|
ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ ᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ ᠤᠯᠠᠮᠵᠢᠯᠠᠨ ᠶᠠᠪᠤᠭᠤᠯᠬᠤ ᠤᠴᠢᠷ |
|
|
ᠨᠡᠶᠢᠲᠡᠯᠡᠭᠰᠡᠨ ᠴᠠᠭ᠄
2020/3/11
|
|
ᠥᠪᠥᠷ ᠰᠡᠷᠭᠡᠶᠢᠯᠡᠬᠦ ᠵᠢᠯᠣᠭᠤᠳᠬᠤ ᠲᠠᠷᠬᠠᠭᠠᠭᠰᠠᠨ ﹇2020﹈ 52 ᠳ᠋ᠤᠭᠠᠷ ᠲᠣᠭᠠᠲᠤ
ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠤᠯᠠᠮᠵᠢᠯᠠᠨ ᠶᠠᠪᠤᠭᠤᠯᠬᠤ ᠤᠴᠢᠷ
ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠪᠦᠷᠢᠯᠳᠦᠭᠦᠨ ᠨᠢᠭᠡᠴᠢ ᠳᠤ᠄ ︽ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠠᠵᠢᠯ ᠢ ᠴᠢᠩᠭᠠᠳᠬᠠᠬᠤ ᠲᠤᠬᠠᠶ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠲᠢᠩᠬᠢᠮ ᠤᠨ ᠮᠡᠳᠡᠭᠳᠡᠯ︾ ︵ᠤᠯᠤᠰ ᠡᠷᠡᠭᠦᠯ ᠠᠯᠪᠠᠨ ᠲᠤᠰᠢᠶᠠᠯ ᠮᠡᠨᠳᠦ ᠵᠠᠬᠢᠳᠠᠯ ﹇2020﹈ 201 ᠳ᠋ᠦ᠋ᠭᠡᠷ ᠲᠣᠭᠠᠲᠤ︶ ᠢ ᠡᠳᠦᠭᠡ ᠲᠠᠨᠠᠷ ᠲᠤ ᠤᠯᠠᠮᠵᠢᠯᠠᠨ ᠶᠠᠪᠤᠭᠤᠯᠬᠤ ᠶᠢᠨ ᠬᠠᠮᠲᠤ ᠳᠣᠤᠷᠠᠬᠢ ᠮᠡᠲᠦ ᠱᠠᠭᠠᠷᠳᠠᠯᠭ᠎ᠠ ᠶᠢ ᠳᠤᠷᠠᠳᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠬᠢᠨᠠᠮᠠᠭᠠᠶ ᠰᠠᠶᠢᠲᠤᠷ ᠠᠳᠬᠤᠬᠤ ᠪᠣᠯᠪᠠᠤ᠃ ᠡᠯ᠎ᠡ ᠠᠶᠢᠮᠠᠭ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠳ ᠬᠠᠷᠢᠶ᠎ᠠ ᠭᠠᠵᠠᠷ ᠤᠨ ᠢᠶᠠᠨ ᠡᠯ᠎ᠡ ᠲᠥᠷᠥᠯ ᠤᠨ ᠠᠵᠤ ᠠᠬᠤᠶᠢᠯᠠᠯ ᠪᠦᠬᠦᠨ ᠳᠤ ᠨᠢᠭᠡ ᠭᠠᠷᠠᠭ ︵ᠠᠵᠤ ᠠᠬᠤᠶᠢᠯᠠᠯ ᠣᠯᠠᠨ ᠠᠶᠢᠮᠠᠭ ᠬᠤᠲᠠ ᠨᠢ 2 ᠠᠴᠠ 3 ᠡᠳᠦᠷ ᠤᠷᠲᠤᠳᠬᠠᠵᠤ ᠪᠣᠯᠤᠨ᠎ᠠ︶ ᠤᠨ ᠪᠠᠶᠢᠴᠠᠭᠠᠯᠲᠠ ᠬᠢᠵᠦ᠂ ᠠᠵᠢᠯᠯᠠᠭᠠᠨ ᠤ ᠵᠢᠯᠣᠭᠤᠳᠤᠮᠵᠢ ᠪᠠ ᠮᠡᠷᠭᠡᠵᠢᠯ ᠤᠨ ᠲᠥᠰᠦᠯ ᠢ ᠬᠡᠷᠡᠭᠵᠢᠭᠦᠯᠦᠭᠰᠡᠨ ᠪᠠᠶᠢᠳᠠᠯ᠂ ︽ᠵᠢᠷᠭᠤᠭ᠎ᠠ ᠶᠢ ᠪᠣᠳᠠᠲᠠᠶᠢᠵᠢᠭᠤᠯᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠢ ᠵᠢᠯᠣᠭᠤᠳᠤᠨ ᠬᠠᠪᠰᠤᠷᠤᠭᠰᠠᠨ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠵᠤ᠂ ᠪᠠᠶᠢᠴᠠᠭᠠᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠬᠦ ᠬᠡᠷᠡᠭᠲᠡᠶ᠃ 2020 ᠣᠨ ᠤ 3 ᠳ᠋ᠤᠭᠠᠷ ᠰᠠᠷ᠎ᠠ ᠶᠢᠨ 9 ᠤ ᠡᠳᠦᠷ |
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|