ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ
245 ᠳ᠋ᠤᠭᠠᠷ ᠲᠣᠭᠠᠲᠤ
︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠬᠠᠮᠢᠶᠠᠷᠤᠯᠲᠠ ᠶᠢᠨ ᠠᠷᠭ᠎ᠠ︾ ᠶᠢ 2020 ᠣᠨ ᠤ 1 ᠳ᠋ᠦ᠋ᠭᠡᠷ ᠰᠠᠷ᠎ᠠ ᠶᠢᠨ 21 ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠶᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠲᠡᠯᠡᠪᠡ᠂ 2020 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃
ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠣ ᠯᠢᠨ
2020 ᠣᠨ ᠤ 2 ᠳ᠋ᠤᠭᠠᠷ ᠰᠠᠷ᠎ᠠ ᠶᠢᠨ 24 ᠤ ᠡᠳᠦᠷ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ
ᠬᠥᠳᠡᠯᠦᠯᠲᠡ ᠶᠢᠨ ᠰᠡᠷᠡᠮᠵᠢᠯᠡᠭᠦᠯᠬᠦ ᠬᠠᠮᠢᠶᠠᠷᠤᠯᠲᠠ ᠶᠢᠨ ᠠᠷᠭ᠎ᠠ
ᠨᠢᠭᠡᠳᠦᠭᠡᠷ ᠪᠦᠯᠦᠭ ᠶᠡᠷᠦᠩᠬᠡᠶ ᠲᠦᠷᠢᠮ
ᠨᠢᠭᠡᠳᠦᠭᠡᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯᠯᠠᠭ᠎ᠠ ᠶᠢ ᠵᠢᠷᠤᠮᠵᠢᠭᠤᠯᠵᠤ᠂ ᠭᠠᠵᠠᠷ ᠬᠥᠳᠡᠯᠦᠯᠲᠡ ᠶᠢᠨ ᠭᠠᠮᠰᠢᠭ ᠤᠨ ᠬᠤᠬᠢᠷᠠᠯ ᠢ ᠪᠠᠭᠠᠰᠬᠠᠨ᠂ ᠠᠷᠠᠳ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ︽ᠪᠥᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾ ︽ᠭᠠᠵᠠᠷ ᠬᠥᠳᠡᠯᠦᠯᠲᠡ ᠶᠢ ᠬᠢᠨᠠᠨ ᠰᠢᠨᠵᠢᠬᠦ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃
ᠬᠤᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠲᠥᠯᠥᠪᠵᠢᠭᠦᠯᠵᠦ ᠪᠥᠳᠥᠭᠡᠨ ᠪᠠᠶᠢᠭᠤᠯᠬᠤ᠂ ᠮᠡᠳᠡᠭᠡ ᠵᠠᠩᠭᠢ ᠨᠡᠶᠢᠲᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠵᠡᠷᠭᠡ ᠠᠵᠢᠯᠯᠠᠭ᠎ᠠ ᠶᠢ ᠶᠠᠪᠤᠭᠳᠠᠭᠤᠯᠬᠤ ᠳᠤ ᠲᠤᠰ ᠠᠷᠭ᠎ᠠ ᠶᠢ ᠵᠢᠷᠤᠮᠯᠠᠨ ᠰᠠᠬᠢᠬᠤ ᠬᠡᠷᠡᠭᠲᠡᠢ᠃
ᠭᠤᠷᠪᠠᠳᠤᠭᠠᠷ ᠵᠦᠢᠯ ᠲᠣᠰ ᠠᠷᠭ᠎ᠠ ᠳᠤ ᠬᠡᠯᠡᠵᠦ ᠪᠠᠶᠢᠭ᠎ᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠭᠡᠳᠡᠭ ᠨᠢ ᠭᠠᠵᠠᠷ ᠬᠥᠳᠡᠯᠦᠭᠰᠡᠨ ᠤ ᠳᠠᠷᠠᠭ᠎ᠠ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠠᠰᠢᠭᠯᠠᠨ᠂ ᠭᠠᠵᠠᠷ ᠬᠥᠳᠡᠯᠦᠯᠲᠡ ᠳᠤ ᠡᠪᠳᠡᠭᠳᠡᠨ ᠰᠦᠢᠳᠬᠡᠭᠳᠡᠵᠦ ᠮᠡᠳᠡᠬᠦ ᠣᠷᠣᠨ ᠪᠦᠰᠡ ᠳᠤ ᠰᠡᠷᠡᠮᠵᠢ ᠶᠢᠨ ᠮᠡᠳᠡᠭᠡ ᠵᠠᠩᠭᠢ ᠶᠢ ᠤᠷᠢᠳᠴᠢᠯᠠᠨ ᠮᠡᠳᠡᠭᠳᠡᠬᠦ ᠶᠢ ᠵᠢᠭᠠᠵᠤ ᠪᠣᠶ᠃
ᠳᠥᠷᠪᠡᠳᠦᠭᠡᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠵᠠᠰᠠᠭ ᠤᠨ ᠣᠷᠳᠣᠨ ᠭᠤᠣᠯᠯᠠᠭᠤᠯᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠬᠤ ᠬᠡᠷᠡᠭᠲᠡᠢ᠃
ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠤᠳᠤᠷᠢᠳᠤᠯᠭ᠎ᠠ ᠪᠠᠨ ᠴᠢᠩᠭᠠᠳᠬᠠᠵᠤ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠢ ᠲᠤᠰ ᠱᠠᠲᠤᠨ ᠤ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠥᠯᠥᠪᠵᠢᠭᠦᠯᠭᠡ ᠳᠤ ᠣᠷᠣᠭᠤᠯᠬᠤ ᠬᠡᠷᠡᠭᠲᠡᠢ᠃
ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠬᠡᠷᠡᠭᠰᠡᠬᠦ ᠵᠠᠷᠤᠳᠠᠯ ᠢ ᠠᠵᠢᠯ ᠶᠠᠪᠤᠳᠠᠯ ᠬᠠᠮᠢᠶᠠᠷᠬᠤ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠯᠤᠭ᠎ᠠ ᠲᠣᠬᠢᠷᠠᠯᠴᠠᠭᠤᠯᠬᠤ ᠵᠠᠷᠴᠢᠮ ᠶᠣᠰᠣᠭᠠᠷ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠱᠠᠲᠤ ᠬᠤᠪᠢᠶᠠᠵᠤ ᠳᠠᠭᠠᠭᠠᠨ ᠡᠭᠦᠷᠭᠡᠯᠡᠬᠦ
ᠬᠡᠷᠡᠭᠲᠡᠢ᠃
ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠢ ᠬᠠᠷᠢᠭᠤᠴᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠠᠶᠢᠭᠤᠯᠤᠮᠵᠢ ︵ᠳᠣᠷᠣᠭᠰᠢ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠨᠤᠭᠤᠳ ᠨᠢ ᠲᠤᠰ ᠵᠠᠰᠠᠭ ᠵᠠᠬᠢᠷᠭᠠᠨ ᠤ ᠣᠷᠣᠨ ᠳᠠᠬᠢ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠬᠤ ᠬᠡᠷᠡᠭᠲᠡᠢ᠃
ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠰᠤᠷᠭᠠᠨ ᠬᠥᠮᠦᠵᠢᠯ᠂ ᠷᠠᠳᠢᠣ᠋ ᠲᠧᠯᠸᠢᠰ᠂ ᠴᠠᠭ ᠠᠭᠤᠷ ᠪᠠ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠶ᠃
ᠳᠣᠯᠣᠳᠤᠭᠠᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠤᠯᠲᠠ ᠳᠤ ᠨᠡᠶᠢᠭᠡᠮ ᠤᠨ ᠬᠦᠴᠦᠨ ᠤ ᠬᠢᠨ ᠬᠠᠤᠯᠢ ᠶᠣᠰᠣᠭᠠᠷ ᠣᠷᠣᠯᠴᠠᠬᠤ ᠶᠢ ᠥᠪᠡᠷᠲᠡᠭᠡᠨ ᠵᠠᠰᠠᠬᠤ ᠣᠷᠣᠨ ᠠᠴᠠ ᠵᠣᠷᠢᠭᠵᠢᠭᠤᠯᠤᠨ ᠳᠡᠮᠵᠢᠵᠦ ᠪᠠᠶᠢᠭᠠᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠦᠢᠯᠡᠳᠬᠦᠨ ᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠬᠡᠷᠡᠭᠯᠡᠬᠦ ᠠᠵᠢᠯᠯᠠᠭ᠎ᠠ ᠦᠷᠨᠢᠭᠦᠯᠬᠦ ᠬᠡᠷᠡᠭᠲᠡᠢ᠃
ᠬᠤᠶᠠᠳᠤᠭᠠᠷ ᠪᠦᠯᠦᠭ ᠲᠥᠯᠥᠪᠵᠢᠭᠦᠯᠭᠡ ᠬᠢᠭᠡᠳ ᠪᠥᠳᠥᠭᠡᠨ ᠪᠠᠶᠢᠭᠤᠯᠤᠯᠲᠠ
ᠨᠠᠢᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠲᠤᠷᠠᠵᠤ᠂ ᠤᠯᠤᠰ ᠤᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠬᠤ ᠲᠥᠯᠥᠪᠵᠢᠭᠦᠯᠭᠡ ᠪᠠ ᠬᠠᠮᠢᠶ᠎ᠠ ᠪᠥᠬᠦᠢ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃
ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠦᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠪᠦᠲᠦᠭᠡᠨ ᠪᠠᠶᠢᠭᠤᠯᠬᠤ ᠶᠢ ᠵᠣᠬᠢᠶᠠᠨ ᠪᠠᠶᠢᠭᠤᠯᠬᠤ ᠬᠡᠷᠡᠭᠲᠡᠢ᠃
ᠠᠷᠪᠠᠳᠤᠭᠠᠷ ᠵᠦᠢᠯ ᠲᠣᠮᠣ ᠬᠡᠯᠪᠡᠷᠢ ᠶᠢᠨ ᠤᠰᠤᠨ ᠴᠥᠭᠦᠷᠥᠮ᠂ ᠴᠢᠯᠠᠭᠤᠨ ᠲᠣᠰᠣᠨ ᠤ ᠠᠭᠤᠷᠬᠠᠶ᠂ ᠠᠭᠤᠷᠬᠠᠶ᠂ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ᠂ ᠳᠡᠭᠡᠳᠦ ᠬᠤᠷᠳᠤ ᠶᠢᠨ ᠲᠡᠮᠦᠷ ᠵᠠᠮ᠂ ᠬᠤᠲᠠ ᠶᠢᠨ ᠵᠢᠮᠲᠦ ᠵᠠᠮ ᠬᠠᠷᠢᠯᠴᠠᠭ᠎ᠠ ᠵᠡᠷᠭᠡ ᠴᠢᠬᠤᠯᠠ ᠶᠡᠭᠡ ᠪᠥᠲᠥᠭᠡᠨ ᠪᠠᠶᠢᠭᠤᠯᠬᠤ ᠪᠠᠷᠢᠯᠭ᠎ᠠ ᠪᠠ ᠬᠦᠨᠳᠦ ᠨᠣᠴᠢᠲᠠᠶ ᠡᠭᠦᠰᠦᠮᠡᠯ ᠭᠠᠮᠰᠢᠭ ᠭᠠᠷᠴᠤ ᠮᠡᠳᠡᠬᠦᠶᠢᠴᠡ ᠪᠥᠲᠥᠭᠡᠨ ᠪᠠᠶᠢᠭᠤᠯᠬᠤ ᠪᠠᠷᠢᠯᠭ᠎ᠠ ᠶᠢ ᠪᠥᠲᠥᠭᠡᠨ ᠪᠠᠶᠢᠭᠤᠯᠬᠤ ᠨᠢᠭᠡᠴᠢ ᠨᠢ ᠭᠠᠵᠠᠷ ᠬᠥᠳᠡᠯᠦᠯᠲᠡ ᠶᠢᠨ ᠪᠠᠴᠢᠮ ᠰᠢᠢᠳᠪᠦᠷᠢᠯᠡᠬᠦ ᠰᠢᠰᠲ᠋ᠧᠮ ᠢ ᠪᠠᠶᠢᠭᠤᠯᠵᠤ᠂ ᠭᠠᠵᠠᠷ ᠬᠦᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠦ᠋ᠲ᠋ᠣ᠋ ᠭᠥᠯᠢᠶᠡᠨ ᠠᠪᠬᠤ ᠪᠠ ᠨᠡᠪᠲᠡᠷᠡᠭᠦᠯᠦᠨ ᠮᠡᠳᠡᠭᠡᠯᠡᠬᠦ ᠲᠣᠨᠣᠭᠯᠠᠯ ᠢ ᠤᠭᠰᠠᠷᠠᠬᠤ ᠬᠡᠷᠡᠭᠲᠡᠶ᠃
ᠠᠷᠪᠠᠨ ᠨᠢᠭᠡᠳᠦᠭᠡᠷ ᠵᠦᠢᠯ ᠴᠢᠬᠤᠯᠠ ᠶᠡᠭᠡ ᠪᠥᠳᠥᠭᠡᠨ ᠪᠠᠶᠢᠭᠤᠯᠬᠤ ᠪᠠᠷᠢᠯᠭ᠎ᠠ ᠪᠠ ᠬᠦᠨᠳᠦ ᠨᠣᠴᠢᠲᠠᠢ ᠡᠭᠦᠰᠦᠮᠡᠯ ᠭᠠᠮᠰᠢᠭ ᠭᠠᠷᠴᠤ ᠮᠡᠳᠡᠬᠦᠶᠢᠴᠡ ᠪᠥᠳᠥᠭᠡᠨ ᠪᠠᠶᠢᠭᠤᠯᠬᠤ ᠪᠠᠷᠢᠯᠭ᠎ᠠ ᠶᠢ ᠪᠥᠳᠥᠭᠡᠨ ᠪᠠᠶᠢᠭᠤᠯᠬᠤ ᠨᠢᠭᠡᠴᠢ ᠨᠢ ᠬᠡᠷᠡᠭᠴᠡᠭᠡ ᠪᠠᠨ ᠦᠨᠳᠦᠰᠦᠯᠡᠨ ᠲᠤᠰᠬᠠᠢ ᠬᠡᠷᠡᠭᠯᠡᠬᠦ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠪᠥᠳᠥᠭᠡᠨ ᠪᠠᠶᠢᠭᠤᠯᠵᠤ ᠪᠣᠯᠤᠨ᠎ᠠ᠃ ᠪᠦᠲᠦᠭᠡᠨ ᠪᠠᠷᠢᠭᠤᠯᠬᠤ ᠨᠢᠭᠡᠴᠢ ᠨᠢ ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠪᠠᠶᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠳᠤ ᠭᠠᠵᠠᠷ ᠬᠥᠳᠡᠯᠦᠯᠲᠡ ᠶᠢ ᠬᠢᠨᠠᠵᠤ ᠰᠢᠨᠵᠢᠭᠰᠡᠨ ᠮᠡᠳᠡᠭᠡ ᠵᠠᠩᠭᠢ ᠪᠠᠨ ᠲᠤᠬᠠᠶ ᠶᠢᠨ ᠴᠠᠭ ᠲᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃
ᠲᠤᠰᠬᠠᠶ ᠬᠡᠷᠡᠭᠯᠡᠬᠦ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠪᠦᠲᠦᠭᠡᠨ ᠪᠠᠶᠢᠭᠤᠯᠬᠤ᠂ ᠠᠵᠢᠯᠯᠠᠭᠤᠯᠬᠤ᠂ ᠬᠠᠮᠠᠭᠠᠯᠠᠬᠤ ᠵᠠᠷᠤᠳᠠᠯ ᠢ ᠪᠦᠲᠦᠭᠡᠨ ᠪᠠᠶᠢᠭᠤᠯᠬᠤ ᠨᠢᠭᠡᠴᠢ ᠨᠢ ᠳᠠᠭᠠᠭᠠᠨ ᠡᠭᠦᠷᠭᠡᠯᠡᠬᠦ ᠬᠡᠷᠡᠭᠲᠡᠢ᠃
ᠠᠷᠪᠠᠨ ᠬᠤᠶᠠᠳᠤᠭᠠᠷ ᠵᠦᠢᠯ ᠨᠡᠶᠢᠭᠡᠮ ᠤᠨ ᠬᠦᠴᠦᠨ ᠤ ᠬᠢᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠪᠦᠲᠦᠭᠡᠨ ᠪᠠᠶᠢᠭᠤᠯᠬᠤ ᠳᠤ ᠣᠷᠣᠯᠴᠠᠬᠤ ᠪᠠᠷ ᠪᠠᠶᠢᠪᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠪᠦᠲᠦᠭᠡᠨ ᠪᠠᠶᠢᠭᠤᠯᠤᠭᠰᠠᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠬᠤᠷᠢᠶ᠎ᠠ ᠥᠷᠲᠡᠭᠡ ︵ᠴᠡᠭ︶ ᠨᠢ ᠤᠯᠤᠰ ᠤᠨ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠳᠤ ᠨᠠᠶᠢᠴᠡᠭᠰᠡᠨ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠳᠤ ᠣᠷᠣᠭᠤᠯᠵᠤ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠳᠤ ᠣᠷᠣᠭᠤᠯᠤᠭᠰᠠᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠬᠤᠷᠢᠶ᠎ᠠ ᠥᠷᠲᠡᠭᠡ ︵ᠴᠡᠭ︶ ᠶᠢ ᠬᠠᠮᠢᠶᠠᠷᠬᠤ ᠨᠢᠭᠡᠴᠢ ᠨᠢ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠳᠤ ᠭᠠᠵᠠᠷ ᠬᠥᠳᠡᠯᠦᠯᠲᠡ ᠶᠢ ᠬᠢᠨᠠᠵᠤ ᠰᠢᠨᠵᠢᠭᠰᠡᠨ ᠮᠡᠳᠡᠭᠡ ᠵᠠᠩᠭᠢ ᠪᠠᠨ ᠲᠤᠬᠠᠢ ᠶᠢᠨ ᠴᠠᠭ ᠲᠤ ᠨᠢ ᠳᠠᠮᠵᠢᠭᠤᠯᠤᠨ ᠬᠦᠷᠭᠡᠬᠦ ᠬᠡᠷᠡᠭᠲᠡᠶ᠃
ᠠᠷᠪᠠᠨ ᠭᠤᠷᠪᠠᠳᠤᠭᠠᠷ ᠵᠦᠢᠯ ᠭᠠᠵᠠᠷ ᠬᠥᠳᠡᠯᠦᠯᠲᠡ ᠶᠢᠨ ᠭᠤᠤᠯᠳᠠᠯᠭ᠎ᠠ ᠲᠠᠢ ᠬᠢᠨᠠᠨ ᠠᠵᠢᠭᠯᠠᠵᠤ ᠰᠡᠷᠭᠡᠶᠢᠯᠡᠬᠦ ᠲᠣᠭᠤᠷᠢᠭ ᠲᠠᠬᠢ ᠰᠤᠷᠭᠠᠭᠤᠯᠢ᠂ ᠬᠡᠤᠬᠡᠳ ᠤᠨ ᠴᠡᠴᠡᠷᠯᠢᠭ᠂ ᠡᠮᠨᠡᠯᠭᠡ ᠶᠢᠨ ᠬᠤᠷᠢᠶ᠎ᠠ᠂ ᠲᠡᠷᠭᠡᠨ ᠥᠷᠲᠡᠭᠡ᠂ ᠨᠢᠰᠬᠡᠯ ᠤᠨ ᠪᠠᠭᠤᠳᠠᠯ᠂ ᠪᠡᠶ᠎ᠡ ᠶᠢᠨ ᠲᠠᠮᠢᠷ ᠤᠨ ᠲᠠᠯᠠᠪᠠᠶ ︵ᠣᠷᠳᠣᠨ︶᠂ ᠬᠤᠳᠠᠯᠳᠤᠭᠠᠨ ᠤ ᠲᠠᠯᠠᠪᠤᠷ᠂ ᠨᠣᠮ ᠤᠨ ᠰᠠᠩ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠲᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠠᠦ᠋ᠲ᠋ᠣ᠋ ᠭᠥᠯᠢᠶᠡᠨ ᠠᠪᠬᠤ ᠪᠠ ᠨᠡᠪᠲᠡᠷᠡᠭᠦᠯᠦᠨ ᠮᠡᠳᠡᠭᠡᠯᠡᠬᠦ ᠲᠣᠨᠣᠭᠯᠠᠯ ᠢ ᠤᠭᠰᠠᠷᠠᠬᠤ ᠬᠡᠷᠡᠭᠲᠡᠶ᠃
ᠠᠷᠪᠠᠨ ᠳᠥᠷᠪᠡᠳᠦᠭᠡᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠭᠠᠷᠤᠢ ᠲᠤᠷᠰᠢᠨ ᠠᠵᠢᠯᠯᠠᠭᠤᠯᠬᠤ ᠶᠢᠨ ᠬᠠᠮᠲᠤ᠂ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠭᠠᠨ ᠬᠤᠷᠢᠶᠠᠵᠤ ᠠᠪᠬᠤ ᠳᠤ ᠬᠢᠷᠢ ᠲᠡᠩᠴᠡᠭᠰᠡᠨ ᠪᠠᠶᠢᠪᠠᠯ ᠵᠢᠩᠬᠢᠨᠢ ᠪᠠᠷ ᠠᠵᠢᠯᠯᠠᠭᠤᠯᠵᠤ ᠪᠣᠯᠤᠨ᠎ᠠ᠃
ᠭᠤᠷᠪᠠᠳᠤᠭᠠᠷ ᠪᠦᠯᠦᠭ ᠮᠡᠳᠡᠭᠡ ᠵᠠᠩᠭᠢ ᠨᠡᠶᠢᠲᠡᠯᠡᠬᠦ ᠬᠢᠭᠡᠳ ᠰᠢᠢᠳᠪᠦᠷᠢᠯᠡᠬᠦ
ᠠᠷᠪᠠᠨ ᠲᠠᠪᠤᠳᠤᠭᠠᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢᠭᠡᠳᠦᠯᠲᠡᠢ ᠨᠡᠶᠢᠲᠡᠯᠡᠨ᠎ᠡ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠶᠠᠮᠠᠷ ᠨᠢᠭᠡᠨ ᠬᠡᠯᠪᠡᠷᠢ ᠪᠠᠷ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠭᠡᠮ ᠳᠤ ᠨᠡᠶᠢᠲᠡᠯᠡᠵᠦ ᠪᠣᠯᠬᠤ ᠦᠭᠡᠢ᠃
ᠠᠷᠪᠠᠨ ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠷᠠᠳᠢᠤ᠋᠂ ᠲᠧᠯᠸᠢᠰ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠢᠶᠠᠷ ᠳᠠᠮᠵᠢᠭᠤᠯᠤᠨ ᠭᠠᠵᠠᠷ ᠬᠦᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠨ ᠨᠡᠶᠢᠳᠡ ᠳᠤ ᠴᠠᠭ ᠲᠤᠬᠠᠢ ᠳᠤ ᠨᠢ᠂ ᠣᠨᠣᠪᠴᠢᠲᠠᠢ ᠪᠠᠷ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃
ᠠᠷᠪᠠᠨ ᠳᠣᠯᠣᠳᠤᠭᠠᠷ ᠵᠦᠢᠯ ᠭᠠᠵᠠᠷ ᠬᠥᠳᠡᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠦᠳᠡᠯᠥᠯᠲᠡ ᠶᠢᠨ ᠰᠡᠷᠡᠮᠵᠢᠯᠡᠭᠦᠯᠬᠦ ᠰᠢᠰᠲ᠋ᠧᠮ ᠠᠴᠠ ᠭᠠᠵᠠᠷ ᠬᠦᠳᠡᠯᠦᠯᠲᠡ ᠶᠢᠨ ᠳᠣᠷᠭᠢᠭᠤᠯᠴᠠ ᠨᠢ 6 ᠭᠷᠠᠳᠦ᠋ᠰ ᠠᠴᠠ ᠳᠡᠭᠡᠭᠰᠢ ᠪᠠᠶᠢᠬᠤ ᠪᠠᠷ ᠵᠢᠱᠢᠭᠰᠡᠨ ᠪᠠᠶᠢᠪᠠᠯ᠂ ᠵᠣᠬᠢᠴᠠᠩᠭᠤᠢ ᠪᠦᠬᠦᠢ ᠣᠷᠣᠨ ᠪᠦᠰᠡ ᠳᠤ ᠭᠠᠵᠠᠷ ᠬᠦᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠬᠦ ᠬᠡᠷᠡᠭᠲᠡᠢ᠃
ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠳᠤ ᠭᠠᠵᠠᠷ ᠭᠦᠳᠡᠯᠦᠯᠳᠡ ᠶᠢᠨ ᠲᠥᠪ᠂ ᠭᠠᠵᠠᠷ ᠭᠦᠳᠡᠯᠦᠯᠳᠡ ᠶᠢᠨ ᠳᠡᠰ᠂ ᠭᠠᠵᠠᠷ ᠭᠦᠳᠡᠯᠦᠯᠳᠡ ᠶᠢᠨ ᠴᠠᠭ᠂ ᠰᠡᠷᠡᠮᠵᠢᠯᠡᠭᠦᠯᠬᠦ ᠴᠠᠭ᠂ ᠭᠠᠵᠠᠷ ᠬᠦᠳᠡᠯᠦᠯᠲᠡ ᠶᠢᠨ ᠳᠣᠷᠬᠢᠭᠤᠯᠴᠠ ᠶᠢᠨ ᠵᠢᠱᠢᠯᠲᠡ ᠵᠡᠷᠭᠡ ᠠᠭᠤᠯᠭ᠎ᠠ ᠪᠠᠭᠲᠠᠨ᠎ᠠ᠃
ᠠᠷᠪᠠᠨ ᠨᠠᠢᠮᠠᠳᠤᠭᠠᠷ ᠵᠦᠢᠯ ᠨᠢᠭᠡᠨᠲᠡ ᠨᠡᠶᠢᠲᠡᠯᠡᠭᠰᠡᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠳᠤ ᠨᠡᠯᠢᠶᠡᠳ ᠶᠡᠭᠡ ᠵᠥᠷᠢᠶ᠎ᠡ ᠲᠠᠢ ᠵᠦᠢᠯ ᠭᠠᠷᠤᠭᠰᠠᠨ ᠪᠠᠶᠢᠪᠠᠯ᠂ ᠴᠠᠭ ᠲᠤᠬᠠᠶ ᠳᠤ ᠨᠢ ᠤᠤᠯ ᠤᠨ ᠠᠷᠭ᠎ᠠ ᠵᠠᠮ ᠢᠶᠠᠷ ᠳᠠᠮᠵᠢᠭᠤᠯᠤᠨ ᠬᠠᠯᠠᠵᠤ ᠵᠠᠯᠠᠷᠠᠭᠤᠯᠬᠤ ᠬᠡᠷᠡᠭᠲᠡᠶ᠃
ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠥᠯᠢᠶᠡᠨ ᠠᠪᠤᠭᠰᠠᠨ ᠤ ᠲᠠᠷᠠᠭ᠎ᠠ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠶᠣᠰᠣᠭᠠᠷ᠂ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠵᠢᠯ ᠢ ᠬᠠᠤᠯᠢ ᠶᠣᠰᠣᠭᠠᠷ ᠴᠠᠭ ᠲᠤᠬᠠᠢ ᠳᠤ ᠨᠢ ᠰᠠᠶᠢᠲᠤᠷ ᠬᠢᠬᠦ ᠬᠡᠷᠡᠭᠲᠡᠢ᠃
ᠬᠤᠷᠢᠳᠤᠭᠠᠷ ᠵᠦᠢᠯ ᠴᠢᠬᠤᠯᠠ ᠶᠡᠭᠡ ᠪᠥᠲᠥᠭᠡᠨ ᠪᠠᠶᠢᠭᠤᠯᠬᠤ ᠪᠠᠷᠢᠯᠭ᠎ᠠ᠂ ᠬᠦᠨᠳᠦ ᠨᠣᠴᠢᠲᠠᠶ ᠡᠭᠦᠰᠦᠮᠡᠯ ᠭᠠᠮᠰᠢᠭ ᠭᠠᠷᠴᠤ ᠮᠡᠳᠡᠬᠦᠶᠢᠴᠡ ᠪᠥᠲᠥᠭᠡᠨ ᠪᠠᠶᠢᠭᠤᠯᠬᠤ ᠪᠠᠷᠢᠯᠭ᠎ᠠ ᠶᠢᠨ ᠬᠠᠮᠢᠶᠠᠷᠤᠯᠲᠠ ᠶᠢᠨ ᠨᠢᠭᠡᠴᠢ ᠪᠠ ᠬᠥᠮᠥᠨ ᠣᠯᠠᠨ ᠴᠤᠭᠯᠠᠷᠠᠬᠤ ᠲᠠᠯᠠᠪᠤᠷ ᠭᠠᠵᠠᠷ ᠤᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠥᠯᠢᠶᠡᠨ ᠠᠪᠤᠭᠰᠠᠨ ᠤ ᠳᠠᠷᠠᠭ᠎ᠠ᠂ ᠲᠣᠰ ᠲᠣᠰ ᠤᠨ ᠠᠵᠢᠯ ᠲᠥᠷᠥᠯ ᠤᠨ ᠲᠣᠭᠲᠠᠭᠠᠯ ᠶᠣᠰᠣᠭᠠᠷ ᠵᠣᠬᠢᠬᠤ ᠰᠢᠢᠳᠪᠦᠷᠢᠯᠡᠬᠦ ᠪᠠ ᠠᠶᠤᠯ ᠠᠴᠠ ᠵᠠᠶᠢᠳᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃
ᠬᠤᠷᠢᠨ ᠨᠢᠭᠡᠳᠦᠭᠡᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠡᠷᠡᠭᠯᠡᠬᠦ ᠱᠠᠭᠠᠷᠳᠠᠯᠭ᠎ᠠ ᠲᠠᠢ ᠨᠢᠭᠡᠴᠢ ᠨᠦᠭᠦᠳ᠂ ᠥᠪᠡᠷᠲᠡᠭᠡᠨ ᠵᠠᠰᠠᠬᠤ ᠣᠷᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠦᠢᠯᠡᠴᠢᠯᠡᠭᠡ ᠵᠠᠬᠢᠶᠠᠯᠠᠵᠤ ᠪᠣᠯᠤᠨ᠎ᠠ᠃
ᠳᠥᠷᠪᠡᠳᠦᠭᠡᠷ ᠪᠦᠯᠦᠭ ᠤᠬᠠᠭᠤᠯᠭ᠎ᠠ ᠬᠥᠮᠦᠵᠢᠯ ᠬᠢᠭᠡᠳ ᠰᠣᠷᠢᠯᠲᠠ
ᠬᠤᠷᠢᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠬᠤᠯᠪᠣᠭᠳᠠᠯ ᠪᠥᠬᠦᠢ ᠰᠠᠯᠠᠭ᠎ᠠ ᠮᠥᠴᠢᠷ ᠪᠠ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠪᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠲᠡᠢ᠃
ᠭᠠᠴᠠᠭ᠎ᠠ ᠲᠣᠰᠬᠤᠨ ᠤ ᠠᠷᠠᠳ ᠤᠨ ᠵᠥᠪᠯᠡᠯ᠂ ᠰᠠᠭᠤᠭᠠᠯᠢ ᠠᠷᠠᠳ ᠤᠨ ᠵᠥᠪᠯᠡᠯ ᠤᠳ ᠰᠠᠭᠤᠭ᠎ᠠ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠯᠭ᠎ᠠ ᠶᠢ ᠦᠨᠳᠦᠰᠦᠯᠡᠨ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠬᠦ ᠠᠵᠢᠯᠯᠠᠭ᠎ᠠ ᠪᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠬᠦ ᠬᠡᠷᠡᠭᠲᠡᠶ᠃
ᠬᠤᠷᠢᠨ ᠭᠤᠷᠪᠠᠳᠤᠭᠠᠷ ᠵᠦᠢᠯ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠨᠦᠭᠦᠳ ᠨᠢ ᠲᠤᠰ ᠨᠢᠭᠡᠴᠢ ᠶᠢᠨ ᠠᠵᠢᠯᠲᠠᠳ ᠲᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢ ᠤᠬᠠᠭᠤᠯᠵᠤ ᠬᠥᠮᠥᠵᠢᠭᠦᠯᠬᠦ ᠪᠠᠨ ᠴᠢᠩᠭᠠᠳᠬᠠᠵᠤ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠵᠢᠯ ᠪᠦᠷᠢ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ᠃
ᠬᠤᠷᠢᠨ ᠳᠥᠷᠪᠡᠳᠦᠭᠡᠷ ᠵᠦᠢᠯ ᠰᠤᠷᠭᠠᠭᠤᠯᠢ ᠨᠤᠭᠤᠳ ᠨᠢ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢᠨ ᠬᠥᠮᠦᠵᠢᠯ ᠢ ᠵᠢᠭᠠᠨ ᠰᠤᠷᠭᠠᠬᠤ ᠠᠭᠤᠯᠭ᠎ᠠ ᠳᠤ ᠣᠷᠣᠭᠤᠯᠵᠤ᠂ ᠰᠤᠷᠤᠭᠴᠢᠳ ᠤᠨ ᠠᠮᠤᠷ ᠲᠦᠪᠰᠢᠨ ᠤ ᠦᠵᠡᠯ ᠤᠬᠠᠮᠰᠠᠷ ᠢ ᠬᠥᠮᠦᠵᠢᠭᠦᠯᠵᠦ᠂ ᠰᠤᠷᠤᠯᠭ᠎ᠠ ᠶᠢᠨ ᠬᠤᠭᠤᠴᠠᠭ᠎ᠠ ᠪᠣᠯᠭᠠᠨ ᠳᠤ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠨᠠᠭᠠᠲᠤ ᠵᠠᠬ᠎ᠠ ᠳᠤ ᠪᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠢ᠃
ᠬᠤᠷᠢᠨ ᠲᠠᠪᠤᠳᠤᠭᠠᠷ ᠵᠦᠢᠯ ᠷᠠᠳᠢᠤ᠋᠂ ᠲᠧᠯᠸᠢᠰ᠂ ᠰᠣᠨᠢᠨ ᠰᠡᠳᠬᠦᠯ᠂ ᠢᠨᠲ᠋ᠧᠷ ᠰᠦᠯᠵᠢᠶ᠎ᠡ ᠵᠡᠷᠭᠡ ᠵᠠᠭᠤᠴᠢᠯᠠᠭᠤᠷ ᠤᠨ ᠬᠢᠨ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃
ᠬᠤᠷᠢᠨ ᠵᠢᠷᠭᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠬᠤᠯᠪᠣᠭᠳᠠᠯ ᠪᠥᠬᠦᠢ ᠨᠢᠭᠡᠴᠢ ᠶᠢ ᠵᠢᠭᠠᠨ ᠵᠢᠯᠣᠭᠤᠳᠴᠤ ᠬᠠᠪᠰᠤᠷᠴᠤ ᠰᠢᠮᠳᠠᠭᠤᠯᠵᠤ ᠪᠠᠶᠢᠭᠠᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠪᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠦᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃
ᠲᠠᠪᠤᠳᠤᠭᠠᠷ ᠪᠦᠯᠦᠭ ᠪᠡᠯᠡᠳᠬᠡᠮᠵᠢ ᠪᠠ ᠠᠵᠢᠭᠯᠠᠨ ᠰᠢᠨᠵᠢᠬᠦ ᠣᠷᠴᠢᠨ ᠲᠣᠭᠤᠷᠢᠨ ᠤ ᠬᠠᠮᠠᠭᠠᠯᠠᠯᠲᠠ
ᠬᠤᠷᠢᠨ ᠳᠣᠯᠣᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠪᠡᠯᠡᠳᠬᠡᠮᠵᠢ ᠪᠠ ᠭᠠᠵᠠᠷ ᠬᠥᠳᠡᠯᠦᠯᠲᠡ ᠶᠢᠨ ᠠᠵᠢᠭᠯᠠᠨ ᠰᠢᠨᠵᠢᠬᠦ ᠣᠷᠴᠢᠨ ᠲᠣᠭᠤᠷᠢᠨ ᠢ ᠬᠠᠮᠠᠭᠠᠯᠠᠬᠤ ᠠᠵᠢᠯ ᠢᠶᠠᠨ ᠴᠢᠩᠭᠠᠳᠬᠠᠵᠤ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠪᠡᠯᠡᠳᠬᠡᠮᠵᠢ ᠪᠠ ᠭᠠᠵᠠᠷ ᠬᠥᠳᠡᠯᠦᠯᠲᠡ ᠶᠢᠨ ᠠᠵᠢᠭᠯᠠᠨ ᠰᠢᠨᠵᠢᠬᠦ ᠣᠷᠴᠢᠨ ᠲᠣᠭᠤᠷᠢᠨ ᠡᠪᠳᠡᠭᠳᠡᠵᠦ ᠰᠦᠢᠳᠦᠭᠰᠡᠨ ᠪᠠᠶᠢᠪᠠᠯ᠂ ᠴᠠᠭ ᠲᠤᠬᠠᠢ ᠳᠤ ᠨᠢ ᠵᠣᠬᠢᠶᠠᠨ ᠪᠠᠶᠢᠭᠤᠯᠵᠤ ᠰᠡᠷᠭᠦᠭᠡᠨ ᠠᠵᠢᠯᠯᠠᠭᠤᠯᠬᠤ ᠬᠡᠷᠡᠭᠲᠡᠢ᠃
ᠬᠤᠷᠢᠨ ᠨᠠᠢᠮᠠᠳᠤᠭᠠᠷ ᠵᠦᠢᠯ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠰᠢᠰᠲ᠋ᠧᠮ ᠤᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠢ ᠪᠠ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠥᠯᠢᠶᠡᠨ ᠠᠪᠬᠤ ᠨᠢᠭᠡᠴᠢ ᠨᠦᠭᠦᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠪᠡᠯᠡᠳᠬᠡᠮᠵᠢ ᠳᠤ ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ᠃
ᠬᠤᠷᠢ ᠶᠢᠰᠦᠳᠦᠭᠡᠷ ᠵᠦᠢᠯ ᠶᠠᠮᠠᠷᠪᠠ ᠨᠢᠬᠡᠴᠢ ᠪᠠ ᠬᠤᠪᠢ ᠬᠥᠮᠦᠨ ᠭᠡᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠪᠡᠯᠡᠳᠬᠡᠮᠵᠢ ᠶᠢ ᠡᠵᠡᠯᠡᠵᠦ᠂ ᠰᠦᠢᠳᠬᠡᠵᠦ᠂ ᠨᠤᠷᠠᠭᠠᠵᠤ᠂ ᠳᠤᠷ᠎ᠠ ᠪᠠᠷ ᠢᠶᠠᠨ ᠰᠢᠯᠵᠢᠭᠦᠯᠵᠦ ᠪᠣᠯᠬᠤ ᠥᠭᠡᠢ᠂ ᠭᠠᠵᠠᠷ ᠬᠥᠳᠡᠯᠦᠯᠲᠡ ᠶᠢᠨ ᠠᠵᠢᠭᠯᠠᠨ ᠰᠢᠨᠵᠢᠬᠦ ᠣᠷᠴᠢᠨ ᠲᠣᠭᠤᠷᠢᠨ ᠢ ᠬᠤᠬᠢᠷᠠᠭᠤᠯᠵᠤ ᠪᠣᠯᠬᠤ ᠥᠭᠡᠢ᠃
ᠭᠤᠴᠢᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯᠯᠠᠭ᠎ᠠ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠡᠷᠬᠡ ᠲᠠᠢ᠃ ᠢᠯᠡᠴᠢᠯᠡᠵᠦ ᠮᠡᠳᠡᠭᠦᠯᠦᠭᠰᠡᠨ ᠢ ᠬᠦᠯᠢᠶᠡᠵᠦ ᠠᠪᠤᠭᠰᠠᠨ ᠨᠢᠭᠡᠴᠢ ᠨᠢ ᠴᠠᠭ ᠲᠤᠬᠠᠶ ᠳᠤ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃
ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ
ᠭᠤᠴᠢᠨ ᠨᠢᠭᠡᠳᠦᠭᠡᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠬᠥᠳᠡᠯᠦᠯᠲᠡ ᠠᠴᠠ ᠰᠡᠷᠭᠡᠶᠢᠯᠡᠵᠦ ᠭᠠᠮᠰᠢᠭ ᠢ ᠪᠠᠭᠠᠰᠬᠠᠬᠤ ᠬᠠᠤᠯᠢ︾ ᠵᠡᠷᠭᠡ ᠬᠤᠯᠪᠣᠭᠳᠠᠯ ᠪᠥᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠨᠢᠭᠡᠨᠲᠡ ᠰᠢᠢᠳᠭᠡᠨ ᠲᠣᠷᠭᠠᠬᠤ ᠲᠣᠭᠲᠠᠭᠠᠯ ᠭᠠᠷᠭᠠᠭᠰᠠᠨ ᠪᠠᠶᠢᠪᠠᠯ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠬᠦ ᠬᠡᠷᠡᠭᠲᠡᠢ᠃
ᠭᠤᠴᠢᠨ ᠬᠤᠶᠠᠳᠤᠭᠠᠷ ᠵᠦᠢᠯ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠨ᠂ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠭᠡᠮ ᠳᠤ ᠳᠤᠷ᠎ᠠ ᠪᠠᠷ ᠢᠶᠠᠨ ᠨᠡᠶᠢᠲᠡᠯᠡᠵᠦ᠂ ᠠᠮᠤᠷ ᠲᠦᠪᠰᠢᠨ ᠢ ᠬᠠᠮᠠᠭᠠᠯᠠᠬᠤ ᠬᠠᠮᠢᠶᠠᠷᠤᠯᠲᠠ ᠠᠴᠠ ᠵᠥᠷᠢᠴᠡᠭᠰᠡᠨ ᠦᠢᠯᠡ ᠠᠵᠢᠯᠯᠠᠭ᠎ᠠ ᠲᠠᠢ ᠪᠣᠯᠣᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠭᠡᠵᠦ ᠲᠣᠷᠭᠠᠬᠤ ᠬᠡᠷᠡᠭᠲᠡᠢ︔ ᠶᠠᠯ᠎ᠠ ᠳᠤ ᠬᠥᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠵᠠᠷ ᠬᠥᠳᠡᠯᠦᠯᠲᠡ ᠶᠢᠨ ᠠᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠵᠢᠴᠢ ᠬᠤᠯᠪᠣᠭᠳᠠᠯ ᠪᠥᠬᠦᠢ ᠰᠠᠯᠠᠭ᠎ᠠ ᠮᠥᠴᠢᠷ ᠤᠨ ᠠᠵᠢᠯᠲᠠᠳ ᠭᠠᠵᠠᠷ ᠬᠥᠳᠡᠯᠦᠯᠲᠡ ᠶᠢᠨ ᠰᠡᠷᠡᠮᠵᠢᠯᠡᠭᠦᠯᠬᠦ ᠠᠵᠢᠯ ᠳᠤ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠦᠷᠢᠴᠡᠭᠰᠡᠨ᠂ ᠡᠷᠬᠡ ᠲᠤᠰᠢᠶᠠᠯ ᠳᠤ ᠪᠠᠨ ᠠᠯᠮᠠᠶᠢᠷᠠᠨ ᠣᠰᠣᠯᠳᠠᠭᠰᠠᠨ᠂ ᠬᠠᠤᠯᠢ ᠪᠤᠰᠤ ᠶᠢᠨ ᠠᠰᠢᠭ ᠲᠤᠰᠠ ᠣᠯᠤᠭᠰᠠᠨ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠬᠤ ᠠᠵᠢᠯᠲᠠᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠲᠠᠳ ᠲᠤ ᠨᠢ ᠬᠠᠤᠯᠢ ᠶᠣᠰᠣᠭᠠᠷ ᠰᠢᠢᠳᠬᠡᠯ ᠥᠭᠬᠦ ᠬᠡᠷᠡᠭᠲᠡᠢ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠳᠣᠯᠣᠳᠤᠭᠠᠷ ᠪᠦᠯᠦᠭ ᠳᠠᠭᠠᠯᠳᠤᠭᠤᠯᠤᠯ ᠲᠦᠷᠢᠮ
ᠭᠤᠴᠢᠨ ᠳᠥᠷᠪᠡᠳᠦᠭᠡᠷ ᠵᠦᠢᠯ ᠲᠣᠰ ᠠᠷᠭ᠎ᠠ ᠶᠢ 2020 ᠣᠨ ᠤ 4 ᠳ᠋ᠤᠬᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃