ᠪᠦᠬᠦ ᠣᠷᠣᠨ ᠤ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠲᠧᠯᠸᠢᠰ ᠤᠳᠠᠰᠤ ᠬᠤᠷᠠᠯ ᠬᠤᠷᠠᠯᠳᠤᠪᠠ ᠵᠧᠩ ᠬᠤᠩ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2020/3/12
     3 ᠰᠠᠷ᠎ᠠ ᠶᠢᠨ 11᠎ ᠤ ᠡᠳᠦᠷ ᠪᠥᠬᠦ ᠣᠷᠣᠨ ᠤ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠲᠧᠯᠸᠢᠰ ᠤᠳᠠᠰᠤ ᠬᠤᠷᠠᠯ ᠬᠥᠬᠡᠬᠤᠲᠠ ᠳᠤ ᠬᠤᠷᠠᠯᠳᠤᠵᠤ᠂ ᠬᠤᠷᠠᠯ ᠠᠴᠠ ᠨᠠᠮ ᠤᠨ ᠲᠦᠪ ᠬᠤᠷᠢᠶ᠎ᠠ᠂ ᠦᠪᠡᠷᠲᠡᠭᠡᠨ ᠵᠠᠰᠠᠬᠤ ᠤᠷᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠲᠤᠬᠠᠶ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠣᠷᠣᠨ ᠤ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠶᠢ ᠠᠬᠢᠭᠤᠯᠬᠤ ᠲᠤᠬᠠᠢ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃      ᠵᠧᠩ ᠬᠤᠩ ᠹᠠᠨ᠂ ᠶᠡᠷᠦᠩᠬᠡᠶ ᠱᠦᠵᠢ ᠰᠢ ᠶᠢᠨ ᠫᠢᠩ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠲᠤᠬᠠᠶ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠣᠶᠢᠯᠠᠭᠠᠵᠤ᠂ ᠲᠥᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠰᠣᠶᠣᠯ ᠪᠠ ᠵᠢᠭᠤᠯᠴᠢᠯᠠᠯ ᠤᠨ ᠶᠠᠮᠤᠨ ᠤ ᠠᠵᠢᠯ ᠤᠨ ᠪᠠᠶᠢᠷᠢᠯᠠᠭᠤᠯᠤᠯᠲᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠠᠵᠠ ᠲᠣᠬᠢᠶᠠᠯ ᠢ ᠡᠵᠡᠮᠳᠡᠨ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠪᠠᠲᠤᠯᠠᠭᠰᠠᠨ ᠤᠷᠢᠲᠠᠯ ᠳᠣᠤᠷ᠎ᠠ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠬᠦᠯᠬᠦ ᠶᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠶ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠢ ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠳᠤᠮᠳᠠ ᠪᠠᠭ᠎ᠠ ᠠᠵᠤ ᠠᠬᠤᠶᠢᠯᠠᠯ᠂ ᠲᠥᠷᠥᠯ ᠵᠦᠶ᠋ᠯ ᠢ ᠬᠢᠨᠠᠨ ᠵᠥᠪᠰᠢᠶᠡᠷᠡᠬᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠵᠡᠷᠭᠡ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠯᠢ ᠬᠤᠷᠳᠤᠨ ᠬᠥᠭᠵᠢᠶᠡᠨᠲᠡᠶ ᠪᠣᠯᠬᠤ ᠶᠢ ᠠᠬᠢᠭᠤᠯᠬᠤ ᠬᠡᠷᠡᠭᠲᠡᠶ︔ ᠬᠠᠲᠤᠨ ᠭᠤᠤᠯ ᠤᠨ ᠪᠤᠯᠤᠩ ᠤᠨ ᠬᠤᠲᠠ ᠶᠢᠨ ᠴᠠᠭᠠᠷᠢᠭ ᠤᠨ ᠰᠤᠶᠤᠯ ᠵᠢᠭᠤᠯᠴᠢᠯᠠᠯ ᠢ ᠰᠠᠶᠢᠲᠤᠷ ᠬᠦᠭᠵᠢᠭᠦᠯᠵᠦ᠂ ᠬᠤᠪᠢᠰᠬᠠᠯᠲᠤ ᠵᠢᠭᠤᠯᠴᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠤᠬᠢ ᠰᠣᠳᠣᠨ ᠦᠵᠡᠮᠵᠢ ᠎ ᠶᠢᠨ ᠣᠷᠣᠨ ᠪᠠ ᠵᠠᠮ ᠱᠤᠭᠤᠮ ᠢ ᠨᠢᠭᠡᠳᠦᠯᠲᠡᠶ ᠲᠥᠯᠥᠪᠵᠢᠭᠦᠯᠦᠨ ᠪᠠᠶᠢᠭᠤᠯᠵᠤ᠂ ᠰᠣᠶᠣᠯ ᠤᠨ ᠰᠢᠨ᠎ᠡ ᠶᠢ ᠡᠭᠦᠳᠬᠦ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠡᠵᠡᠩᠨᠡᠨ ᠪᠣᠷᠣᠯᠠᠭᠤᠯᠬᠤ ᠶᠢ ᠴᠢᠩᠭᠠᠳᠬᠠᠨ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠢ ᠶᠡᠭᠡ ᠪᠠᠷ ᠬᠥᠭᠵᠢᠭᠦᠯᠦᠨ᠂ ᠬᠥᠭᠵᠢᠯᠲᠡ ᠶᠢᠨ ᠰᠠᠭᠤᠷᠢ ᠶᠢ ᠴᠢᠷᠮᠠᠶᠢᠨ ᠪᠠᠬᠢᠵᠢᠭᠦᠯᠵᠦ᠂ ᠵᠢᠭᠤᠯᠴᠢᠯᠠᠯ ᠎ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ︔ ᠠᠵᠤ ᠠᠬᠤᠶᠢᠯᠠᠯ ᠳᠤ ᠦᠢᠯᠡᠴᠢᠯᠡᠬᠦ᠂ ᠠᠵᠤ ᠠᠬᠤᠶᠢᠯᠠᠯ ᠢ ᠳᠡᠮᠵᠢᠬᠦ ᠶᠢ ᠢᠮᠠᠭᠲᠠ ᠪᠠᠷᠢᠮᠳᠠᠯᠠᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠮᠠᠨ ᠤ ᠣᠷᠣᠨ ᠤ ᠰᠣᠶᠣᠯ ᠵᠢᠭᠤᠯᠴᠢᠯᠠᠯ ᠤᠨ ᠦᠢᠯᠡᠰ ᠢ ᠰᠡᠷᠭᠦᠭᠡᠨ ᠬᠥᠭᠵᠢᠭᠦᠯᠬᠦ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠰᠣᠶᠣᠯ ᠪᠠ ᠵᠢᠭᠤᠯᠴᠢᠯᠠᠯ ᠎ ᠤᠨ ᠲᠢᠩᠬᠢᠮ᠂ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠪᠣᠯᠤᠨ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠵᠠᠢ︔ ᠡᠯ᠎ᠡ ᠠᠶᠢᠮᠠᠭ ᠬᠤᠲᠠ ᠪᠣᠯᠤᠨ ᠶᠡᠭᠡ ᠬᠢᠩᠭᠠᠨ ᠳᠠᠪᠠᠭ᠎ᠠ ᠶᠢᠨ ᠭᠤᠤᠯᠳᠠᠯᠭ᠎ᠠ ᠲᠠᠢ ᠤᠯᠤᠰ ᠤᠨ ᠥᠮᠴᠢᠯᠡᠯ ᠤᠨ ᠣᠶ ᠰᠢᠭᠤᠶ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ ᠬᠤᠪᠢᠶᠠᠷᠢ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号