ᠱᠢ ᠲᠠᠢ ᠹᠧᠩ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠎ ᠤ ᠠᠯᠪᠡᠨ ᠲᠢᠩᠬᠢᠮ ᠤᠨ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠶᠢ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠤᠨ ᠬᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2020/3/16
     3 ᠰᠠᠷ᠎ᠠ ᠶᠢᠨ 15᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠎ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠬᠦᠬᠡᠬᠤᠳᠠ ᠳᠤ ᠳᠤᠮᠳᠠᠳᠤ ᠤᠯᠤᠰ ᠤᠨ ᠦᠨᠡᠳᠦ ᠳᠡᠮᠳᠡᠭᠳᠦ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠨᠠᠮ ᠎ ᠤᠨ ᠬᠤᠷᠢᠶᠠᠨ ᠤ ᠭᠡᠰᠢᠬᠦᠨ᠂ ᠳᠡᠳ᠋ ᠲᠡᠷᠢᠬᠦᠯᠡᠭᠴᠢ ᠶᠠᠨ ᠴᠢᠩ ᠮᠢᠨ ᠢᠶᠠᠷ ᠲᠤᠭᠤᠢᠢᠯᠠᠩ ᠤᠨ ᠳᠠᠷᠤᠭ᠎ᠠ ᠪᠤᠯᠭᠠᠭᠰᠠᠨ ᠨᠠᠮ ᠤᠨ ᠲᠦᠪ ᠬᠤᠷᠢᠶᠠᠨ ᠤ ᠠᠯᠪᠡᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠡᠨ ᠲᠢᠩᠬᠢᠮ ᠤᠨ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠶᠢ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠎ ᠤᠨ ᠬᠢᠨ ᠲᠠᠢ ᠠᠭᠤᠯᠵᠠᠪᠠ᠃      ᠱᠢ ᠲᠠᠢ ᠹᠧᠩ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠤᠨ ᠬᠦᠷᠴᠦ ᠢᠷᠡᠭᠰᠡᠨ ᠢ ᠪᠠᠶᠠᠷᠯᠠᠨ ᠤᠬᠳᠤᠵᠦ ᠪᠠᠶᠢᠬᠤ ᠪᠠ ᠳᠠᠯᠠᠷᠬᠠᠵᠦ ᠪᠠᠶᠢᠬᠤ ᠪᠠᠨ ᠢᠯᠡᠳᠭᠡᠬᠦ ᠶᠢᠨ ᠬᠠᠮᠳᠦ ᠮᠠᠨ ᠤ ᠤᠷᠤᠨ ᠤ ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠭᠰᠡᠨ ᠪᠠᠶᠢᠳᠠᠯ ᠵᠢᠴᠢ ᠠᠪᠴᠦ ᠪᠦᠬᠦᠢ ᠭᠤᠤᠯᠳᠠᠯᠭ᠎ᠠ ᠲᠠᠢ ᠠᠷᠭ᠎ᠠ ᠭᠡᠮᠵᠢᠶ᠎ᠠ ᠶᠢ ᠲᠦᠬᠦᠮ ᠲᠠᠨᠢᠯᠴᠠᠭᠤᠯᠪᠠ᠃ ᠲᠡᠷᠡ᠂ ᠥᠪᠦᠷ ᠮᠤᠩᠭᠤᠯ ᠤᠨ ᠬᠢᠨ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠤᠨ ᠠᠵᠢᠯ ᠢᠶᠠᠨ ᠦᠷᠨᠢᠬᠦᠯᠬᠦ ᠳᠤ ᠪᠦᠬᠦ ᠬᠦᠴᠦᠨ ᠢᠶᠠᠷ ᠬᠠᠮᠵᠢᠯᠴᠠᠵᠦ᠂ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠬᠦ ᠡᠯ᠎ᠠ ᠵᠦᠢᠯ ᠎ ᠤᠨ ᠠᠵᠢᠯ ᠢᠶᠠᠨ ᠨᠡᠩ ᠰᠠᠶᠢᠳᠤᠷ ᠠᠬᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠬᠤᠤᠰ ᠢᠯᠠᠯᠳᠠ ᠶᠢ ᠡᠷᠡᠰ ᠲᠡᠮᠡᠴᠡᠨ ᠤᠯᠤᠨ᠎ᠠ᠃ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠤᠨ ᠬᠢᠨ ᠡᠷᠬᠢᠮ ᠨᠠᠨᠳᠢᠨ ᠰᠠᠨᠠᠯ ᠳᠤᠷᠠᠳᠴᠦ᠂ ᠠᠰᠠᠭᠤᠳᠠᠯ ᠢ ᠬᠠᠪᠰᠤᠷᠤᠨ ᠰᠢᠢᠳᠪᠤᠷᠢᠯᠡᠵᠦ᠂ ᠪᠢᠳᠠᠨ ᠤ ᠠᠵᠢᠯ ᠢᠶᠠᠨ ᠨᠡᠩ ᠦᠷ᠎ᠠ ᠪᠦᠳᠦᠮᠵᠢᠳᠠᠢ ᠰᠠᠶᠢᠳᠤᠷ ᠬᠢᠬᠦ ᠳᠤ ᠵᠢᠯᠤᠭᠤᠳᠤᠮᠵᠢ ᠬᠠᠩᠭᠠᠬᠤ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃      ᠶᠠᠨ ᠴᠢᠩ ᠮᠢᠨ ᠮᠠᠨ ᠤ ᠤᠷᠤᠨ ᠤ ᠬᠤᠯᠪᠤᠭᠳᠠᠯ ᠪᠦᠬᠦᠢ ᠠᠵᠢᠯ ᠢ ᠨᠤᠳᠠᠯᠠᠪᠠ᠃ ᠲᠡᠷᠡ᠂ ᠪᠠᠶᠢᠴᠠᠭᠠᠨ ᠰᠤᠳᠤᠯᠬᠤ ᠠᠵᠢᠯᠯᠠᠬᠤ ᠲᠤᠭᠤᠢᠢᠯᠠᠩ ᠥᠪᠦᠷ ᠮᠤᠩᠭᠤᠯ ᠤᠨ ᠬᠢᠨ ᠤ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠬᠢᠵᠦ᠂ ᠠᠵᠢᠯ ᠢᠶᠠᠨ ᠰᠡᠷᠬᠦᠭᠡᠵᠦ ᠦᠢᠯᠡᠳᠪᠤᠷᠢᠯᠡᠯ ᠢᠶᠠᠨ ᠰᠡᠷᠬᠦᠭᠡᠭᠰᠡᠨ ᠪᠠᠶᠢᠳᠠᠯ ᠢ ᠬᠦᠨᠵᠡᠭᠡᠢ ᠤᠢᠢᠯᠠᠭᠠᠨ᠂ ᠰᠠᠨᠠᠯ ᠰᠠᠨᠠᠭᠤᠯᠭ᠎ᠠ ᠶᠢ ᠬᠦᠢᠴᠡᠳ ᠰᠤᠨᠤᠰᠴᠦ᠂ ᠲᠤᠯᠭᠠᠷᠠᠵᠦ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠲᠤᠰᠬᠠᠵᠦ ᠬᠠᠪᠰᠤᠷᠤᠨ ᠰᠢᠢᠳᠪᠤᠷᠢᠯᠡᠵᠦ᠂ ᠨᠡᠶᠢᠳᠡᠯᠢᠭ ᠲᠤᠷᠰᠢᠯᠭ᠎ᠠ ᠠᠷᠭ᠎ᠠ ᠬᠢᠳᠡᠯ ᠢ ᠳ᠋ᠦᠩᠨᠡᠨ ᠳᠡᠯᠭᠡᠷᠡᠬᠦᠯᠵᠦ᠂ ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ ᠭᠡᠵᠦ ᠢᠯᠡᠳᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号