ᠥᠪᠥᠷ ᠮᠣᠩᠭᠤᠯ ᠤᠨ ᠪᠠᠯᠠ ᠣᠷᠣᠭᠤᠯᠤᠯᠲᠠ ᠶᠢᠨ ᠰᠠᠭᠤᠷᠢ ᠰᠠᠶᠢᠨ᠂ ᠬᠥᠭᠵᠢᠯᠲᠡ ᠶᠢᠨ ᠣᠷᠣᠨ ᠵᠠᠶ | ᠥᠷᠭᠡᠨ ᠠᠭᠤᠳᠠᠮ ᠪᠠᠶᠢᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠯᠳᠤᠬᠤ ᠪᠣᠳᠣᠯᠭ᠎ᠠ ᠶᠢᠨ ᠪᠠᠯᠠ | ᠣᠷᠣᠭᠤᠯᠤᠭᠴᠢᠳ ᠤᠨ ᠠᠩᠬᠠᠷᠴᠤ ᠪᠠᠶᠢᠭ᠎ᠠ ᠭᠤᠤᠯᠳᠠᠯᠭ᠎ᠠ ᠲᠠᠢ ᠬᠠᠯᠠᠮᠰᠢᠯ ᠭᠠᠵᠠᠷ ᠣᠷᠣᠨ ᠤ ᠨᠢᠭᠡ ᠨᠢ ᠪᠣᠯᠪᠠ᠃ | ᠪᠠᠯᠠ ᠣᠷᠣᠭᠤᠯᠤᠯᠲᠠ ᠶᠢᠨ ᠬᠠᠮᠲᠤᠷᠠᠯᠴᠠᠭᠠᠨ ᠤ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ | ᠨᠡᠮᠡᠭᠳᠡᠭᠦᠯᠵᠦ᠂ ᠨᠠᠩ ᠣᠯᠠᠨ ᠠᠵᠤ ᠠᠬᠤᠶᠢᠯᠠᠯᠲᠠᠨ ᠢ ᠲᠠᠲᠠᠵᠤ ᠥᠪᠥᠷ ᠮᠣᠩᠭᠤᠯ ᠳᠤ ᠪᠠᠯᠠ ᠣᠷᠣᠭᠤᠯᠤᠨ ᠦᠶᠯᠡᠰ | ᠮᠠᠨᠳᠤᠭᠤᠯᠬᠤ ᠶᠢᠨ ᠲᠥᠯᠥᠭᠡ᠂ ᠪᠢᠳᠡ ᠠᠩᠬᠠᠳᠠᠭᠴᠢ ᠪᠦᠯᠦᠭ ᠪᠣᠬᠢᠷᠲᠤᠯ ᠥᠬᠡᠶ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ᠂ ᠬᠢᠮᠢ ᠶᠢᠨ ᠠᠵᠤ ᠦᠶᠯᠡᠳᠪᠦᠷᠢ᠂ ᠲᠡᠮᠦᠷᠯᠢᠭ | ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠣᠨᠤᠭ ᠲᠥᠬᠦᠭᠡᠷᠦᠮᠵᠢ ᠦᠶᠯᠡᠳᠬᠦ᠂ ᠪᠠᠶᠢᠯᠳᠤᠬᠤ ᠪᠣᠳᠣᠯᠭ᠎ᠠ ᠶᠢᠨ | ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠶᠯᠡᠰ᠂ ᠰᠣᠶᠣᠯ ᠵᠢᠭᠤᠯᠴᠢᠯᠠᠯ᠂ ᠪᠠᠷᠠᠭᠠᠨ ᠤ ᠭᠦᠶᠯᠭᠡᠭᠡ ᠵᠡᠷᠭᠡ | ᠬᠦᠷᠢᠶᠡᠨ ᠳᠤ ᠬᠤᠯᠪᠣᠭᠳᠠᠭᠰᠠᠨ ᠪᠠᠯᠠ ᠣᠷᠣᠭᠤᠯᠤᠯᠲᠠ ᠶᠢᠨ ᠶᠡᠷᠦᠩᠬᠡᠶ ᠲᠤᠭ᠎ᠠ ᠨᠢ 3778 ᠳ᠋ᠦᠩᠰᠢᠭᠤᠷ | ᠲᠥᠭᠦᠷᠢᠭ ᠤᠨ ᠬᠠᠮᠲᠤᠷᠠᠯᠴᠠᠭᠠᠨ ᠤ 193 ᠲᠥᠷᠥᠯ ᠵᠦᠶᠯ ᠭᠠᠷᠭᠠᠵᠠᠢ᠃ ᠪᠢᠳᠡ ᠤᠯᠤᠰ ᠤᠨ ᠳᠣᠲᠣᠭᠠᠳᠤ | ᠭᠠᠳᠠᠭᠠᠳᠤ ᠶᠢᠨ ᠠᠵᠤ ᠠᠬᠤᠶᠢᠯᠠᠯᠲᠠᠳ ᠲᠠᠢ ᠭᠠᠷ ᠬᠤᠯᠪᠣᠨ ᠬᠠᠮᠲᠤᠷᠠᠯᠴᠠᠵᠤ᠂ ᠥᠪᠥᠷ ᠮᠣᠩᠭᠤᠯ ᠤᠨ ᠰᠢᠨ᠎ᠡ | ᠠᠵᠠ ᠲᠣᠬᠢᠶᠠᠯ ᠢ ᠬᠠᠮᠲᠤ ᠪᠠᠷ ᠡᠳ᠋ᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠲᠡᠬᠦ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ | ᠨᠠᠷᠢᠨ ᠵᠦᠢᠯᠡᠰ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠯᠵᠢᠶᠠᠴᠢᠨ ᠤᠷᠢᠵᠤ ᠪᠠᠯᠠ | ᠲᠠᠲᠠᠬᠤ ᠲᠤᠰᠬᠠᠢ ᠰᠡᠳᠦᠪ ︵fgw.nmg.gov.cn/zsyzzzt/︶ ᠲᠤ ᠭᠠᠷᠴᠤ ᠦᠵᠡᠬᠦ ᠪᠤᠶᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ | ︵ᠬᠠᠷᠢᠯᠴᠠᠬᠤ ᠤᠲᠠᠰᠤ 0471-6651929︶ ᠲᠠᠢ ᠬᠠᠷᠢᠯᠴᠠᠭᠠᠷᠠᠢ᠃ | ᠳᠠᠭᠠᠯᠳᠤᠭᠤᠯᠤᠯ᠄ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ | ᠲᠠᠢ ᠠᠵᠤ ᠠᠬᠤᠶ ᠶᠢᠨ ᠬᠠᠮᠲᠤᠷᠠᠯᠴᠠᠭᠠᠨ ᠤ ᠲᠥᠷᠥᠯ ᠵᠦᠶᠯ.xlsx | | |