ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠥᠨᠥ | ᠪᠣᠯᠬᠤ ᠳᠤ᠂ ᠪᠥᠬᠦ ᠣᠷᠣᠨ ᠤ ᠬᠥᠷᠥᠰᠥᠨ ᠤ ᠴᠢᠭᠢᠭ ᠤᠨ ᠪᠠᠶᠢᠳᠠᠯ ᠨᠡᠯᠢᠶᠡᠳ ᠰᠠᠶᠢᠨ ᠪᠠᠶᠢᠵᠤ᠂ ᠬᠠᠪᠤᠷ ᠤᠨ | ᠲᠠᠷᠢᠶᠠᠯᠠᠭ᠎ᠠ ᠶᠢᠨ ᠪᠡᠯᠡᠳᠬᠡᠯ ᠳᠤ ᠠᠰᠢᠭᠲᠠᠶ ᠪᠠᠶᠢᠨ᠎ᠠ᠃ | ᠪᠦᠬᠦ ᠣᠷᠣᠨ ᠤ ᠨᠢᠭᠡᠳᠦᠭᠡᠷ ᠲᠥᠷᠥᠯ ᠤᠨ᠂ ᠬᠤᠶᠠᠳᠤᠭᠠᠷ ᠲᠥᠷᠥᠯ ᠤᠨ᠂ ᠭᠤᠷᠪᠠᠳᠤᠭᠠᠷ ᠲᠥᠷᠥᠯ ᠤᠨ | ᠴᠢᠭᠢᠭ ᠤᠨ ᠲᠠᠯᠠᠪᠠᠢ ᠨᠢ ᠲᠣᠰ ᠲᠣᠰ 24.3᠂ 34.6᠂ 58.2 ᠲᠦᠮᠡᠨ ᠲᠡᠭᠰᠢ ᠳᠥᠷᠪᠡᠯᠵᠢᠨ ᠺᠢᠯᠣᠮᠧᠲᠷ | ᠪᠠᠶᠢᠵᠤ᠂ ᠪᠦᠬᠦ ᠣᠷᠣᠨ ᠤ ᠶᠡᠷᠦᠩᠬᠡᠶ ᠲᠠᠯᠠᠪᠠᠢ ᠶᠢᠨ 20.7%᠂ 29.6%᠂ 49.7% ᠶᠢ ᠡᠵᠡᠯᠡᠪᠡ᠃ | ᠨᠢᠳᠤᠨᠤᠨ ᠤ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠨᠢᠭᠡᠳᠦᠭᠡᠷ ᠲᠥᠷᠥᠯ ᠤᠨ ᠴᠢᠬᠢᠭ ᠤᠨ ᠲᠠᠯᠠᠪᠠᠶ | 3 ᠵᠠᠭᠤᠨ ᠤ ᠴᠡᠭ ᠢᠶᠠᠷ ᠪᠠᠭᠠᠰᠴᠤ᠂ ᠬᠤᠶᠠᠳᠤᠭᠠᠷ ᠲᠥᠷᠥᠯ ᠤᠨ ᠴᠢᠬᠢᠭ ᠤᠨ ᠲᠠᠯᠠᠪᠠᠶ 6 ᠵᠠᠭᠤᠨ ᠤ ᠴᠡᠭ ᠢᠶᠠᠷ | ᠨᠡᠮᠡᠭᠳᠡᠨ᠂ ᠭᠤᠷᠪᠠᠳᠤᠭᠠᠷ ᠲᠥᠷᠥᠯ ᠤᠨ ᠴᠢᠬᠢᠭ ᠤᠨ ᠲᠠᠯᠠᠪᠠᠶ 3 ᠵᠠᠭᠤᠨ ᠤ ᠴᠡᠭ ᠢᠶᠠᠷ ᠪᠠᠭᠠᠰᠴᠠᠶ︔ | ᠥᠩᠭᠡᠷᠡᠭᠰᠡᠨ ᠵᠢᠯ ᠤᠳ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ᠂ ᠨᠢᠭᠡᠳᠦᠭᠡᠷ ᠲᠥᠷᠥᠯ ᠤᠨ | ᠴᠢᠭᠢᠭ ᠤᠨ ᠲᠠᠯᠠᠪᠠᠶ 17 ᠵᠠᠭᠤᠨ ᠤ ᠴᠡᠭ ᠢᠶᠠᠷ ᠨᠡᠮᠡᠭᠳᠡᠨ᠂ ᠬᠤᠶᠠᠳᠤᠭᠠᠷ ᠲᠥᠷᠥᠯ ᠤᠨ ᠴᠢᠭᠢᠭ ᠤᠨ ᠲᠠᠯᠠᠪᠠᠶ 10 | ᠵᠠᠭᠤᠨ ᠤ ᠴᠡᠭ ᠢᠶᠠᠷ ᠪᠠᠭᠠᠰᠴᠤ᠂ ᠭᠤᠷᠪᠠᠳᠤᠭᠠᠷ ᠲᠥᠷᠥᠯ ᠤᠨ ᠴᠢᠭᠢᠭ ᠤᠨ ᠲᠠᠯᠠᠪᠠᠶ 7 ᠵᠠᠭᠤᠨ ᠤ ᠴᠡᠭ ᠢᠶᠠᠷ | ᠪᠠᠭᠠᠰᠴᠠᠶ᠃ ᠪᠥᠬᠦ ᠣᠷᠣᠨ ᠤ ᠴᠢᠭᠢᠭ ᠤᠨ ᠪᠠᠶᠢᠳᠠᠯ ᠤᠨ ᠲᠠᠷᠬᠠᠯᠲᠠ ᠠᠴᠠ ᠦᠵᠡᠪᠡᠯ᠂ ᠣᠳᠣᠬᠠᠨ ᠳᠤ ᠬᠥᠷᠥᠰᠥ | ᠰᠢᠷᠣᠶ ᠶᠢᠨ ᠴᠢᠭᠢᠭ ᠤᠨ ᠪᠠᠶᠢᠳᠠᠯ ᠨᠢᠳᠤᠨᠤᠨ ᠤ ᠠᠳᠠᠯᠢ ᠬᠤᠭᠤᠴᠠᠭᠠᠨ ᠳᠤ ᠣᠶᠢᠷᠠᠳᠴᠤ᠂ ᠥᠩᠭᠡᠷᠡᠭᠰᠡᠨ ᠵᠢᠯ ᠤᠨ | ᠠᠳᠠᠯᠢ ᠬᠤᠭᠤᠴᠠᠭᠠᠨ ᠠᠴᠠ ᠠᠷᠠᠶ ᠰᠠᠶᠢᠨ ᠪᠠᠶᠢᠨ᠎ᠠ᠃ | ᠥᠪᠥᠷ ᠮᠣᠩᠭᠤᠯ ᠤᠨ ᠠᠮᠢ ᠠᠬᠤᠶ ᠬᠢᠭᠡᠳ ᠲᠠᠷᠢᠶᠠᠯᠠᠩ ᠤᠨ ᠴᠠᠭ ᠠᠭᠤᠷ ᠤᠨ ᠮᠡᠳᠡᠭᠡ ᠵᠠᠩᠭᠢ ᠶᠢᠨ ᠲᠥᠪ | ᠤᠨ ᠤᠷᠢᠳᠴᠢᠯᠠᠨ ᠮᠡᠳᠡᠭᠡᠯᠡᠯ ᠢ ᠦᠨᠳᠦᠰᠦᠯᠡᠪᠡᠯ᠂ 11 ᠤ ᠡᠳᠦᠷ ᠠᠴᠠ 15 ᠤ ᠡᠳᠦᠷ ᠪᠣᠯᠲᠠᠯ᠎ᠠ᠂ ᠪᠥᠬᠦ | ᠣᠷᠣᠨ ᠤ ᠶᠡᠬᠡᠩᠬᠢ ᠭᠠᠵᠠᠷ ᠣᠷᠣᠨ ᠤ ᠬᠥᠷᠥᠰᠥ ᠰᠢᠷᠣᠶ ᠬᠥᠯᠳᠡᠭᠦᠦ ᠪᠠᠶᠢᠳᠠᠯ ᠳᠤ ᠣᠷᠣᠰᠢᠵᠤ᠂ ᠵᠡᠭᠦᠨ ᠬᠡᠰᠡᠭ | ᠤᠨ ᠭᠠᠵᠠᠷ ᠣᠷᠣᠨ ᠳᠤ ᠲᠠᠷᠠᠬᠠᠶ ᠪᠤᠲᠠᠷᠬᠠᠶ ᠴᠢᠨᠠᠷᠲᠠᠶ ᠪᠠᠭ᠎ᠠ ᠴᠠᠰᠤ ᠲᠠᠢ ᠪᠥᠭᠡᠳ ᠠᠭᠠᠷ ᠤᠨ ᠳᠤᠯᠠᠭᠠᠨ | ᠪᠠᠭᠤᠷᠠᠪᠠᠴᠤ ᠪᠥᠬᠦ ᠣᠷᠣᠨ ᠤ ᠬᠥᠷᠥᠰᠥᠨ ᠤ ᠴᠢᠭᠢᠭ ᠤᠨ ᠪᠠᠶᠢᠳᠠᠯ ᠳᠤ ᠨᠡᠯᠢᠶᠡᠳ ᠶᠡᠭᠡ ᠬᠤᠪᠢᠷᠠᠯᠲᠠ ᠭᠠᠷᠬᠤ | ᠥᠬᠡᠶ ᠶᠤᠮ ᠪᠠᠶᠢᠨ᠎ᠠ᠃ | | |