠭᠦᠭᠡᠵᠤ ᠦᠢᠯᠡᠳᠪᠦᠷᠢᠯᠡᠯ ᠢᠶᠠᠨ | ᠰᠡᠷᠬᠦᠬᠡᠬᠦ ᠶᠢ ᠳᠡᠮᠵᠢᠬᠦ ᠬᠠᠮᠢᠶ᠎ᠠ ᠪᠦᠬᠦᠢ ᠠᠰᠠᠭᠤᠯᠳᠠ ᠶᠢᠨ ᠳᠤᠬᠠᠢ ᠰᠤᠷᠪᠤᠯᠵᠢᠯᠠᠭᠴᠢ ᠶᠢᠨ ᠠᠰᠠᠭᠤᠯᠳᠠ ᠶᠢ | ᠬᠠᠷᠢᠭᠤᠯᠪᠠ᠃ | ᠰᠤᠷᠪᠤᠯᠵᠢᠯᠠᠭᠴᠢ᠄ ᠰᠢᠨ᠎ᠡ ᠳᠢᠳᠢᠮᠯᠢᠭ ᠠᠭᠤᠰᠬᠢᠨ ᠥᠷᠪᠢᠰᠤᠯ ᠤᠨ ᠬᠢᠵᠢᠭ ᠤᠨ ᠪᠠᠶᠢᠳᠠᠯ ᠡᠬᠦᠰᠦᠭᠰᠡᠨ ᠨᠢ᠂ | ᠬᠦᠮᠦᠰ ᠤᠨ ᠠᠮᠢ ᠠᠬᠤᠢ ᠤᠷᠴᠢᠨ ᠳᠤᠭᠤᠷᠢᠨ ᠳᠠᠬᠢ ᠠᠩᠬᠠᠷᠤᠯ ᠢ ᠤᠯᠠᠮ ᠠᠴᠠ ᠤᠯᠠᠮ ᠳᠡᠭᠡᠭᠰᠢᠯᠡᠬᠦᠯᠪᠡ᠃ ᠠᠮᠢ | ᠠᠬᠤᠢ ᠤᠷᠴᠢᠨ ᠳᠤᠭᠤᠷᠢᠨ ᠤ ᠰᠠᠯᠠᠭ᠎ᠠ ᠮᠥᠴᠢᠷ ᠠᠴᠠ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠤ | ᠠᠬᠤᠢ ᠨᠡᠶᠢᠭᠡᠮ ᠤᠨ ᠬᠦᠭᠵᠢᠯᠳᠡ ᠶᠢ ᠨᠢᠭᠡᠳᠤᠯᠳᠠᠢ ᠲᠦᠯᠦᠪᠵᠢᠬᠦᠯᠤᠨ ᠰᠠᠶᠢᠳᠤᠷ ᠬᠢᠵᠤ᠂ ᠬᠦᠮᠦᠰ ᠤᠨ ᠠᠮᠢ | ᠠᠬᠤᠢ ᠤᠷᠴᠢᠨ ᠳᠤᠭᠤᠷᠢᠨ ᠤ ᠳᠠᠯ᠎ᠠ ᠪᠠᠷ ᠬᠢ ᠠᠮᠤᠷ ᠲᠦᠪᠰᠢᠨ ᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠬᠦᠯᠬᠦ ᠳᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠤᠢ︖ | ᠰᠢᠶᠠᠩ ᠳ᠋ᠦᠡᠭ᠄ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠬᠦᠰᠦᠭᠰᠡᠨ ᠠᠴᠠ | ᠨᠠᠭᠠᠰᠢ᠂ ᠥᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠳᠤᠭᠤᠷᠢᠨ ᠤ ᠳᠢᠩᠬᠢᠮ ᠠᠴᠠ ᠨᠠᠮ ᠤᠨ ᠲᠦᠪ | ᠬᠤᠷᠢᠶᠠᠨ ᠤ ᠰᠢᠨ᠎ᠡ ᠳᠢᠳᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ | ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ ᠠᠬᠢᠭᠤᠯᠬᠤ | ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠬᠦᠨᠵᠡᠬᠡᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ | ᠡᠵᠡᠮᠳᠡᠬᠦ ᠶᠢ ᠬᠠᠮᠤᠭ ᠶᠡᠭᠡ ᠤᠯᠤᠰ ᠲᠦᠷᠦ ᠶᠢᠨ ᠡᠬᠦᠷᠭᠡ ᠪᠤᠯᠭᠠᠨ᠂ ᠠᠮᠢ ᠠᠬᠤᠢ ᠤᠷᠴᠢᠨ ᠳᠤᠭᠤᠷᠢᠨ ᠤ ᠶᠠᠰᠤ | ᠴᠢᠨᠠᠷ ᠢ ᠦᠷᠬᠦᠯᠵᠢᠯᠡᠨ ᠰᠠᠶᠢᠵᠢᠷᠠᠭᠤᠯᠬᠤ ᠶᠢ ᠲᠡᠷᠢᠬᠦᠨ ᠴᠢᠬᠤᠯᠠ ᠪᠠᠶᠢᠷᠢᠨ ᠳᠤ ᠳᠠᠯᠪᠢᠵᠤ᠂ ᠬᠤᠶᠠᠷ ᠳᠠᠯ᠎ᠠ ᠪᠠᠷ | ᠴᠢᠩᠭ᠎ᠠ ᠠᠳᠬᠤᠬᠤ ᠶᠢ ᠡᠷᠡᠰ ᠪᠠᠳᠤᠯᠠᠪᠠ᠃ ᠨᠢᠭᠡ ᠳᠠᠯ᠎ᠠ ᠪᠠᠷ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠶᠢ | ᠴᠢᠩᠭ᠎ᠠ ᠠᠳᠬᠤᠵᠤ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠬᠦᠯ | ᠴᠢᠬᠢᠷᠠᠭ ᠢ ᠦᠨᠡᠨ ᠬᠦ ᠪᠠᠳᠤᠯᠠᠪᠠ᠃ ᠪᠢᠳᠡ ᠳᠠᠷᠦᠢ ᠲᠦᠷᠭᠡᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ | ᠠᠵᠢᠯ ᠤᠨ ᠤᠳᠤᠷᠢᠳᠬᠤ ᠳᠤᠭᠤᠢᠢᠯᠠᠩ ᠢ ᠪᠠᠶᠢᠭᠤᠯᠵᠤ᠂ ᠴᠠᠭ ᠲᠤᠬᠠᠢ ᠳᠤᠨᠢ ᠲᠦᠪ ᠤᠨ ᠪᠠ ᠦᠪᠡᠷᠳᠡᠭᠡᠨ | ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠳᠠᠮᠵᠢᠭᠤᠯᠵᠤ᠂ ᠪᠦᠬᠦ ᠤᠷᠤᠨ ᠤ ᠠᠮᠢ ᠠᠬᠤᠢ ᠤᠷᠴᠢᠨ | ᠳᠤᠭᠤᠷᠢᠨ ᠤ ᠰᠢᠰᠲ᠋ᠧᠮ ᠢ ᠵᠤᠬᠢᠶᠠᠨ ᠪᠠᠶᠢᠭᠤᠯᠵᠤ ᠰᠢᠨ᠎ᠡ ᠳᠢᠳᠢᠮᠯᠢᠭ ᠠᠭᠤᠰᠬᠢᠨ ᠥᠷᠪᠢᠰᠤᠯ ᠤᠨ ᠬᠢᠵᠢᠭ ᠤᠨ | ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ | ᠢ ᠰᠡᠷᠬᠡᠶᠢᠯᠡᠨ ᠡᠵᠡᠮᠳᠡᠬᠦ ᠪᠠ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ᠂ ᠠᠵᠤ ᠠᠬᠤᠢᠢᠯᠠᠯ ᠤᠨ ᠠᠵᠢᠯ ᠢᠶᠠᠨ | ᠰᠡᠷᠭᠦᠭᠡᠵᠤ ᠦᠢᠯᠡᠳᠪᠦᠷᠢᠯᠡᠯ ᠢᠶᠠᠨ ᠰᠡᠷᠬᠦᠬᠡᠬᠦ ᠶᠢ ᠳᠡᠮᠵᠢᠬᠦ ᠵᠡᠷᠭᠡ ᠠᠵᠢᠯ ᠤᠨ ᠳᠤᠬᠠᠢ ᠪᠤᠳᠠᠳᠠᠢ ᠳᠤᠬᠢᠷᠠᠭᠤᠯᠤᠯᠳᠠ | ᠪᠠᠶᠢᠷᠢᠯᠠᠭᠤᠯᠤᠯᠳᠠ ᠬᠢᠵᠤ᠂ ᠬᠠᠮᠤᠭ ᠴᠢᠩᠭ᠎ᠠ ᠭᠤᠤᠯ ᠴᠤᠭᠴᠠ ᠶᠢᠨ ᠬᠠᠷᠢᠭᠤᠴᠠᠯᠭ᠎ᠠ ᠪᠠᠷ ᠡᠯ᠎ᠡ ᠵᠦᠢᠯ ᠤᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠪᠠᠳᠤᠯᠠᠪᠠ᠃ ᠦᠪᠡᠷᠳᠡᠭᠡᠨ ᠵᠠᠰᠠᠬᠤ ᠤᠷᠤᠨ ᠤ ᠰᠢᠨ᠎ᠡ ᠳᠢᠳᠢᠮᠯᠢᠭ | ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠤᠨ | ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠭᠤᠴᠠᠭᠠᠨ ᠳᠠᠬᠢ ᠬᠤᠳᠠ ᠬᠦᠳᠡᠭᠡ ᠶᠢᠨ ᠤᠷᠴᠢᠨ ᠳᠤᠭᠤᠷᠢᠨ | ᠢ ᠴᠡᠭᠴᠡᠯᠡᠨ ᠵᠠᠰᠠᠬᠤ ᠠᠵᠢᠯ ᠢ ᠴᠢᠨᠠᠭᠰᠢᠳᠠ ᠰᠠᠶᠢᠳᠤᠷ ᠬᠢᠬᠦ ᠳᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠤᠷᠴᠢᠨ | ᠳᠤᠭᠤᠷᠢᠨ ᠤ ᠬᠢᠨᠠᠨ ᠬᠠᠮᠢᠶᠠᠷᠤᠯᠳᠠ ᠶᠢᠨ ᠪᠢᠴᠢᠭ ᠮᠠᠲ᠋ᠧᠷᠢᠶᠠᠯ ᠢ ᠳᠤᠭᠳᠠᠭᠠᠵᠤ᠂ ᠡᠯ᠎ᠡ ᠠᠶᠢᠮᠠᠭ ᠬᠤᠳᠠ ᠶᠢᠨ | ᠡᠮᠴᠢᠯᠡᠭᠡᠨ ᠤ ᠬᠠᠶᠠᠭᠳᠠᠮᠠᠯ ᠪᠤᠳᠠᠰ᠂ ᠡᠮᠴᠢᠯᠡᠭᠡᠨ ᠤ ᠪᠤᠭᠢᠷ ᠤᠰᠤ᠂ ᠬᠤᠳᠠ ᠪᠠᠯᠭᠠᠰᠤ ᠶᠢᠨ ᠪᠤᠭᠢᠷ ᠤᠰᠤ᠂ | ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠤᠷᠴᠢᠨ ᠳᠤᠭᠤᠷᠢᠨ ᠤ ᠬᠢᠨᠠᠨ ᠬᠠᠮᠢᠶᠠᠷᠤᠯᠳᠠ ᠵᠢᠴᠢ ᠤᠷᠴᠢᠨ | ᠳᠤᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠯᠳᠡ ᠵᠡᠷᠭᠡ ᠠᠵᠢᠯ ᠢ ᠪᠦᠬᠦ ᠬᠦᠴᠦ ᠪᠠᠷ ᠰᠠᠶᠢᠳᠤᠷ | ᠠᠳᠬᠤᠬᠤ ᠶᠢ ᠬᠢᠨᠠᠨ ᠵᠢᠯᠤᠭᠤᠳᠪᠠ᠃ ᠨᠦᠬᠦᠭᠡ ᠳᠠᠯ᠎ᠠ ᠪᠠᠷ᠂ ᠪᠤᠬᠢᠷᠳᠤᠯ ᠢ ᠰᠡᠷᠬᠡᠶᠢᠯᠡᠨ ᠵᠠᠰᠠᠬᠤ ᠶᠢ ᠴᠢᠩᠭ᠎ᠠ | ᠠᠳᠬᠤᠵᠤ᠂ ᠠᠷᠠᠳ ᠤᠯᠠᠨ ᠤ ᠠᠮᠢ ᠠᠬᠤᠢ ᠤᠷᠴᠢᠨ ᠳᠤᠭᠤᠷᠢᠨ ᠤ ᠳᠠᠯ᠎ᠠ ᠪᠠᠷ ᠬᠢ ᠬᠦᠷᠳᠡᠭᠡᠮᠵᠢ ᠶᠢᠨ ᠲᠦᠷᠦᠭᠳᠡᠯ᠂ | ᠵᠢᠷᠭᠠᠯᠳᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠳᠠᠰᠤᠷᠠᠯᠳᠠ ᠦᠭᠡᠢ ᠴᠢᠩᠭᠠᠳᠬᠠᠪᠠ᠃ ᠡᠨᠡ ᠵᠢᠯ | ᠪᠤᠯ ᠪᠤᠬᠢᠷᠳᠤᠯ ᠢ ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠶᠢ ᠤᠯᠬᠤ ᠵᠢᠯ | ᠪᠤᠯᠤᠨ᠎ᠠ᠃ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠰᠠᠶᠢᠳᠤᠷ ᠬᠢᠬᠦ ᠶᠢᠨ | ᠬᠠᠮᠳᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠠᠳᠤ ᠱᠤᠭᠤᠵᠤ᠂ ᠠᠮᠢ | ᠠᠬᠤᠢ ᠤᠷᠴᠢᠨ ᠳᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠶᠢᠯᠳᠤᠬᠤ ᠪᠤᠳᠤᠯᠭ᠎ᠠ ᠶᠢᠨ ᠬᠠᠷᠠᠯᠳᠠ ᠵᠦᠭ | ᠭᠤᠶᠢᠪᠢᠰᠢ ᠦᠭᠡᠢ ᠤᠷᠤᠭᠰᠢᠯᠠᠵᠤ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠤ᠂ ᠪᠦᠬᠦ ᠳᠠᠯ᠎ᠠ ᠶᠢᠨ | ᠤᠢᠢᠯᠠᠭᠠᠭᠳᠠᠬᠤᠨ ᠢ ᠴᠢᠩᠭᠠᠳᠬᠠᠵᠤ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠪᠠ ᠪᠤᠬᠢᠷᠳᠤᠯ ᠢ | ᠰᠡᠷᠬᠡᠶᠢᠯᠡᠨ ᠵᠠᠰᠠᠬᠤ ᠪᠤᠭᠤᠮᠳᠠ ᠰᠢᠪᠳᠤᠯᠬᠤ ᠡᠯ᠎ᠡ ᠳᠠᠯ᠎ᠠ ᠶᠢᠨ ᠠᠵᠢᠯ ᠢ ᠨᠢᠭᠡᠳᠤᠯᠳᠠᠢ ᠲᠦᠯᠦᠪᠵᠢᠬᠦᠯᠤᠨ | ᠠᠬᠢᠭᠤᠯᠪᠠ᠃ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠵᠢᠴᠢ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠸᠢᠳᠢᠤ᠋ ᠬᠤᠷᠠᠯ ᠬᠤᠷᠠᠯᠳᠤᠭᠤᠯᠵᠤ᠂ ᠡᠨᠡ ᠵᠢᠯ ᠤᠨ ᠭᠤᠤᠯᠳᠠᠯᠭ᠎ᠠ ᠲᠠᠢ ᠠᠵᠢᠯ ᠤᠨ | ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠵᠤ᠂ ᠡᠯ᠎ᠠ ᠱᠠᠳᠤᠨ ᠤ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ | ᠮᠦᠴᠢᠷ ᠤᠨ ᠬᠢᠨ ᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠮᠳᠠᠬᠢ ᠪᠠᠶᠢᠯᠳᠤᠭᠠᠨ ᠤ ᠤᠪᠤᠷ | ᠰᠤᠷᠳᠠᠯ ᠢᠶᠠᠨ ᠪᠠᠷᠢᠮᠳᠠᠯᠠᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠳᠤᠯᠠᠬᠤ | ᠬᠡᠷᠡᠭᠳᠡᠢ ᠭᠡᠵᠦ ᠱᠠᠭᠠᠷᠳᠠᠪᠠ᠃ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ | ᠲᠤᠰᠬᠠᠢ ᠵᠢᠯᠤᠭᠤᠳᠬᠤ ᠭᠠᠵᠠᠷ ᠢ ᠪᠠᠶᠢᠭᠤᠯᠵᠤ᠂ ᠲᠤᠬᠠᠢᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠲᠠᠳᠠᠵᠤ᠂ | ᠲᠠᠪᠠᠭᠤᠯᠢᠭ ᠬᠦᠴᠦᠨ ᠢᠶᠠᠨ ᠲᠦᠪᠯᠡᠷᠡᠭᠦᠯᠦᠨ᠂ ᠠᠵᠢᠯ ᠤᠨ ᠲᠤᠬᠢᠷᠠᠭᠤᠯᠤᠯᠲᠠ ᠪᠠᠨ ᠴᠢᠩᠭᠠᠳᠬᠠᠵᠤ᠂ ᠬᠦᠬᠡ | ᠤᠭᠳᠠᠷᠭᠤᠢ᠂ ᠨᠤᠮᠢᠨ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠤ ᠵᠤᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠪᠠ ᠨᠢᠭᠡᠳᠦᠯᠳᠡᠢ ᠲᠦᠯᠦᠪᠯᠡᠬᠦ ᠶᠢ ᠵᠤᠬᠢᠴᠠᠭᠤᠯᠬᠤ ᠶᠢ ᠴᠢᠩᠭᠠᠳᠬᠠᠪᠠ᠃ ᠲᠠᠷᠠᠭᠠᠴᠢ ᠪᠠᠷ ᠪᠢᠳᠡ | ᠲᠡᠮᠡᠴᠡᠯ ᠤᠨ ᠵᠤᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ᠂ | ᠬᠠᠷᠠᠯᠲᠠ ᠪᠠᠷ ᠤᠳᠤᠷᠢᠳᠤᠮᠵᠢ ᠪᠤᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠤᠨᠢᠨ | ᠲᠡᠭᠡᠷ᠎ᠡ ᠨᠢ ᠪᠤᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠤᠬᠢᠷᠳᠤᠯ ᠢ ᠵᠠᠰᠠᠬᠤ᠂ ᠬᠠᠤᠯᠢ ᠶᠤᠰᠤᠭᠠᠷ | ᠪᠤᠬᠢᠷᠳᠤᠯ ᠢ ᠵᠠᠰᠠᠬᠤ ᠶᠢ ᠲᠤᠪᠤᠶᠢᠯᠭᠠᠨ᠂ ᠪᠤᠳᠠᠳᠤ ᠠᠵᠢᠯᠯᠠᠭ᠎ᠠ ᠪᠠᠷ ᠢᠶᠠᠨ ᠨᠠᠮ ᠤᠨ ᠲᠦᠪ ᠬᠤᠷᠢᠶ᠎ᠠ᠂ ᠦᠪᠡᠷᠳᠡᠭᠡᠨ | ᠵᠠᠰᠠᠬᠤ ᠤᠷᠤᠨ ᠪᠠ ᠪᠦᠬᠦ ᠤᠷᠤᠨ ᠤ ᠦᠷᠭᠡᠨ ᠤᠯᠠᠨ ᠠᠷᠠᠳ ᠲᠦᠮᠡᠨ ᠳᠤ ᠬᠠᠨᠤᠮᠵᠢᠳᠠᠢ ᠰᠢᠯᠭᠠᠯᠲᠠ ᠶᠢᠨ | ᠬᠠᠭᠤᠳᠠᠰᠤ ᠲᠤᠰᠢᠶᠠᠨ᠎ᠠ᠃ | ᠰᠤᠷᠪᠤᠯᠵᠢᠯᠠᠭᠴᠢ᠄ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠴᠡᠭ ᠪᠤᠯ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠤᠷᠴᠢᠨ ᠲᠣᠭᠤᠷᠢᠨ ᠤ ᠬᠠᠮᠢᠶᠠᠷᠤᠯᠲᠠ ᠶᠢᠨ ᠭᠤᠤᠯ ᠲᠠᠶᠢᠨ ᠤ ᠲᠠᠯᠠᠪᠤᠷ | ᠮᠦᠨ᠂ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠭᠤᠤᠯ ᠴᠤᠭᠴᠠ ᠶᠢᠨ | ᠬᠠᠷᠢᠭᠤᠴᠠᠯᠭ᠎ᠠ ᠪᠠᠨ ᠬᠡᠷᠬᠢᠨ ᠪᠤᠳᠠᠳᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠠ ᠶᠢ ᠬᠡᠷᠬᠢᠨ | ᠲᠡᠭᠦᠯᠳᠡᠷᠵᠢᠭᠦᠯᠦᠨ᠂ ᠬᠤᠶᠠᠳᠡᠬᠢ ᠤᠳᠠᠭ᠎ᠠ ᠬᠠᠯᠳᠠᠪᠤᠷᠢᠯᠠᠬᠤ ᠶᠢ ᠶᠠᠭᠠᠬᠢᠵᠤ ᠰᠡᠷᠭᠡᠶᠢᠯᠡᠭᠰᠡᠨ ᠪᠤᠢ︖ | ᠰᠢᠶᠠᠩ ᠳ᠋ᠦᠩ᠄ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠢᠩᠬᠢᠮ ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠮᠴᠢᠯᠡᠭᠡᠨ ᠤ ᠬᠠᠶᠠᠭᠳᠠᠮᠠᠯ ᠪᠤᠳᠠᠰ ᠤᠨ ᠤᠷᠴᠢᠨ | ᠲᠤᠭᠤᠷᠢᠨ ᠤ ᠬᠠᠮᠢᠶᠠᠷᠤᠯᠳᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠪᠡᠷᠳᠡᠭᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠠᠮᠢ ᠠᠬᠤᠢ ᠤᠷᠴᠢᠨ ᠲᠤᠭᠤᠷᠢᠨ ᠤ ᠶᠠᠮᠤᠨ | ᠤ ᠬᠤᠯᠪᠤᠭᠳᠠᠯ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠮᠴᠢᠯᠡᠭᠡᠨ ᠤ | ᠬᠠᠶᠠᠭᠳᠠᠮᠠᠯ ᠪᠤᠳᠠᠰ ᠢ ᠰᠢᠢᠳᠪᠦᠷᠢᠯᠡᠬᠦ ᠶᠠᠪᠤᠴᠠ ᠳᠠᠬᠢ ᠤᠷᠴᠢᠨ ᠲᠤᠭᠤᠷᠢᠨ ᠤ ᠪᠤᠬᠢᠷᠳᠤᠯ ᠢ ᠰᠡᠷᠭᠡᠶᠢᠯᠡᠨ ᠵᠠᠰᠠᠬᠤ | ᠬᠢᠨᠠᠯᠲᠠ ᠬᠠᠮᠢᠶᠠᠷᠤᠯᠲᠠ ᠶᠢ ᠱᠠᠭᠠᠷᠳᠠᠯᠭ᠎ᠠ ᠶᠤᠰᠤᠭᠠᠷ ᠴᠢᠩᠭ᠎ᠠ ᠵᠢᠷᠤᠮᠯᠠᠨ᠂ ᠡᠮᠴᠢᠯᠡᠭᠡᠨ ᠤ ᠬᠠᠶᠠᠭᠳᠠᠮᠠᠯ ᠪᠤᠳᠠᠰ ᠢ | ᠬᠤᠤᠷ ᠦᠬᠡᠢ ᠪᠤᠯᠭᠠᠨ ᠰᠢᠢᠳᠪᠦᠷᠢᠯᠡᠬᠦ ᠶᠢ ᠦᠨᠡᠨ ᠬᠦ ᠪᠠᠳᠤᠯᠠᠪᠠ᠃ ᠨᠢᠭᠡ ᠳᠤ᠂ ᠬᠠᠮᠢᠶ᠎ᠠ ᠪᠦᠬᠦᠢ ᠠᠵᠢᠯ ᠢ | ᠢᠳᠡᠪᠬᠢᠳᠡᠢ ᠪᠠᠶᠢᠷᠢᠯᠠᠭᠤᠯᠤᠨ ᠦᠷᠨᠢᠭᠦᠯᠪᠡ᠃ ᠪᠦᠬᠦ ᠤᠷᠤᠨ ᠤ ᠡᠮᠴᠢᠯᠡᠭᠡᠨ ᠤ ᠬᠠᠶᠠᠭᠳᠠᠮᠠᠯ ᠪᠤᠳᠠᠰ ᠢ | ᠰᠢᠢᠳᠪᠦᠷᠢᠯᠡᠬᠦ ᠠᠵᠢᠯ ᠤᠨ ᠲᠤᠭᠤᠢᠢᠯᠠᠩ ᠪᠠᠶᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠶᠠᠮᠤᠨ ᠤ ︽ᠰᠢᠨ᠎ᠠ | ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠡᠯ ᠤᠨ ᠡᠮᠴᠢᠯᠡᠭᠡᠨ ᠤ ᠬᠠᠶᠠᠭᠳᠠᠮᠠᠯ ᠪᠤᠳᠠᠰ ᠤᠨ | ᠤᠷᠴᠢᠨ ᠲᠤᠭᠤᠷᠢᠨ ᠤ ᠬᠠᠮᠢᠶᠠᠷᠤᠯᠲᠠ ᠶᠢᠨ ᠠᠵᠢᠯ ᠢ ᠰᠠᠶᠢᠳᠤᠷ ᠬᠢᠬᠦ ᠲᠤᠬᠠᠢ ᠮᠡᠳᠡᠭᠳᠡᠯ︾ ᠵᠡᠷᠭᠡ ᠪᠢᠴᠢᠭ | ᠮᠠᠲ᠋ᠧᠷᠢᠶᠠᠯ ᠢ ᠴᠠᠭ ᠲᠤᠬᠠᠢ ᠳᠤᠨᠢ ᠤᠯᠠᠮᠵᠢᠯᠠᠨ ᠲᠠᠷᠬᠠᠭᠠᠵᠤ᠂ ᠡᠯ᠎ᠡ ᠠᠶᠢᠮᠠᠭ ᠬᠤᠲᠠ ᠶᠢ ᠡᠮᠴᠢᠯᠡᠭᠡᠨ ᠤ | ᠬᠠᠶᠠᠭᠳᠠᠮᠠᠯ ᠪᠤᠳᠠᠰ ᠢ ᠴᠤᠬᠯᠠᠭᠤᠯᠬᠤ᠂ ᠬᠠᠳᠠᠭᠠᠯᠠᠬᠤ᠂ ᠰᠢᠯᠵᠢᠭᠦᠯᠬᠦ᠂ ᠰᠢᠢᠳᠪᠦᠷᠢᠯᠡᠬᠦ ᠵᠡᠷᠭᠡ ᠭᠤᠭᠴᠤᠭ᠎ᠠ ᠶᠢᠨ | ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠳᠡᠢ ᠭᠡᠵᠦ ᠱᠠᠭᠠᠷᠳᠠᠪᠠ᠃ | ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯᠲᠠᠳ ᠴᠠᠭᠠᠨ ᠰᠠᠷ᠎ᠠ ᠶᠢᠨ ᠠᠮᠠᠷᠠᠯᠲᠠ ᠠᠪᠬᠤ ᠪᠠᠨ | ᠰᠠᠨᠠᠭᠠᠴᠢᠯᠠᠭ᠎ᠠ ᠠᠴᠠ ᠪᠠᠨ ᠲᠠᠶᠠᠭᠳᠠᠵᠤ᠂ ᠡᠮᠴᠢᠯᠡᠭᠡᠨ ᠤ ᠬᠠᠶᠠᠭᠳᠠᠮᠠᠯ ᠪᠤᠳᠠᠰ ᠤᠨ ᠤᠷᠴᠢᠨ ᠲᠤᠭᠤᠷᠢᠨ ᠤ | ᠬᠠᠮᠢᠶᠠᠷᠤᠯᠲᠠ ᠶᠢᠨ ᠠᠵᠢᠯ ᠳᠤ ᠪᠦᠬᠦ ᠰᠡᠳᠭᠢᠯ ᠪᠦᠬᠦ ᠵᠤᠷᠢᠭ ᠢᠶᠠᠨ ᠲᠦᠪᠯᠡᠷᠡᠭᠦᠯᠦᠨ᠂ 108 ᠲᠤᠰᠬᠠᠢ ᠮᠠᠰᠢᠨ | ᠲᠡᠷᠭᠡ ᠶᠢ ᠬᠤᠷᠢᠶᠠᠨ ᠴᠤᠭᠯᠠᠭᠤᠯᠵᠤ᠂ ᠡᠳᠦᠷ ᠪᠦᠷᠢ 122 ᠲᠤᠨ ᠡᠮᠴᠢᠯᠡᠭᠡᠨ ᠤ ᠬᠠᠶᠠᠭᠳᠠᠮᠠᠯ ᠪᠤᠳᠠᠰ ᠢ | ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠡᠢ᠃ ᠬᠤᠶᠠᠷ ᠲᠤ᠂ ᠡᠮᠴᠢᠯᠡᠭᠡᠨ ᠤ ᠬᠠᠶᠠᠭᠳᠠᠮᠠᠯ ᠪᠤᠳᠠᠰ ᠢ | ᠰᠢᠢᠳᠪᠦᠷᠢᠯᠡᠬᠦ ᠤᠷᠴᠢᠨ ᠲᠤᠭᠤᠷᠢᠨ ᠤ ᠬᠠᠮᠢᠶᠠᠷᠤᠯᠲᠠ ᠶᠢ ᠴᠢᠩᠭᠠᠳᠬᠠᠪᠠ᠃ ᠡᠯ᠎ᠡ ᠠᠶᠢᠮᠠᠭ ᠬᠤᠲᠠ ᠶᠢᠨ | ᠡᠮᠴᠢᠯᠡᠭᠡᠨ ᠤ ᠬᠠᠶᠠᠭᠳᠠᠮᠠᠯ ᠪᠤᠳᠠᠰ ᠤᠨ ᠤᠷᠴᠢᠨ ᠲᠤᠭᠤᠷᠢᠨ ᠤ ᠬᠠᠮᠢᠶᠠᠷᠤᠯᠲᠠ ᠪᠠ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠬᠠᠮᠢᠶᠠᠷᠤᠯᠲᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠡᠮᠴᠢᠯᠡᠭᠡᠨ ᠤ | ᠬᠠᠶᠠᠭᠳᠠᠮᠠᠯ ᠪᠤᠳᠠᠰ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠭᠡᠯ ᠲᠦᠰᠦᠯ ᠢ ᠲᠤᠭᠳᠠᠭᠠᠨ | ᠲᠡᠭᠦᠯᠳᠡᠷᠵᠢᠭᠦᠯᠵᠦ᠂ ᠠᠵᠢᠯ ᠤᠨ ᠬᠠᠷᠠᠯᠲᠠ᠂ ᠡᠭᠦᠷᠭᠡ ᠪᠠ ᠠᠷᠭ᠎ᠠ ᠬᠡᠮᠵᠢᠶ᠎ᠡ ᠶᠢ ᠲᠤᠳᠤᠷᠬᠠᠢᠢᠯᠠᠨ᠂ ᠡᠮᠴᠢᠯᠡᠭᠡᠨ ᠤ | ᠬᠠᠶᠠᠭᠳᠠᠮᠠᠯ ᠪᠤᠳᠠᠰ ᠢ ᠰᠢᠢᠳᠪᠦᠷᠢᠯᠡᠬᠦ ᠴᠢᠳᠠᠪᠤᠷᠢ ᠬᠦᠷᠦᠯᠴᠡᠬᠦ ᠦᠭᠡᠢ᠂ ᠪᠡᠯᠡᠳᠭᠡᠯ ᠲᠦᠬᠦᠭᠡᠷᠦᠮᠵᠢ ᠶᠢᠨ | ᠠᠵᠢᠯᠯᠠᠭᠠᠨ ᠤ ᠲᠠᠭᠠᠭᠠᠴᠠ ᠶᠢᠨ ᠨᠤᠷᠮ᠎ᠠ ᠦᠨᠳᠦᠷ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠳᠡᠢ ᠭᠡᠵᠦ | ᠱᠠᠭᠠᠷᠳᠠᠪᠠ᠃ ᠡᠮᠴᠢᠯᠡᠭᠡᠨ ᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠨᠢᠭᠡᠴᠢ ᠶᠢ ᠱᠠᠯᠠᠪᠳᠠᠭᠤᠯᠵᠤ ᠪᠠᠶᠢᠭᠠᠳ | ᠤᠳᠤ ᠶᠢᠨ ᠪᠠᠶᠢᠭ᠎ᠠ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠰᠠᠭᠤᠷᠢᠨ ᠲᠡᠭᠡᠷ᠎ᠡ ︽ᠰᠢᠨ᠎ᠠ ᠲᠢᠳᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠴᠢᠯᠡᠭᠡᠨ ᠤ ᠬᠠᠶᠠᠭᠳᠠᠯ ᠪᠤᠳᠠᠰ ᠤᠨ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠬᠠᠮᠢᠶᠠᠷᠤᠯᠲᠠ ᠬᠢᠭᠡᠳ ᠮᠠᠷᠭᠡᠵᠢᠯ ᠤᠨ ᠵᠦᠭᠯᠡᠭᠦᠷ ︵ᠲᠤᠷᠰᠢᠨ ᠬᠡᠷᠡᠭᠵᠢᠭᠦᠯᠬᠦ︶︾ ᠤᠨ | ᠱᠠᠭᠠᠷᠳᠠᠯᠭ᠎ᠠ ᠶᠤᠰᠤᠭᠠᠷ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠦᠰᠦᠯ ᠢ ᠨᠦᠬᠦᠪᠦᠷᠢᠯᠡᠨ | ᠲᠡᠭᠦᠯᠳᠡᠷᠵᠢᠭᠦᠯᠵᠦ᠂ ᠡᠮᠴᠢᠯᠡᠭᠡᠨ ᠤ ᠬᠠᠶᠠᠭᠳᠠᠯ ᠪᠤᠳᠠᠰ ᠢ ᠠᠠᠶᠤᠯ ᠦᠭᠡᠢ ᠪᠠᠷ ᠰᠢᠢᠳᠪᠦᠷᠢᠯᠡᠬᠦ ᠶᠢ ᠠᠬᠢᠭᠤᠯᠵᠤ᠂ | ᠬᠡᠨᠡᠳᠲᠡ ᠶᠢᠨ ᠪᠠᠶᠢᠳᠠᠯ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠠᠵᠢᠯ ᠢ ᠢᠳᠡᠪᠬᠢᠳᠡᠢ ᠰᠠᠶᠢᠳᠤᠷ ᠬᠢᠪᠡ᠃ | ᠭᠤᠷᠪᠠ ᠳᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠴᠠᠭ ᠲᠤᠬᠠᠶ ᠳᠤᠨᠢ ᠵᠢᠷᠤᠮᠵᠢᠭᠤᠯᠤᠨ ᠪᠦᠲᠦᠮᠵᠢᠲᠡᠶ | ᠰᠢᠢᠳᠪᠦᠷᠢᠯᠡᠬᠦ ᠶᠢ ᠪᠥᠬᠦ ᠬᠦᠴᠦᠨ ᠢᠶᠠᠷ ᠪᠠᠲᠤᠯᠠᠪᠠ᠃ ᠬᠠᠮᠵᠢᠯᠴᠠᠨ ᠪᠠᠴᠢᠮ ᠪᠠᠶᠢᠳᠠᠯ ᠢ ᠠᠷᠭᠠᠴᠠᠭᠠᠬᠤ | ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠮ ᠬᠠᠷᠢᠯᠴᠠᠭ᠎ᠠ | ᠲᠡᠭᠡᠭᠡᠪᠦᠷᠢ ᠵᠡᠷᠭᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠬᠠᠮᠵᠢᠯᠴᠠᠵᠤ᠂ ᠡᠮᠴᠢᠯᠡᠭᠡᠨ ᠤ | ᠬᠠᠶᠠᠭᠳᠠᠮᠠᠯ ᠡᠳ᠋ ᠢ ᠴᠤᠭᠯᠠᠭᠤᠯᠬᠤ᠂ ᠲᠡᠭᠡᠭᠡᠪᠦᠷᠢᠯᠡᠬᠦ᠂ ᠬᠠᠳᠠᠭᠠᠯᠠᠬᠤ᠂ ᠰᠢᠢᠳᠪᠦᠷᠢᠯᠡᠬᠦ ᠪᠥᠬᠦ ᠶᠠᠪᠤᠴᠠ ᠶᠢᠨ | ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ︽ᠡᠳᠦᠷ ᠲᠤᠨᠢ ᠬᠤᠷᠢᠶᠠᠨ ᠴᠤᠭᠯᠠᠭᠤᠯᠬᠤ᠂ | ᠡᠳᠦᠷ ᠲᠤᠨᠢ ᠰᠢᠯᠵᠢᠭᠦᠯᠦᠨ ᠬᠦᠷᠭᠡᠬᠦ᠂ ᠡᠳᠦᠷ ᠲᠤᠨᠢ ᠰᠢᠢᠳᠪᠦᠷᠢᠯᠡᠬᠦ︾ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠴᠠ ᠡᠭᠦᠰᠦᠭᠰᠡᠨ ᠡᠮᠴᠢᠯᠡᠭᠡᠨ ᠤ ᠬᠠᠶᠠᠭᠳᠠᠮᠠᠯ | ᠪᠣᠳᠠᠰ ᠢ ᠳᠤᠬᠠᠢ ᠶᠢᠨ ᠡᠳᠦᠷ ᠲᠤᠨᠢ ᠴᠡᠪᠡᠷᠯᠡᠬᠦ ᠶᠢ ᠦᠨᠡᠨ ᠬᠦ ᠪᠠᠲᠤᠯᠠᠵᠠᠢ᠃ 2020 ᠣᠨ ᠤ 1 ᠰᠠᠷ᠎ᠠ ᠶᠢᠨ | 20 ᠤ ᠡᠳᠦᠷ ᠠᠴᠠ 3 ᠰᠠᠷ᠎ᠠ ᠶᠢᠨ 4 ᠤ ᠡᠳᠦᠷ ᠪᠣᠯᠲᠠᠯ᠎ᠠ᠂ ᠪᠥᠬᠦ ᠣᠷᠣᠨ ᠤ 12 ᠠᠶᠢᠮᠠᠭ ᠬᠤᠲᠠ 32 ᠢᠵᠢ | ᠲᠥᠪᠯᠡᠷᠡᠭᠦᠯᠦᠨ ᠰᠢᠢᠳᠪᠦᠷᠢᠯᠡᠬᠦ ᠲᠦᠬᠦᠭᠡᠷᠦᠮᠵᠢ ᠪᠠ 86 ᠢᠵᠢ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ | ᠲᠦᠬᠦᠭᠡᠷᠦᠮᠵᠢ ᠶᠢ ᠲᠣᠭᠲᠠᠭᠤᠨ ᠢᠶᠠᠷ ᠠᠵᠢᠯᠯᠠᠭᠤᠯᠵᠤ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠨᠡᠶᠢᠲᠡ 1663.7 | ᠲᠣᠨ ᠰᠢᠢᠳᠪᠦᠷᠢᠯᠡᠵᠦ᠂ ᠬᠤᠤᠷ ᠦᠭᠡᠶᠢᠳᠡᠭᠦᠯᠦᠨ ᠠᠮᠤᠷ ᠲᠦᠪᠰᠢᠨ ᠢᠶᠠᠷ ᠰᠢᠢᠳᠪᠦᠷᠢᠯᠡᠭᠰᠡᠨ ᠨᠣᠷᠮ᠎ᠠ 100% | ᠳᠤ ᠬᠦᠷᠪᠡ᠃ | ᠰᠤᠷᠪᠤᠯᠵᠢᠯᠠᠭᠴᠢ᠄ ᠠᠭᠠᠷ ᠤᠨ ᠶᠠᠰᠤ ᠴᠢᠨᠠᠷ᠂ ᠭᠠᠵᠠᠷ ᠤᠨ ᠭᠠᠳᠠᠷᠭᠤ ᠶᠢᠨ ᠤᠰᠤ ᠪᠠ ᠤᠤᠭᠤᠬᠤ ᠤᠰᠤᠨ | ᠤ ᠡᠬᠢ ᠰᠤᠷᠪᠤᠯᠵᠢ ᠶᠢᠨ ᠭᠠᠵᠠᠷ ᠤᠨ ᠬᠢᠨᠠᠨ ᠬᠡᠮᠵᠢᠯᠲᠡ ᠪᠣᠯ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ | ᠣᠷᠴᠢᠨ ᠲᠤᠭᠤᠷᠢᠨ ᠤ ᠶᠠᠰᠤ ᠴᠢᠨᠠᠷ ᠤᠨ ᠪᠠᠶᠢᠳᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠯᠲᠡ ᠶᠢᠨ | ᠭᠤᠤᠯ ᠴᠣᠭᠴᠠ ᠪᠣᠯᠤᠨ᠎ᠠ᠃ ᠠᠮᠢ ᠠᠬᠤᠶ ᠣᠷᠴᠢᠨ ᠲᠣᠭᠤᠷᠢᠨ ᠤ ᠲᠢᠩᠬᠢᠮ ᠨᠢ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠪᠣᠶ︖ | ᠰᠢᠶᠠᠩ ᠳ᠋ᠦᠩ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ | 12 ᠠᠶᠢᠮᠠᠭ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠬᠢᠨᠠᠨ ᠬᠡᠮᠵᠢᠬᠦ ᠥᠷᠲᠡᠭᠡ ᠶᠢᠨ ᠬᠦᠴᠦᠨ ᠢ | ᠳᠠᠶᠢᠴᠢᠯᠠᠵᠤ᠂ ᠪᠥᠬᠦ ᠣᠷᠣᠨ ᠤ ᠠᠭᠠᠷ ᠤᠨ ᠶᠠᠰᠤ ᠴᠢᠨᠠᠷ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ᠂ | ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠤᠰᠤᠨ ᠤ ᠴᠢᠨᠠᠷ᠂ ᠬᠢᠵᠢᠭ ᠲᠤ ᠬᠤᠯᠪᠣᠭᠳᠠᠭᠰᠠᠨ ᠪᠣᠬᠢᠷ | ᠤᠰᠤ ᠶᠢ ᠰᠢᠢᠳᠪᠦᠷᠢᠯᠡᠬᠦ ᠦᠢᠯᠡᠳᠪᠦᠷᠢ ᠪᠣᠯᠤᠨ ᠡᠮᠨᠡᠯᠭᠡ ᠶᠢᠨ ᠬᠤᠷᠢᠶ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ | ᠬᠢᠨᠠᠨ ᠬᠡᠮᠵᠢᠯᠲᠡ ᠶᠢ ᠪᠥᠬᠦ ᠬᠦᠴᠦᠨ ᠢᠶᠠᠷ ᠥᠷᠨᠢᠭᠦᠯᠵᠦ᠂ ᠬᠢᠨᠠᠨ ᠬᠡᠮᠵᠢᠭᠰᠡᠨ ᠦᠷ᠎ᠡ ᠳ᠋ᠦᠩ ᠢ ᠴᠠᠭ ᠲᠤᠬᠠᠶ ᠳᠤᠨᠢ | ᠬᠠᠩᠭᠠᠵᠤ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠣᠷᠴᠢᠨ ᠲᠣᠭᠤᠷᠢᠨ ᠤ ᠶᠠᠰᠤ ᠴᠢᠨᠠᠷ ᠤᠨ ᠠᠮᠤᠷ | ᠲᠦᠪᠰᠢᠨ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠮᠡᠷᠭᠡᠵᠢᠯ ᠤᠨ ᠲᠤᠯᠭᠠᠭᠤᠷᠢᠯᠠᠯ ᠬᠠᠨᠭ᠍ᠭᠠᠪᠠ᠃ | ᠨᠢᠭᠡ ᠳᠤ ᠲᠦᠷᠭᠡᠨ ᠬᠦᠳᠡᠯᠤᠯᠴᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠬᠦ ᠲᠥᠰᠦᠯ ᠢ ᠨᠠᠷᠢᠨ | ᠪᠣᠳᠠᠲᠠᠶ ᠬᠢᠪᠡ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤ ︽ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠮᠢ ᠠᠬᠤᠶ | ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠲᠤᠬᠠᠶ | ᠮᠡᠳᠡᠭᠳᠡᠯ︾ ᠢ ᠴᠠᠭ ᠲᠤᠬᠠᠶ ᠳᠤᠨᠢ ᠤᠯᠠᠮᠵᠢᠯᠠᠨ ᠲᠠᠷᠬᠠᠭᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠰᠢᠨ᠎ᠡ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠢ ᠰᠢᠢᠳᠪᠦᠷᠢᠯᠡᠬᠦ ᠠᠮᠢ ᠠᠬᠤᠶ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠬᠦ ᠲᠥᠰᠦᠯ︾ | ᠢ ᠲᠣᠭᠲᠠᠭᠠᠨ ᠨᠡᠶᠢᠲᠡᠯᠡᠪᠡ᠃ ᠬᠤᠶᠠᠷ ᠲᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠵᠣᠬᠢᠴᠠᠭᠤᠯᠤᠨ ᠪᠠᠲᠤᠯᠠᠬᠤ | ᠠᠵᠢᠯ ᠢ ᠬᠢᠨᠠᠮᠠᠭᠠᠶ ᠰᠠᠶᠢᠲᠤᠷ ᠬᠢᠪᠡ᠃ ᠡᠯ᠎ᠡ ᠠᠶᠢᠮᠠᠭ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ | ᠬᠢᠨᠠᠨ ᠬᠡᠮᠵᠢᠬᠦ ᠰᠠᠯᠠᠭ᠎ᠠ ᠮᠥᠴᠢᠷ ᠤᠳ ᠣᠷᠣᠨ ᠨᠤᠲᠤᠭ ᠪᠣᠯᠤᠨ ᠬᠠᠮᠢᠶ᠎ᠠ ᠪᠦᠬᠦᠢ ᠰᠠᠯᠠᠭ᠎ᠠ ᠮᠥᠴᠢᠷ ᠢ ᠢᠳᠡᠪᠬᠢᠲᠡᠢ | ᠵᠣᠬᠢᠴᠠᠭᠤᠯᠵᠤ᠂ ᠤᠤᠭᠤᠬᠤ ᠤᠰᠤᠨ ᠤ ᠢᠷᠡᠯᠲᠡ ᠶᠢᠨ ᠭᠠᠵᠠᠷ ᠢ ᠬᠢᠨᠠᠨ ᠬᠡᠮᠵᠢᠬᠦ ᠪᠠ ᠭᠠᠵᠠᠷ ᠤᠨ ᠭᠠᠳᠠᠷᠭᠤ ᠶᠢᠨ | ᠤᠰᠤ ᠶᠢ ᠬᠢᠨᠠᠨ ᠬᠡᠮᠵᠢᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠡᠢ᠃ ᠭᠤᠷᠪᠠ ᠳᠤ᠂ ᠭᠤᠤᠯᠳᠠᠯᠭ᠎ᠠ ᠶᠢ | ᠳᠣᠪᠤᠶᠢᠯᠭᠠᠵᠤ᠂ ᠪᠥᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠤᠨᠤᠪᠴᠢᠳᠠᠢ ᠳᠡᠮᠵᠢᠪᠡ᠃ | ᠡᠯ᠎ᠡ ᠭᠠᠵᠠᠷ ᠤᠨ ᠬᠢᠨ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠤᠰᠤᠨ ᠤ ᠴᠢᠨᠠᠷ ᠤᠨ ᠵᠤᠷᠰᠢᠯ | ᠶᠤᠰᠤᠭᠠᠷ ᠬᠢᠨᠠᠨ ᠬᠡᠮᠵᠢᠬᠦ ᠲᠠᠢ ᠤᠶᠠᠯᠳᠤᠭᠤᠯᠤᠨ᠂ ᠦᠯᠡᠳᠡᠭᠳᠡᠯ ᠾᠯᠣᠷ ᠵᠡᠷᠭᠡ ᠵᠠᠩᠭᠢᠯᠠᠭ᠎ᠠ ᠶᠢᠨ ᠬᠢᠨᠠᠨ ᠬᠡᠮᠵᠢᠬᠦ | ᠲᠥᠷᠥᠯ ᠵᠦᠢᠯ ᠳᠤ ᠬᠠᠨᠳᠤᠭᠤᠯᠤᠭᠰᠠᠠ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠯᠳᠡ ᠶᠢ ᠬᠢᠨᠠᠮᠠᠭᠠᠶ | ᠥᠷᠨᠢᠭᠦᠯᠵᠦ᠂ ᠣᠯᠠᠨ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠵᠡᠢ᠃ ᠲᠦᠷᠪᠡ᠂ | ᠤᠷᠢᠳᠴᠢᠯᠡᠨ ᠰᠡᠷᠡᠮᠵᠢᠯᠡᠬᠦ ᠶᠢ ᠴᠢᠩᠭᠠᠳᠬᠠᠵᠤ᠂ ᠤᠷᠴᠢᠨ ᠲᠤᠭᠤᠷᠢᠨ ᠤ ᠶᠠᠰᠤ ᠴᠢᠨᠠᠷ ᠤᠨ ᠮᠡᠳᠡᠭᠡ ᠵᠠᠩᠬᠢ ᠶᠢ | ᠴᠠᠭ ᠲᠤᠬᠠᠢ ᠳᠤᠨᠢ ᠨᠡᠶᠢᠳᠡᠯᠡᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠤᠷᠴᠢᠨ | ᠲᠤᠭᠤᠷᠢᠨ ᠤ ᠶᠠᠰᠤ ᠴᠢᠨᠠᠷ ᠢ ᠲᠦᠷᠭᠡᠨ ᠮᠡᠳᠡᠬᠦᠯᠬᠦ ᠲᠦᠷᠢᠮ ᠢ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ | ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ | ᠵᠢᠯᠤᠭᠤᠳᠬᠤ ᠭᠠᠵᠠᠷ ᠪᠤᠯᠤᠨ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠲᠤ ᠤᠷᠴᠢᠨ ᠲᠤᠭᠤᠷᠢᠨ ᠤ | ᠪᠠᠴᠢᠮ ᠪᠠᠶᠢᠳᠠᠯ ᠢ ᠠᠷᠭᠠᠴᠠᠭᠠᠬᠤ ᠬᠢᠨᠡᠨ ᠬᠡᠮᠵᠢᠭᠰᠡᠨ ᠮᠡᠳᠡᠭᠡ ᠵᠠᠩᠬᠢ ᠶᠢ ᠡᠳᠤᠷ ᠪᠦᠷᠢ ᠮᠡᠳᠡᠬᠦᠯᠦᠨ᠂ ᠤᠷᠴᠢᠨ | ᠲᠤᠭᠤᠷᠢᠨ ᠤ ᠶᠠᠰᠤ ᠴᠢᠨᠠᠷ ᠤᠨ ᠮᠡᠳᠡᠭᠡ ᠵᠠᠩᠬᠢ ᠪᠠ ᠪᠠᠴᠢᠮ ᠪᠠᠶᠢᠳᠠᠯ ᠢ ᠠᠷᠭᠠᠴᠠᠭᠠᠬᠤ ᠬᠢᠨᠡᠨ ᠬᠡᠮᠵᠢᠭᠰᠡᠨ ᠦᠷ᠎ᠠ | ᠳ᠋ᠦᠩ ᠢ ᠨᠡᠶᠢᠭᠡᠮ ᠨᠡᠶᠢᠳᠠ ᠳᠤ ᠴᠠᠭ ᠲᠤᠬᠠᠢ ᠳᠤᠨᠢ ᠨᠡᠶᠢᠳᠡᠯᠡᠵᠤ᠂ ᠤᠯᠠᠨ ᠲᠦᠮᠡᠨ ᠤ ᠤᠷᠴᠢᠨ ᠲᠤᠭᠤᠷᠢᠨ ᠤ | ᠶᠠᠰᠤ ᠴᠢᠨᠠᠷ ᠤᠨ ᠪᠠᠶᠢᠳᠠᠯ ᠢ ᠮᠡᠳᠡᠬᠦ ᠡᠷᠭᠡ ᠶᠢ ᠪᠠᠳᠤᠯᠠᠵᠡᠢ᠃ ᠤᠳᠤᠬᠠᠨ ᠳᠤ᠂ ᠪᠦᠬᠦ ᠤᠷᠤᠨ ᠤ ᠠᠮᠢ ᠠᠬᠤᠢ | ᠤᠷᠴᠢᠨ ᠲᠤᠭᠤᠷᠢᠨ ᠢ ᠬᠢᠨᠡᠨ ᠬᠡᠮᠵᠢᠬᠦ ᠰᠦᠯᠵᠢᠶ᠎ᠠ ᠲᠤᠭᠳᠠᠭᠤᠨ ᠠᠵᠢᠯᠯᠠᠵᠤ᠂ ᠬᠢᠵᠢᠭ ᠡᠬᠦᠰᠦᠭᠰᠡᠨ ᠬᠤᠳᠠ ᠶᠢᠨ | ᠠᠭᠠᠷ ᠤᠨ ᠶᠠᠰᠤ ᠴᠢᠨᠠᠷ᠂ ᠭᠠᠵᠠᠷ ᠤᠨ ᠭᠠᠳᠠᠷᠭᠤ ᠶᠢᠨ ᠤᠰᠤ ᠵᠢᠴᠢ ᠤᠤᠭᠤᠬᠤ ᠤᠰᠤᠨ ᠤ ᠰᠤᠷᠪᠤᠯᠵᠢ ᠶᠢᠨ | ᠭᠠᠵᠠᠷ ᠴᠦᠮ ᠬᠢᠵᠢᠭ ᠤᠨ ᠪᠠᠶᠢᠳᠠᠯ ᠢ ᠰᠢᠢᠳᠪᠤᠷᠢᠯᠡᠬᠦ ᠨᠦᠯᠦᠭᠡ ᠶᠢ ᠬᠦᠷᠳᠡᠭᠰᠡᠨ ᠦᠬᠡᠢ᠃ | ᠰᠤᠷᠪᠤᠯᠵᠢᠯᠠᠭᠴᠢ᠄ ᠠᠵᠤ ᠠᠬᠤᠢᠢᠯᠡᠯ ᠤᠨ ᠠᠵᠢᠯ ᠢᠶᠠᠨ ᠰᠡᠷᠭᠦᠭᠡᠵᠤ ᠤᠢᠢᠯᠡᠳᠪᠤᠷᠢᠯᠡᠯ ᠢᠶᠠᠨ ᠰᠡᠷᠬᠦᠬᠡᠬᠦ | ᠲᠠᠯ᠎ᠠ ᠪᠠᠷ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠬᠡᠷᠬᠢᠨ ᠤᠨᠤᠴᠡᠳᠡᠢ ᠠᠷᠭ᠎ᠠ ᠪᠤᠳᠤᠯᠭ᠎ᠠ | ᠬᠡᠷᠡᠭᠵᠢᠬᠦᠯᠵᠤ᠂ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠮᠦᠷᠳᠡᠭᠡᠨ ᠡᠯ᠎ᠠ ᠲᠦᠷᠦᠯ ᠤᠨ | ᠠᠵᠤ ᠠᠬᠤᠢᠢᠯᠡᠯ ᠳᠤ ᠤᠢᠢᠯᠡᠴᠢᠯᠡᠭᠡᠨ ᠤ ᠪᠠᠳᠤᠯᠠᠭ᠎ᠠ ᠬᠠᠩᠭᠠᠭᠰᠠᠨ ᠪᠤᠢ︖ | ᠰᠢᠶᠠᠩ ᠳ᠋ᠦᠩ᠄ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠲᠠᠩᠬᠢᠮ ᠬᠢᠵᠢᠭ | ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠠᠵᠤ ᠠᠬᠤᠢᠢᠯᠡᠯ ᠤᠨ | ᠠᠵᠢᠯ ᠢᠶᠠᠨ ᠰᠡᠷᠭᠦᠭᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠠᠵᠢᠯ ᠢ ᠡᠮᠬᠢ ᠵᠢᠷᠤᠮ ᠲᠠᠢ ᠰᠠᠶᠢᠳᠤᠷ ᠬᠢᠬᠦ ᠲᠤᠬᠠᠢ | ᠲᠦᠪ ᠤᠨ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠷᠢᠨ ᠬᠢᠨᠠᠮᠠᠭᠠᠢ | ᠨᠠᠶᠢᠳᠠᠪᠤᠷᠢᠵᠢᠭᠤᠯᠵᠤ᠂ ᠭᠠᠵᠠᠷ ᠤᠷᠤᠨ ᠤ ᠪᠠᠶᠢᠳᠠᠯ ᠳᠠᠭᠠᠨ ᠲᠤᠬᠢᠷᠠᠭᠤᠯᠵᠤ᠂ ᠲᠦᠷᠦᠯ ᠬᠤᠪᠢᠶᠠᠨ ᠠᠷᠭ᠎ᠠ | ᠪᠤᠳᠤᠯᠭ᠎ᠠ ᠬᠡᠷᠡᠭᠵᠢᠬᠦᠯᠵᠤ᠂ ᠠᠵᠤ ᠠᠬᠤᠢᠢᠯᠡᠯ ᠤᠨ ᠬᠡᠪ ᠤᠨ ᠤᠢᠢᠯᠡᠳᠪᠤᠷᠢᠯᠡᠯ ᠡᠵᠡᠩᠨᠡᠯᠳᠡ ᠶᠢ ᠪᠠᠳᠤᠯᠠᠪᠠ᠃ ᠡᠯ᠎ᠠ | ᠠᠶᠢᠮᠠᠭ ᠬᠤᠳᠠ ᠶᠢᠨ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠲᠤᠬᠠᠢ ᠶᠢᠨ ᠭᠠᠵᠠᠷ ᠤᠨ | ᠪᠤᠳᠠᠳᠠᠢ ᠲᠠᠢ ᠤᠶᠠᠯᠳᠤᠭᠤᠯᠵᠤ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢ ᠲᠤᠭᠳᠠᠭᠠᠨ | ᠨᠡᠶᠢᠳᠡᠯᠡᠵᠤ᠂ ᠠᠵᠤ ᠠᠬᠤᠢᠢᠯᠡᠯ ᠤᠨ ᠠᠵᠢᠯ ᠢᠶᠠᠨ ᠰᠡᠷᠭᠦᠭᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠶᠢ ᠢᠳᠡᠪᠬᠢᠳᠡᠢ | ᠲᠡᠮᠵᠢᠵᠠᠢ᠃ ᠨᠢᠭᠡ ᠳᠤ᠂ ᠵᠠᠰᠠᠭ ᠤᠨ ᠶᠠᠪᠤᠳᠠᠯ ᠢ ᠬᠢᠨᠡᠨ ᠵᠦᠪᠰᠢᠶᠡᠷᠡᠬᠦ ᠤᠢᠢᠯᠡᠴᠢᠯᠡᠭᠡᠨ ᠤ ᠵᠦᠢᠯᠡᠰ ᠢ ᠰᠦᠯᠵᠢᠶᠡᠨ | ᠲᠡᠬᠡᠷ᠎ᠠ ᠬᠦᠢᠴᠡᠳᠬᠡᠬᠦ ᠶᠢ ᠪᠦᠬᠦ ᠲᠠᠯ᠎ᠠ ᠪᠠᠷ ᠠᠬᠢᠭᠤᠯᠪᠠ᠃ ᠠᠵᠤ ᠠᠬᠤᠢᠢᠯᠡᠯ ᠪᠤᠯᠤᠨ ᠤᠯᠠᠨ ᠲᠦᠮᠡᠨ ᠢ | ᠢᠳᠡᠪᠬᠢᠳᠡᠢ ᠪᠠᠷ ᠬᠦᠳᠦᠯᠦᠨ ᠵᠢᠯᠤᠭᠤᠳᠴᠤ ᠪᠠᠶᠢᠭᠠᠳ ᠵᠠᠰᠠᠭ ᠤᠨ ᠶᠠᠪᠤᠳᠠᠯ ᠤᠨ ᠤᠢᠢᠯᠡᠴᠢᠯᠡᠭᠡᠨ ᠤ ᠰᠦᠯᠵᠢᠶ᠎ᠠ | ᠵᠡᠷᠭᠡ ᠬᠠᠮᠢᠶ᠎ᠠ ᠪᠦᠬᠦᠢ ᠲᠤᠬᠠᠢᠢᠯᠠᠭᠰᠠᠨ ᠠᠵᠢᠯ ᠤᠨ ᠲᠠᠪᠴᠠᠩ ᠢᠶᠠᠷ ᠲᠠᠮᠵᠢᠭᠤᠯᠤᠨ᠂ ᠰᠦᠯᠵᠢᠶ᠎ᠠ ᠪᠠᠷ ᠠᠰᠠᠭᠤᠨ | ᠯᠠᠪᠯᠠᠬᠤ᠂ ᠰᠦᠯᠵᠢᠶᠡᠨ ᠲᠡᠬᠡᠷ᠎ᠠ ᠠᠵᠢᠯ ᠬᠦᠢᠴᠡᠳᠬᠡᠵᠤ᠂ ᠬᠦᠮᠦᠨ ᠴᠤᠭᠯᠠᠷᠠᠬᠤ ᠪᠠ ᠰᠤᠯᠪᠢᠴᠠᠨ ᠬᠠᠯᠳᠠᠪᠤᠷᠢᠯᠠᠬᠤ | ᠶᠢ ᠬᠠᠮᠤᠭ ᠶᠡᠭᠡ ᠬᠡᠮᠵᠢᠶ᠎ᠠ ᠪᠠᠷ ᠪᠠᠭᠠᠰᠬᠠᠵᠤ ᠴᠢᠳᠠᠵᠠᠢ᠃ ᠬᠤᠶᠠᠷ ᠲᠤ᠂ ᠬᠠᠮᠢᠶ᠎ᠠ ᠪᠦᠬᠦᠢ ᠪᠦᠳᠦᠭᠡᠨ ᠪᠠᠶᠢᠭᠤᠯᠤᠯᠳᠠ | ᠶᠢᠨ ᠲᠦᠷᠦᠯ ᠵᠦᠢᠯ ᠤᠨ ᠤᠷᠴᠢᠨ ᠲᠤᠭᠤᠷᠢᠨ ᠤ ᠦᠨᠡᠯᠡᠯᠳᠡ ᠶᠢᠨ ᠪᠠᠴᠢᠮ ᠪᠠᠶᠢᠳᠠᠯ ᠢ ᠠᠷᠭᠠᠴᠠᠭᠠᠬᠤ | ᠤᠢᠢᠯᠡᠴᠢᠯᠡᠭᠡ ᠶᠢ ᠰᠠᠶᠢᠳᠤᠷ ᠬᠢᠪᠡ᠃ ᠤᠯᠤᠰ ᠪᠤᠯᠤᠨ ᠤᠷᠤᠨ ᠨᠤᠳᠤᠭ ᠤᠨ ᠨᠠᠮ ᠤᠨ ᠬᠤᠷᠢᠶ᠎ᠠ ᠵᠠᠰᠠᠭ ᠤᠨ | ᠤᠷᠳᠤᠨ ᠤ ᠲᠤᠭᠳᠠᠭᠠᠭᠰᠠᠨ ᠡᠮ ᠡᠮᠨᠡᠯᠭᠡ ᠡᠷᠡᠬᠦᠯ ᠬᠠᠮᠠᠭᠠᠯᠠᠯ᠂ ᠡᠳ᠋ ᠪᠤᠳᠠᠰ ᠤᠨ ᠤᠢᠢᠯᠡᠳᠪᠤᠷᠢᠯᠡᠯ᠂ ᠰᠤᠳᠤᠯᠭᠠᠨ | ᠤ ᠲᠤᠷᠰᠢᠯᠳᠠ ᠵᠡᠷᠭᠡ ᠭᠤᠷᠪᠠᠨ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠳᠤ ᠪᠠᠴᠢᠮ ᠶᠠᠪᠤᠳᠡᠯ | ᠢ ᠪᠠᠴᠢᠮ ᠬᠦᠢᠴᠡᠳᠭᠡᠵᠤ᠂ ᠤᠨᠴᠠᠭᠠᠢ ᠤᠴᠢᠷ ᠢ ᠤᠨᠴᠠᠭᠠᠢ ᠰᠢᠢᠳᠪᠤᠷᠢᠯᠡᠵᠤ᠂ ᠲᠦᠷ ᠴᠠᠭ ᠤᠨ ᠴᠢᠨᠠᠷᠳᠡᠢ | ᠭᠤᠷᠪᠠᠨ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠤᠷᠴᠢᠨ ᠲᠤᠭᠤᠷᠢᠨ ᠤ ᠨᠦᠯᠦᠭᠡ ᠶᠢ | ᠦᠨᠡᠯᠡᠬᠦ ᠭᠠᠷ ᠬᠦᠢᠴᠡᠳᠭᠡᠯ ᠢ ᠬᠡᠯᠳᠤᠷᠢᠬᠦᠯᠵᠤ᠂ ᠬᠢᠵᠢᠭ ᠤᠨ ᠪᠠᠶᠢᠳᠠᠯ ᠲᠠᠭᠤᠰᠤᠭᠰᠠᠨ ᠤ ᠲᠠᠷᠠᠭ᠎ᠠ ᠭᠠᠷ | ᠬᠦᠢᠴᠡᠳᠭᠡᠯ ᠢ ᠨᠦᠬᠦᠵᠤ ᠪᠤᠯᠤᠨ᠎ᠠ ᠭᠡᠵᠤ ᠲᠤᠬᠳᠠᠵᠡᠢ᠃ ᠭᠤᠷᠪᠠ ᠳᠤ᠂ ᠬᠢᠨᠠᠯᠳᠠ ᠬᠠᠮᠢᠶᠠᠷᠤᠯᠳᠠ ᠬᠢᠭᠡᠳ | ᠤᠢᠢᠯᠡᠴᠢᠯᠡᠭᠡ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠳᠠᠯᠠᠪᠠ᠃ ᠠᠵᠤ ᠠᠬᠤᠢᠢᠯᠡᠯ ᠢ ᠵᠢᠯᠤᠭᠤᠳᠴᠤ ᠠᠵᠢᠯ ᠢᠶᠠᠨ | ᠰᠡᠷᠭᠦᠭᠡᠵᠤ ᠤᠢᠢᠯᠡᠳᠪᠤᠷᠢᠯᠡᠯ ᠢᠶᠠᠨ ᠰᠡᠷᠬᠦᠬᠡᠬᠦ ᠠᠴᠠ ᠡᠮᠤᠨᠡᠬᠢ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢᠨ | ᠬᠡᠮ ᠰᠤᠭᠤᠭ ᠢ ᠪᠠᠶᠢᠴᠠᠭᠠᠬᠤ ᠶᠢ ᠴᠢᠩᠭᠠᠳᠬᠠᠵᠤ᠂ ᠠᠵᠤ ᠠᠬᠤᠢᠢᠯᠡᠯ ᠢ ᠬᠢᠨᠡᠨ ᠱᠠᠯᠠᠪᠳᠠᠭᠤᠯᠵᠤ ᠪᠤᠬᠢᠷᠳᠤᠯ ᠢ | ᠰᠡᠷᠭᠡᠶᠢᠯᠡᠨ ᠵᠠᠰᠠᠬᠤ ᠭᠤᠤᠯ ᠴᠤᠭᠴᠡ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠤ ᠠᠬᠤᠢᠢᠯᠡᠯ ᠳᠤ ᠤᠷᠤᠰᠢᠵᠤ ᠪᠠᠶᠢᠭ᠎ᠠ ᠤᠷᠴᠢᠨ ᠲᠤᠭᠤᠷᠢᠨ ᠤ ᠠᠰᠠᠭᠤᠳᠠᠯ ᠳᠤ ᠠᠷᠭ᠎ᠠ | ᠪᠦᠬᠦᠨ ᠢ ᠰᠦᠪᠡᠭᠴᠢᠯᠡᠵᠤ ᠰᠢᠢᠳᠪᠤᠷᠢᠯᠡᠵᠤ᠂ ᠤᠢᠢᠯᠡᠳᠪᠤᠷᠢᠯᠡᠯ ᠢ ᠨᠢ ᠬᠢᠵᠠᠭᠠᠷᠯᠠᠬᠤ ᠪᠤᠶᠤ ᠤᠢᠢᠯᠡᠳᠪᠤᠷᠢᠯᠡᠯ ᠢ ᠨᠢ | ᠵᠤᠭᠰᠤᠭᠠᠬᠤ ᠠᠷᠭ᠎ᠠ ᠬᠡᠮᠵᠢᠶ᠎ᠠ ᠠᠠᠪᠬᠤ ᠦᠭᠡᠢ︔ ᠬᠢᠵᠢᠭ ᠤᠨ ᠪᠠᠶᠢᠳᠠᠯ ᠤᠨ ᠨᠦᠯᠦᠬᠡ ᠠᠴᠠ ᠪᠤᠯᠵᠤ | ᠤᠢᠢᠯᠡᠳᠪᠤᠷᠢᠯᠡᠯ ᠡᠵᠡᠩᠨᠡᠯᠳᠡ ᠨᠢ ᠬᠦᠴᠢᠷᠳᠡᠯᠳᠡᠢ ᠲᠤᠮᠳᠠ ᠪᠠᠭ᠎ᠠ ᠠᠵᠤ ᠠᠬᠤᠢᠢᠯᠡᠯ ᠤᠷᠴᠢᠨ ᠲᠤᠭᠤᠷᠢᠨ ᠤ ᠬᠠᠤᠯᠢ | ᠲᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠢᠯᠡᠷᠡᠪᠡᠯ ᠬᠠᠤᠯᠢ ᠶᠤᠰᠤᠭᠠᠷ᠂ ᠪᠤᠳᠠᠳᠤ ᠠᠰᠠᠭᠤᠳᠠᠯ ᠢ ᠬᠠᠨᠳᠤᠯᠭᠠᠳᠤ | ᠴᠢᠨᠠᠷᠳᠠᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠠ ᠠᠪᠤᠨ᠎ᠠ᠃ |