︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2020/3/16
     ᠰᠤᠷᠪᠤᠯᠵᠢᠯᠠᠭᠰᠠᠨ ᠴᠠᠭ᠄ 2020 ᠣᠨ ᠤ 02 ᠳ᠋ᠤᠭᠠᠷ ᠰᠠᠷ᠎ᠠ ᠶᠢᠨ 28 ᠤ ᠡᠳᠦᠷ      ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ       ᠵᠢᠶᠠ ᠯᠢ      ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ ᠲᠣᠭᠠᠲᠤ ᠵᠠᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ ᠲᠣᠭᠲᠠᠭᠠᠯ︾ ᠭᠡᠵᠦ ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃            ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ      ᠬᠥᠲᠥᠯᠥᠭᠴᠢ᠄      ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠣᠯᠣᠩ ᠢ ᠬᠦᠯᠢᠶᠡᠨ ᠠᠪᠴᠤ ᠦᠵᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 243 ᠳ᠋ᠤᠭᠠᠷ ᠲᠣᠭᠠᠲᠤ ᠵᠠᠷᠯᠢᠭ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠪᠠ ᠲᠣᠭᠲᠠᠭᠠᠯ︾ ︵ᠳᠣᠷᠣᠭᠰᠢ ︽ᠳᠡᠰ ᠳᠠᠷᠠᠭᠠᠯᠠᠯ ᠪᠠ ᠲᠣᠭᠲᠠᠭᠠᠯ︾ ᠭᠡᠵᠦ ᠲᠣᠪᠴᠢᠯᠠᠨ᠎ᠠ︶ ᠢ ᠨᠢᠭᠡᠨᠲᠡ 2019 ᠣᠨ ᠤ 11 ᠳ᠋ᠦ᠋ᠭᠡᠷ ᠰᠠᠷ᠎ᠠ 28 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2019 ᠣᠨ ᠤ 24 ᠳ᠋ᠦ᠋ᠭᠡᠷ ᠤᠳᠠᠭᠠᠨ ᠤ ᠪᠠᠶᠢᠩᠭᠤ ᠶᠢᠨ ᠬᠤᠷᠠᠯ ᠠᠴᠠ ᠬᠢᠨᠠᠨ ᠵᠥᠪᠯᠡᠵᠦ ᠪᠠᠲᠤᠯᠠᠭᠠᠳ᠂ 2020 ᠣᠨ ᠤ 3 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠨᠢ᠂ ᠡᠭᠦᠨ ᠠᠴᠠ ᠬᠤᠶᠢᠰᠢᠳᠠ ᠶᠢᠨ ᠮᠠᠨ ᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠪᠠᠶᠢᠳᠠᠭ᠃      ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠵᠢᠶᠠ ᠯᠢ ᠶᠢ ᠤᠷᠢᠵᠤ᠂ ᠲᠡᠭᠦᠨ ᠢᠶᠠᠷ ᠪᠢᠳᠡᠨ ᠳᠤ ︽ᠳᠡᠰ ᠳᠠᠷᠠᠭᠠᠯᠠᠯ ᠪᠠ ᠲᠣᠭᠲᠠᠭᠠᠯ︾ ᠤᠨ ᠬᠠᠮᠢᠶ᠎ᠠ ᠪᠦᠬᠦᠢ ᠠᠭᠤᠯᠭ᠎ᠠ ᠳᠤ ᠰᠦᠯᠵᠢᠶ᠎ᠡ ᠪᠠᠷ ᠲᠠᠶᠢᠯᠤᠮᠵᠢ ᠬᠢᠯᠭᠡᠬᠦ ᠪᠠᠷ ᠪᠣᠯᠣᠯ᠎ᠠ᠃ ᠵᠢᠶᠠ ᠲᠢᠩᠬᠢᠮ ᠤᠨ ᠳᠠᠷᠤᠭ᠎ᠠ ᠶᠢ ᠪᠠᠶᠠᠷᠯᠠᠨ ᠤᠭᠲᠤᠵᠤ ᠪᠠᠶᠢᠨ᠎ᠠ᠃      ᠵᠢᠶᠠ ᠯᠢ᠄      ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕      ᠬᠥᠲᠥᠯᠥᠭᠴᠢ᠄      ︽ᠳᠡᠰ ᠳᠠᠷᠠᠭᠠᠯᠠᠯ ᠪᠠ ᠲᠣᠭᠲᠠᠭᠠᠯ︾ ᠢ ᠨᠡᠶᠢᠲᠡᠯᠡᠭᠰᠡᠨ ᠠᠬᠤᠢ ᠪᠠᠶᠢᠳᠠᠯ ᠪᠠ ᠠᠴᠢ ᠬᠤᠯᠪᠣᠭᠳᠠᠯ ᠢ ᠲᠠᠨᠢᠯᠴᠠᠭᠤᠯᠤᠭᠠᠳ ᠥᠭᠭᠦᠨ᠎ᠡ ᠦᠦ︖      ᠵᠢᠶᠠ ᠯᠢ᠄      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠲᠣᠭᠲᠠᠭᠠᠯ︾᠂ ᠳᠠᠷᠤᠢ 91 ᠳ᠋ᠦ᠋ᠭᠡᠷ ᠲᠣᠭᠠᠲᠤ ᠵᠠᠷᠯᠢᠭ ᠢ 1998 ᠣᠨ ᠳᠤ ᠨᠡᠶᠢᠲᠡᠯᠡᠨ ᠬᠡᠷᠡᠭᠵᠢᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠵᠤ᠂ ᠬᠠᠤᠯᠢ ᠲᠣᠭᠲᠠᠭᠠᠯ ᠤᠨ ᠶᠠᠰᠤ ᠴᠢᠨᠠᠷ ᠢ ᠪᠠᠲᠤᠯᠠᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠤᠯᠤᠰ ᠢ ᠪᠦᠬᠦ ᠲᠠᠯ᠎ᠠ ᠪᠠᠷ ᠬᠠᠤᠯᠢ ᠶᠣᠰᠣᠭᠠᠷ ᠵᠠᠰᠠᠬᠤ ᠠᠬᠢᠴᠠ ᠶᠢ ᠲᠠᠰᠤᠷᠠᠯᠲᠠ ᠦᠭᠡᠢ ᠠᠬᠢᠭᠤᠯᠬᠤ ᠶᠢ ᠳᠠᠭᠠᠯᠳᠤᠨ᠂ ᠣᠨᠴᠠᠭᠠᠶᠢᠯᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠤᠯᠢ ᠲᠣᠭᠲᠠᠭᠠᠬᠤ ᠬᠠᠤᠯᠢ︾ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠳᠦᠷᠢᠮ ᠲᠣᠭᠲᠠᠭᠠᠯ ᠢ ᠲᠣᠭᠲᠠᠭᠠᠬᠤ ᠳᠠᠰ ᠳᠠᠷᠠᠭᠠᠯᠠᠯ ᠤᠨ ᠳᠦᠷᠢᠮ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ 91 ᠳ᠋ᠦ᠋ᠭᠡᠷ ᠲᠣᠭᠠᠲᠤ ᠵᠠᠷᠯᠢᠭ ᠤᠨ ᠳᠣᠲᠣᠷᠠᠬᠢ ᠵᠠᠷᠢᠮ ᠠᠭᠤᠯᠭ᠎ᠠ ᠨᠢ ᠳᠡᠭᠡᠳᠦ ᠪᠠᠶᠢᠷᠢᠨ ᠤ ᠬᠠᠤᠯᠢ ᠲᠠᠢ ᠬᠠᠷᠢᠯᠴᠠᠨ ᠨᠢᠭᠡᠳᠦᠯ ᠦᠭᠡᠢ ᠪᠣᠯᠵᠤ᠂ ᠨᠢᠭᠡᠨᠲᠡ ᠬᠠᠤᠯᠢ ᠲᠣᠭᠲᠠᠭᠠᠬᠤ ᠠᠵᠢᠯ ᠤᠨ ᠱᠠᠭᠠᠷᠳᠠᠯᠭ᠎ᠠ ᠲᠠᠢ ᠵᠣᠬᠢᠴᠠᠵᠤ ᠴᠢᠳᠠᠬᠤ ᠦᠭᠡᠢ ᠪᠣᠯᠵᠠᠢ᠃ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠲᠣᠭᠲᠠᠭᠠᠬᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠤᠰᠠᠳᠠ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠢ ᠵᠣᠬᠢᠶᠠᠬᠤ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠬᠤ ᠳᠠᠰ ᠳᠠᠷᠠᠭᠠᠯᠠᠯ ᠢ ᠲᠡᠭᠦᠯᠳᠡᠷᠵᠢᠭᠦᠯᠬᠦ ᠶᠢ ᠪᠠᠴᠢᠮ ᠱᠠᠭᠠᠷᠳᠠᠵᠤ ᠪᠠᠶᠢᠨ᠎ᠠ᠃      ᠬᠥᠲᠥᠯᠥᠭᠴᠢ᠄      ︽ᠳᠡᠰ ᠳᠠᠷᠠᠭᠠᠯᠠᠯ ᠪᠠ ᠲᠣᠭᠲᠠᠭᠠᠯ︾ ᠤᠨ ᠶᠡᠷᠦᠩᠬᠡᠢ ᠰᠡᠳᠬᠢᠮᠵᠢ ᠪᠠ ᠭᠤᠣᠯ ᠠᠭᠤᠯᠭ᠎ᠠ ᠨᠢ ᠶᠠᠭᠤ ᠪᠣᠢ︖      ᠵᠢᠶᠠ ᠯᠢ᠄      ︽ᠳᠡᠰ ᠳᠠᠷᠠᠭᠠᠯᠠᠯ ᠪᠠ ᠲᠣᠭᠲᠠᠭᠠᠯ︾ ᠤᠨ ᠨᠢᠭᠡᠳᠦᠭᠡᠷ ᠪᠦᠯᠦᠭ ᠶᠡᠷᠦᠩᠬᠡᠢ ᠳᠦᠷᠢᠮ ᠪᠠ ᠳᠣᠯᠣᠳᠤᠭᠠᠷ ᠪᠦᠯᠦᠭ ᠳᠠᠭᠠᠯᠳᠤᠭᠤᠯᠤᠯ ᠳᠦᠷᠢᠮ ᠠᠴᠠ ᠭᠠᠳᠠᠨ᠎ᠠ᠂ ᠬᠤᠶᠠᠳᠤᠭᠠᠷ ᠪᠦᠯᠦᠭ ᠠᠴᠠ ᠵᠢᠷᠭᠤᠳᠤᠭᠠᠷ ᠪᠦᠯᠦᠭ ᠬᠦᠷᠲᠡᠯ᠎ᠡ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠳᠠᠰ ᠳᠠᠷᠠᠭᠠᠯᠠᠯ ᠤᠨ ᠠᠯᠬᠤᠮ ᠳᠠᠷᠠᠭ᠎ᠠ ᠶᠣᠰᠣᠭᠠᠷ ᠲᠣᠬᠢᠷᠠᠭᠤᠯᠤᠨ᠂ ᠬᠤᠶᠠᠳᠤᠭᠠᠷ ᠪᠦᠯᠦᠭ ᠲᠥᠷᠥᠯ ᠵᠦᠢᠯ ᠢ ᠲᠣᠭᠲᠠᠭᠠᠬᠤ᠂ ᠭᠤᠷᠪᠠᠳᠤᠭᠠᠷ ᠪᠦᠯᠦᠭ ᠲᠤᠭᠤᠷᠪᠢᠬᠤ᠂ ᠳᠥᠷᠪᠡᠳᠦᠭᠡᠷ ᠪᠦᠯᠦᠭ ᠬᠢᠨᠠᠨ ᠪᠠᠶᠢᠴᠠᠭᠠᠬᠤ᠂ ᠲᠠᠪᠤᠳᠤᠭᠠᠷ ᠪᠦᠯᠦᠭ ᠲᠣᠭᠲᠠᠭᠠᠬᠤ ᠪᠠ ᠨᠡᠶᠢᠲᠡᠯᠡᠬᠦ᠂ ᠵᠢᠷᠭᠤᠳᠤᠭᠠᠷ ᠪᠦᠯᠦᠭ ᠪᠦᠷᠢᠳᠬᠡᠨ ᠳᠠᠩᠰᠠᠯᠠᠵᠤ ᠲᠠᠶᠢᠯᠪᠤᠷᠢᠯᠠᠬᠤ ᠪᠠ ᠦᠨᠡᠯᠡᠨ ᠵᠢᠱᠢᠬᠦ ᠭᠡᠬᠦ ᠮᠡᠲᠦ ᠪᠠᠷ ᠲᠣᠬᠢᠷᠠᠭᠤᠯᠤᠨ᠂ ᠳᠠᠰ ᠳᠠᠷᠠᠭᠠᠯᠠᠯ ᠪᠦᠷᠢ ᠳᠤ ᠨᠠᠷᠢᠨ ᠲᠣᠳᠣᠷᠬᠠᠢ ᠲᠣᠭᠲᠠᠭᠠᠯ ᠭᠠᠷᠭᠠᠵᠤ᠂ ᠮᠠᠰᠢ ᠴᠢᠩᠭ᠎ᠠ ᠵᠢᠯᠣᠭᠤᠳᠬᠤ ᠴᠢᠨᠠᠷ ᠲᠠᠢ ᠪᠠᠶᠢᠳᠠᠭ᠃      ᠬᠥᠲᠥᠯᠥᠭᠴᠢ᠄      ᠡᠭᠦᠨ ᠠᠴᠠ ᠡᠮᠦᠨᠡᠬᠢ 91 ᠳ᠋ᠦ᠋ᠭᠡᠷ ᠲᠣᠭᠠᠲᠤ ᠵᠠᠷᠯᠢᠭ ᠲᠠᠢ ᠬᠠᠷᠢᠴᠠᠭᠤᠯᠪᠠᠯ᠂ ᠵᠠᠰᠠᠪᠤᠷᠢ ᠣᠷᠣᠭᠤᠯᠤᠭᠰᠠᠨ ᠭᠢᠯᠠᠰ ᠴᠡᠭ ᠨᠢ ᠶᠠᠭᠤ ᠪᠣᠢ︖      ᠵᠢᠶᠠ ᠯᠢ᠄      ︽ᠳᠠᠰ ᠳᠠᠷᠠᠭᠠᠯᠠᠯ ᠪᠠ ᠲᠣᠭᠲᠠᠭᠠᠯ︾ ᠳᠤ ᠵᠠᠰᠠᠪᠤᠷᠢ ᠣᠷᠣᠭᠤᠯᠤᠭᠰᠠᠨ ᠭᠢᠯᠠᠰ ᠴᠡᠭ ᠨᠢ ᠭᠤᠣᠯᠳᠠᠭᠤ ᠳᠣᠣᠷᠠᠬᠢ ᠳᠥᠷᠪᠡᠨ ᠲᠠᠯ᠎ᠠ ᠪᠣᠢ᠄      ᠨᠢᠭᠡ ᠳᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠲᠠᠯ᠎ᠠ ᠪᠠᠷ᠂ ᠤᠯᠤᠰ ᠲᠥᠷᠥ ᠶᠢᠨ ᠲᠠᠯ᠎ᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠵᠠᠰᠠᠭ ᠤᠨ ᠣᠷᠳᠣᠨ ᠤ ᠲᠥᠬᠦᠷ ᠳᠦᠷᠢᠮ ᠲᠣᠭᠲᠠᠭᠠᠯ ᠪᠠ ᠠᠵᠤ ᠠᠬᠤᠢ ᠨᠡᠶᠢᠭᠡᠮ ᠤᠨ ᠲᠠᠯ᠎ᠠ ᠶᠢᠨ ᠵᠠᠰᠠᠭ ᠤᠨ ᠣᠷᠳᠣᠨ ᠤ ᠴᠢᠬᠤᠯᠠ ᠶᠡᠭᠡ ᠳᠦᠷᠢᠮ ᠲᠣᠭᠲᠠᠭᠠᠯ ᠢ ᠲᠣᠭᠲᠠᠭᠠᠬᠤ ᠳᠤ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠢ ᠱᠠᠭᠠᠷᠳᠠᠪᠠ᠃      ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠨᠤᠲᠠᠯᠠᠯᠲᠠ ᠬᠢᠵᠦ ᠠᠰᠠᠭᠤᠨ ᠯᠠᠪᠠᠯᠬᠤ ᠳᠦᠷᠢᠮ ᠢ ᠲᠣᠭᠲᠠᠭᠠᠪᠠ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠨᠢ ᠨᠡᠶᠢᠭᠡᠮ ᠤᠨ ᠣᠯᠠᠨ ᠲᠦᠮᠡᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠣᠶᠢᠮ᠎ᠠ ᠵᠥᠷᠢᠴᠡᠯ ᠳᠤ ᠬᠤᠯᠪᠣᠭᠳᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠠᠰᠢᠭ ᠲᠤᠰᠠ ᠶᠢ ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ ᠨᠥᠯᠥᠭᠡ ᠦᠵᠡᠭᠦᠯᠬᠦ ᠵᠡᠷᠭᠡ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ ᠲᠤᠭᠤᠷᠪᠢᠬᠤ ᠨᠢᠭᠡᠴᠢ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠷᠬᠡᠪᠰᠢ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ᠃ ᠨᠤᠲᠠᠯᠠᠯᠲᠠ ᠬᠢᠵᠦ ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ ᠪᠣᠯᠣᠨ᠎ᠠ᠃      ᠭᠤᠷᠪᠠ ᠳᠤ᠂ ᠭᠤᠷᠪᠠᠳᠠᠭᠴᠢ ᠲᠠᠯ᠎ᠠ ᠳᠤ ᠨᠠᠶᠢᠳᠠᠨ ᠲᠤᠭᠤᠷᠪᠢᠬᠤ ᠪᠠ ᠭᠤᠷᠪᠠᠳᠠᠭᠴᠢ ᠲᠠᠯ᠎ᠠ ᠶᠢᠨ ᠬᠢᠨ ᠤ ᠦᠨᠡᠯᠡᠯᠲᠡ ᠵᠢᠱᠢᠯᠲᠡ ᠶᠢ ᠬᠥᠲᠥᠯᠥᠨ ᠣᠷᠣᠭᠤᠯᠬᠤ ᠳᠦᠷᠢᠮ ᠢ ᠲᠣᠭᠲᠠᠭᠠᠪᠠ᠃ ᠲᠤᠰᠬᠠᠢ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠤᠭᠤᠷᠪᠢᠬᠤ ᠳᠤ᠂ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠨ ᠲᠤᠭᠤᠷᠪᠢᠵᠤ ᠪᠣᠯᠣᠨ᠎ᠠ᠃ ᠨᠡᠯᠢᠶᠡᠳ ᠶᠡᠭᠡ ᠮᠠᠷᠭᠤᠯᠳᠤᠭᠠᠨ ᠲᠠᠢ ᠴᠢᠬᠤᠯᠠ ᠵᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠨ ᠦᠨᠡᠯᠡᠯᠲᠡ ᠵᠢᠱᠢᠯᠲᠡ ᠬᠢᠯᠭᠡᠵᠦ ᠪᠣᠯᠣᠨ᠎ᠠ᠃      ᠳᠥᠷᠪᠡ ᠳᠤ᠂ ᠬᠠᠤᠯᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠦᠷᠢᠮ ᠢ ᠲᠣᠭᠲᠠᠭᠠᠪᠠ᠃      ᠬᠥᠲᠥᠯᠥᠭᠴᠢ᠄      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠄ ︽ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠠᠬᠢᠭᠤᠯᠵᠤ᠂ ᠡᠷᠡᠭᠦᠯ ᠪᠥᠭᠡᠳ ᠠᠰᠢᠭᠲᠠᠢ ᠬᠠᠤᠯᠢ ᠲᠣᠭᠲᠠᠭᠠᠯ ᠢᠶᠠᠷ ᠬᠥᠭᠵᠢᠯᠲᠡ ᠶᠢ ᠠᠬᠢᠭᠤᠯᠤᠨ᠂ ᠴᠢᠳᠠᠮᠠᠭᠠᠢ ᠪᠠᠷ ᠵᠠᠰᠠᠬᠤ ᠶᠢ ᠪᠠᠲᠤᠯᠠᠬᠤ ᠬᠡᠷᠡᠭᠲᠡᠢ︾ ᠭᠡᠵᠦ ᠳᠤᠷᠠᠳᠤᠨ ᠭᠠᠷᠭᠠᠪᠠ᠃ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠠᠬᠢᠭᠤᠯᠬᠤ ᠲᠠᠯ᠎ᠠ ᠪᠠᠷ᠂ ︽ᠳᠡᠰ ᠳᠠᠷᠠᠭᠠᠯᠠᠯ ᠪᠠ ᠲᠣᠭᠲᠠᠭᠠᠯ︾ ᠳᠤ ᠶᠠᠮᠠᠷ ᠶᠠᠮᠠᠷ ᠪᠣᠳᠠᠲᠠᠢ ᠲᠣᠭᠲᠠᠭᠠᠯ ᠭᠠᠷᠭᠠᠭᠰᠠᠨ ᠪᠣᠢ︖      ᠵᠢᠶᠠ ᠯᠢ᠄      ︽ᠳᠠᠰ ᠳᠠᠷᠠᠭᠠᠯᠠᠯ ᠪᠠ ᠲᠣᠭᠲᠠᠭᠠᠯ︾ ᠨᠢ ᠲᠥᠷᠥᠯ ᠵᠦᠢᠯ ᠢ ᠲᠣᠭᠲᠠᠭᠠᠬᠤ᠂ ᠲᠤᠭᠤᠷᠪᠢᠬᠤ᠂ ᠬᠢᠨᠠᠨ ᠪᠠᠶᠢᠴᠠᠭᠠᠬᠤ᠂ ᠨᠡᠶᠢᠲᠡᠯᠡᠬᠦ ᠵᠡᠷᠭᠡ ᠲᠠᠯ᠎ᠠ ᠪᠠᠷ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠠᠬᠢᠭᠤᠯᠬᠤ ᠲᠤᠬᠠᠢ ᠬᠠᠮᠢᠶ᠎ᠠ ᠪᠦᠬᠦᠢ ᠲᠣᠭᠲᠠᠭᠠᠯ ᠭᠠᠷᠭᠠᠪᠠ᠄      ᠲᠥᠷᠥᠯ ᠵᠦᠢᠯ ᠢ ᠲᠣᠭᠲᠠᠭᠠᠬᠤ ᠲᠠᠯ᠎ᠠ ᠪᠠᠷ᠂ ᠠᠷᠪᠠᠳᠤᠭᠠᠷ ᠵᠤᠷᠪᠤᠰ ᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠫᠤᠷᠲ᠋ᠧᠯ ᠰᠦᠯᠵᠢᠶ᠎ᠡ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠬᠠᠤᠯᠢ ᠲᠣᠭᠲᠠᠭᠠᠬᠤ ᠲᠥᠯᠥᠪᠯᠡᠭᠡ ᠶᠢᠨ ᠲᠥᠷᠥᠯ ᠵᠦᠢᠯ ᠤᠨ ᠲᠤᠬᠠᠢ ᠰᠠᠨᠠᠭᠤᠯᠭ᠎ᠠ ᠶᠢ ᠨᠡᠶᠢᠭᠡᠮ ᠠᠴᠠ ᠢᠯᠡ ᠪᠠᠷ ᠬᠤᠷᠢᠶᠠᠨ ᠴᠤᠭᠯᠠᠭᠤᠯᠵᠤ ᠪᠣᠯᠣᠨ᠎ᠠ᠃      ᠲᠤᠭᠤᠷᠪᠢᠬᠤ ᠲᠠᠯ᠎ᠠ ᠪᠠᠷ᠂ ᠨᠢᠭᠡ ᠳᠤ᠂ ᠬᠠᠤᠯᠢ ᠶᠣᠰᠣᠭᠠᠷ ᠨᠢᠭᠤᠴᠠ ᠶᠢ ᠬᠠᠮᠠᠭᠠᠯᠠᠬᠤ ᠪᠠᠷ ᠱᠠᠭᠠᠷᠳᠠᠵᠤ ᠪᠠᠶᠢᠭ᠎ᠠ ᠠᠴᠠ ᠭᠠᠳᠠᠨ᠎ᠠ᠂ ᠲᠤᠭᠤᠷᠪᠢᠬᠤ ᠨᠢᠭᠡᠴᠢ ᠠᠴᠠ ᠡᠬᠡ ᠲᠥᠰᠥᠯ ᠵᠢᠴᠢ ᠲᠣᠳᠣᠷᠬᠠᠶᠢᠯᠠᠯᠲᠠ ᠵᠡᠷᠭᠡ ᠶᠢ ᠨᠡᠶᠢᠭᠡᠮ ᠳᠤ ᠨᠡᠶᠢᠲᠡᠯᠡᠵᠦ᠂ ᠰᠠᠨᠠᠯ ᠬᠤᠷᠢᠶᠠᠬᠤ ᠬᠡᠷᠡᠭᠲᠡᠢ᠃ ᠨᠡᠶᠢᠭᠡᠮ ᠳᠤ ᠨᠡᠶᠢᠲᠡᠯᠡᠵᠦ ᠰᠠᠨᠠᠯ ᠬᠤᠷᠢᠶᠠᠬᠤ ᠬᠤᠭᠤᠴᠠᠭᠠᠨ ᠤ ᠬᠢᠵᠠᠭᠠᠷ ᠨᠢ ᠶᠡᠷᠦᠳᠡ ᠪᠠᠨ ᠭᠤᠴᠢᠨ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ︔ ᠬᠤᠶᠠᠷ ᠲᠤ᠂ ᠨᠡᠶᠢᠭᠡᠮ ᠤᠨ ᠣᠯᠠᠨ ᠲᠦᠮᠡᠨ ᠤ ᠨᠡᠶᠢᠳᠡᠮ ᠳᠤ ᠪᠠᠨ ᠠᠩᠬᠠᠷᠤᠯ ᠲᠠᠯᠪᠢᠵᠤ ᠪᠠᠶᠢᠭ᠎ᠠ ᠬᠠᠯᠠᠭᠤᠨ ᠴᠡᠭ ᠤᠨ ᠠᠰᠠᠭᠤᠳᠠᠯ᠂ ᠬᠦᠴᠢᠷᠳᠡᠯ ᠲᠠᠢ ᠠᠰᠠᠭᠤᠳᠠᠯ ᠪᠠ ᠠᠵᠤ ᠠᠬᠤᠢ ᠨᠡᠶᠢᠭᠡᠮ ᠤᠨ ᠬᠥᠭᠵᠢᠯᠲᠡ ᠳᠤ ᠲᠤᠯᠭᠠᠷᠠᠭᠰᠠᠨ ᠲᠣᠪᠣᠶᠢᠮ᠎ᠠ ᠵᠥᠷᠢᠴᠡᠯ ᠳᠤ ᠬᠤᠯᠪᠣᠭᠳᠠᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠠᠰᠢᠭ ᠲᠤᠰᠠ ᠶᠢ ᠬᠤᠬᠢᠷᠠᠭᠤᠯᠬᠤ ᠪᠤᠶᠤ ᠲᠡᠳᠡ ᠨᠠᠷ ᠤᠨ ᠡᠭᠦᠷᠭᠡ ᠶᠢ ᠨᠡᠮᠡᠭᠳᠡᠭᠦᠯᠵᠦ᠂ ᠨᠡᠶᠢᠭᠡᠮ ᠤᠨ ᠣᠯᠠᠨ ᠲᠦᠮᠡᠨ ᠳᠤ ᠴᠢᠬᠤᠯᠠ ᠨᠥᠯᠥᠭᠡ ᠦᠵᠡᠭᠦᠯᠬᠦ ᠵᠡᠷᠭᠡ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠵᠦᠢᠯᠡᠰ ᠲᠤ᠂ ᠲᠤᠭᠤᠷᠪᠢᠬᠤ ᠨᠢᠭᠡᠴᠢ ᠠᠴᠠ ᠡᠷᠬᠡᠪᠰᠢ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔ ᠭᠤᠷᠪᠠ ᠳᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠬᠤ ᠪᠤᠶᠤ ᠴᠢᠬᠤᠯᠠ ᠶᠡᠭᠡ ᠰᠠᠨᠠᠯ ᠵᠥᠷᠢᠯᠳᠦᠭᠡᠨ ᠣᠷᠣᠰᠢᠵᠤ᠂ ᠡᠷᠬᠡᠲᠦ ᠠᠷᠠᠳ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠡᠭᠦᠷᠭᠡ ᠳᠤ ᠨᠡᠯᠢᠶᠡᠳ ᠶᠡᠭᠡ ᠨᠥᠯᠥᠭᠡ ᠦᠵᠡᠭᠦᠯᠵᠦ᠂ ᠠᠷᠠᠳ ᠲᠦᠮᠡᠨ ᠠᠴᠠ ᠨᠡᠶᠢᠳᠡᠮ ᠳᠤ ᠪᠠᠨ ᠠᠩᠬᠠᠷᠤᠯ ᠲᠠᠯᠪᠢᠵᠤ᠂ ᠭᠡᠷᠡᠴᠢᠯᠡᠭᠡ ᠰᠣᠨᠣᠰᠬᠤ ᠴᠢᠬᠤᠯᠠᠲᠠᠢ ᠪᠣᠯ᠂ ᠲᠤᠭᠤᠷᠪᠢᠬᠤ ᠨᠢᠭᠡᠴᠢ ᠠᠴᠠ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠬᠡᠷᠡᠭᠲᠡᠢ︔ ᠳᠥᠷᠪᠡ ᠳᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠵᠤ ᠠᠬᠤᠢ ᠶᠢᠨ ᠠᠵᠢᠯᠯᠠᠭ᠎ᠠ ᠳᠤ ᠬᠤᠯᠪᠣᠭᠳᠠᠭᠰᠠᠨ ᠪᠣᠯ᠂ ᠲᠤᠭᠤᠷᠪᠢᠬᠤ ᠨᠢᠭᠡᠴᠢ ᠠᠴᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠷᠬᠡ ᠲᠡᠭᠰᠢ ᠪᠠᠷ ᠥᠷᠢᠰᠦᠯᠳᠦᠭᠦᠯᠵᠦ ᠬᠢᠨᠠᠨ ᠪᠠᠶᠢᠴᠠᠭᠠᠬᠤ ᠠᠵᠢᠯᠯᠠᠭ᠎ᠠ ᠶᠢ ᠥᠷᠨᠢᠭᠦᠯᠦᠨ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠰᠠᠨᠠᠯ ᠢ ᠰᠣᠨᠣᠰᠬᠤ ᠬᠡᠷᠡᠭᠲᠡᠢ᠃      ᠬᠢᠨᠠᠨ ᠪᠠᠶᠢᠴᠠᠭᠠᠬᠤ ᠲᠠᠯ᠎ᠠ ᠪᠠᠷ᠂ ᠨᠢᠭᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠡᠬᠡ ᠲᠥᠰᠥᠯ ᠤᠨ ᠬᠢᠨᠠᠭᠤᠯᠬᠤ ᠨᠣᠣᠷᠠᠭ ᠵᠢᠴᠢ ᠲᠣᠳᠣᠷᠬᠠᠶᠢᠯᠠᠯᠲᠠ ᠳᠤ ᠬᠢᠨᠠᠯᠲᠠ ᠪᠠᠶᠢᠴᠠᠭᠠᠯᠲᠠ ᠬᠢᠬᠦ ᠳᠤ ᠨᠡᠶᠢᠭᠡᠮ ᠳᠤ ᠵᠠᠷᠯᠠᠨ ᠨᠡᠶᠢᠲᠡᠯᠡᠵᠦ᠂ ᠨᠡᠶᠢᠭᠡᠮ ᠳᠤ ᠵᠠᠷᠯᠠᠨ ᠨᠡᠶᠢᠲᠡᠯᠡᠬᠦ ᠢᠯᠡ ᠪᠠᠷ ᠰᠠᠨᠠᠯ ᠬᠤᠷᠢᠶᠠᠬᠤ ᠬᠤᠭᠤᠴᠠᠭᠠᠨ ᠤ ᠬᠢᠵᠠᠭᠠᠷ ᠨᠢ ᠭᠤᠴᠢᠨ ᠡᠳᠦᠷ ᠠᠴᠠ ᠳᠤᠲᠠᠭᠤ ᠪᠠᠶᠢᠵᠤ ᠪᠣᠯᠬᠤ ᠦᠭᠡᠢ᠃ ᠬᠤᠶᠠᠷ ᠲᠤ᠂ ᠴᠢᠬᠤᠯᠠ ᠶᠡᠭᠡ ᠠᠰᠢᠭ ᠲᠤᠰᠠ ᠳᠤ ᠲᠣᠬᠢᠷᠠᠭᠤᠯᠤᠯᠲᠠ ᠬᠢᠬᠦ ᠳᠤ ᠬᠤᠯᠪᠣᠭᠳᠠᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠨᠤᠲᠠᠯᠠᠯᠲᠠ ᠬᠢᠬᠦ ᠪᠠ ᠠᠰᠠᠭᠤᠨ ᠯᠠᠪᠯᠠᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︔  ᠨᠤᠲᠠᠯᠠᠯᠲᠠ ᠬᠢᠵᠦ ᠠᠰᠠᠭᠤᠨ ᠯᠠᠪᠠᠯᠬᠤ ᠳᠤ ᠶᠠᠷᠢᠯᠴᠠᠭᠠᠨ ᠤ ᠬᠤᠷᠠᠯ᠂ ᠨᠤᠲᠠᠯᠠᠯᠲᠠ ᠶᠢᠨ ᠬᠤᠷᠠᠯ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠬᠤ ᠪᠠ ᠨᠠᠶᠢᠳᠠᠨ ᠰᠤᠳᠤᠯᠤᠯᠲᠠ ᠬᠢᠯᠭᠡᠬᠦ ᠵᠡᠷᠭᠡ ᠣᠯᠠᠨ ᠵᠦᠢᠯ ᠤᠨ ᠬᠡᠯᠪᠡᠷᠢ ᠶᠢ ᠬᠡᠷᠡᠭᠯᠡᠵᠦ ᠪᠣᠯᠣᠨ᠎ᠠ᠃      ᠵᠠᠷᠯᠠᠨ ᠨᠡᠶᠢᠲᠡᠯᠡᠬᠦ ᠲᠠᠯ᠎ᠠ ᠪᠠᠷ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠭᠠᠷ ᠤᠨ ᠦᠰᠦᠭ ᠵᠢᠷᠤᠵᠤ ᠵᠠᠷᠯᠠᠨ ᠨᠡᠶᠢᠲᠡᠯᠡᠭᠰᠡᠨ ᠤ ᠳᠠᠷᠠᠭ᠎ᠠ᠂ ᠴᠠᠭ ᠲᠤᠬᠠᠢ ᠳᠤ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠮᠡᠳᠡᠭᠡ︾ ︽ᠥᠪᠥᠷ ᠮᠣᠩᠭᠤᠯ ᠤᠨ ᠡᠳᠦᠷ ᠤᠨ ᠰᠣᠨᠢᠨ︾ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠳᠤ ᠨᠡᠶᠢᠲᠡᠯᠡᠬᠦ ᠬᠡᠷᠡᠭᠲᠡᠢ᠃ ᠨᠡᠶᠢᠲᠡᠯᠡᠬᠦ ᠦᠶ᠎ᠡ ᠳᠤ᠂ ᠮᠣᠩᠭᠤᠯ᠂ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠬᠡᠷᠡᠭᠯᠡᠬᠦ ᠬᠡᠷᠡᠭᠲᠡᠢ᠃      ᠬᠥᠲᠥᠯᠥᠭᠴᠢ᠄      ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠢᠨᠠᠯᠲᠠ ᠪᠠᠶᠢᠴᠠᠭᠠᠯᠲᠠ ᠬᠢᠬᠦ ᠦᠶ᠎ᠡ ᠳᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠠᠷᠢᠮ ᠴᠢᠬᠤᠯᠠ ᠵᠦᠢᠯᠡᠰ ᠲᠤ ᠠᠳᠠᠯᠢ ᠪᠤᠰᠤ ᠰᠠᠨᠠᠯ ᠲᠠᠢ ᠪᠣᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠬᠡᠷᠬᠢᠨ ᠰᠢᠢᠳᠪᠦᠷᠢᠯᠡᠬᠦ ᠴᠢᠬᠤᠯᠠᠲᠠᠢ ᠪᠣᠢ︖      ᠵᠢᠶᠠ ᠯᠢ᠄      ᠡᠨᠡ ᠬᠦ ᠠᠰᠠᠭᠤᠳᠠᠯ ᠤᠨ ᠲᠤᠬᠠᠢ᠂ ︽ᠳᠡᠰ ᠳᠠᠷᠠᠭᠠᠯᠠᠯ ᠪᠠ ᠲᠣᠭᠲᠠᠭᠠᠯ︾ ᠤᠨ 28 ᠳ᠋ᠤᠭᠠᠷ ᠵᠤᠷᠪᠤᠰ ᠲᠤ ︽ᠬᠤᠯᠪᠣᠭᠳᠠᠯ ᠪᠦᠬᠦᠢ ᠪᠠᠶᠢᠭᠤᠯᠭ᠎ᠠ ᠪᠤᠶᠤ ᠰᠠᠯᠠᠭ᠎ᠠ ᠮᠥᠴᠢᠷ ᠠᠴᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠪᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠡᠬᠡ ᠲᠥᠰᠥᠯ ᠤᠨ ᠬᠢᠨᠠᠭᠤᠯᠬᠤ ᠨᠣᠣᠷᠠᠭ ᠲᠤ ᠬᠤᠯᠪᠣᠭᠳᠠᠭᠰᠠᠨ ᠭᠤᠣᠯ ᠠᠷᠭ᠎ᠠ ᠬᠡᠮᠵᠢᠶ᠎ᠡ᠂ ᠬᠠᠮᠢᠶᠠᠷᠤᠯᠲᠠ ᠶᠢᠨ ᠪᠠᠶᠢᠭᠤᠯᠤᠯ᠂ ᠡᠷᠬᠡ ᠶᠢᠨ ᠬᠢᠵᠠᠭᠠᠷ ᠤᠨ ᠬᠤᠪᠢᠶᠠᠷᠢᠯᠠᠯ ᠵᠡᠷᠭᠡ ᠠᠰᠠᠭᠤᠳᠠᠯ ᠳᠤ ᠠᠳᠠᠯᠢ ᠪᠤᠰᠤ ᠰᠠᠨᠠᠯ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠣᠬᠢᠴᠠᠭᠤᠯᠤᠯᠲᠠ ᠬᠢᠵᠦ᠂ ᠨᠢᠭᠡᠳᠦᠯᠲᠡᠢ ᠰᠠᠨᠠᠯ ᠢ ᠴᠢᠷᠮᠠᠶᠢᠨ ᠪᠣᠢ ᠪᠣᠯᠭᠠᠬᠤ ᠬᠡᠷᠡᠭᠲᠡᠢ᠃ ᠨᠡᠯᠢᠶᠡᠳ ᠶᠡᠭᠡ ᠮᠠᠷᠭᠤᠯᠳᠤᠭᠠᠨ ᠲᠠᠢ ᠴᠢᠬᠤᠯᠠ ᠦᠢᠯᠡᠰ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠦᠨᠡᠯᠡᠯᠲᠡ ᠵᠢᠱᠢᠯᠲᠡ ᠬᠢᠯᠭᠡᠬᠦ ᠬᠡᠷᠡᠭᠲᠡᠢ᠃      ᠭᠦᠢᠴᠡᠳ ᠵᠣᠬᠢᠴᠠᠭᠤᠯᠤᠯᠲᠠ ᠬᠢᠭᠰᠡᠨ ᠪᠣᠯᠪᠠᠴᠤ ᠨᠢᠭᠡᠳᠦᠯᠲᠡᠢ ᠰᠠᠨᠠᠯ ᠢ ᠪᠣᠢ ᠪᠣᠯᠭᠠᠵᠤ ᠴᠢᠳᠠᠬᠤ ᠦᠭᠡᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠭᠤᠣᠯ ᠠᠰᠠᠭᠤᠳᠠᠯ᠂ ᠬᠤᠯᠪᠣᠭᠳᠠᠯ ᠪᠦᠬᠦᠢ ᠪᠠᠶᠢᠭᠤᠯᠤᠮᠵᠢ ᠪᠤᠶᠤ ᠰᠠᠯᠠᠭ᠎ᠠ ᠮᠥᠴᠢᠷ ᠤᠨ ᠰᠠᠨᠠᠯ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠰᠠᠨᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠤᠳᠤᠷᠢᠳᠤᠯᠭ᠎ᠠ ᠳᠤ ᠮᠡᠳᠡᠭᠦᠯᠦᠨ ᠵᠣᠬᠢᠴᠠᠭᠤᠯᠤᠯᠲᠠ ᠬᠢᠯᠭᠡᠬᠦ᠂ ᠡᠰᠡᠬᠦᠯ᠎ᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯ ᠭᠠᠷᠭᠠᠯᠭᠠᠬᠤ ᠬᠡᠷᠡᠭᠲᠡᠢ︾ ᠭᠡᠵᠦ ᠲᠣᠭᠲᠠᠭᠠᠵᠠᠢ᠃      ᠬᠥᠲᠥᠯᠥᠭᠴᠢ᠄      ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠶᠢ ᠥᠷᠨᠢᠭᠦᠯᠬᠦ ᠪᠣᠯ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠬᠦ ᠦᠷ᠎ᠡ ᠪᠦᠲᠦᠭᠡᠯ ᠢ ᠰᠢᠯᠭᠠᠨ ᠬᠢᠨᠠᠵᠤ ᠪᠠᠷᠢᠮᠵᠢᠶᠠᠯᠠᠬᠤ ᠴᠢᠬᠤᠯᠠ ᠳᠦᠷᠢᠮ ᠪᠣᠯᠣᠨ᠎ᠠ᠃ ᠲᠡᠭᠡᠪᠡᠯ ᠲᠠᠨ ᠤ ᠰᠠᠶ᠋ᠢᠬᠠᠨ ᠳᠤᠷᠠᠳᠤᠭᠰᠠᠨ ︽ᠳᠡᠰ ᠳᠠᠷᠠᠭᠠᠯᠠᠯ ᠪᠠ ᠲᠣᠭᠲᠠᠭᠠᠯ︾ ᠳᠤ ᠲᠣᠭᠲᠠᠭᠠᠭᠰᠠᠨ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠳᠤ ᠪᠣᠳᠠᠲᠠᠢ ᠪᠠᠷ ᠶᠠᠮᠠᠷ ᠶᠠᠮᠠᠷ ᠲᠣᠭᠲᠠᠭᠠᠯ ᠭᠠᠷᠭᠠᠭᠰᠠᠨ ᠪᠣᠢ︖      ᠵᠢᠶᠠ ᠯᠢ᠄      ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠬᠦ ᠳᠦᠷᠢᠮ ᠤᠨ ᠲᠤᠬᠠᠢ᠂ ︽ᠳᠡᠰ ᠳᠠᠷᠠᠭᠠᠯᠠᠯ ᠪᠠ ᠲᠣᠭᠲᠠᠭᠠᠯ︾ ᠤᠨ 38᠂ 39᠂ 40 ᠳ᠋ᠦ᠋ᠭᠡᠷ ᠵᠤᠷᠪᠤᠰ ᠲᠤ ᠪᠣᠳᠠᠲᠠᠢ ᠪᠠᠷ ᠲᠣᠭᠲᠠᠭᠠᠯ ᠭᠠᠷᠭᠠᠪᠠ᠃      38 ᠳ᠋ᠤᠭᠠᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠦᠨᠡᠯᠡᠯᠲᠡ ᠵᠢᠱᠢᠯᠲᠡ ᠬᠢᠬᠦ ᠶᠢ ᠵᠣᠬᠢᠶᠠᠨ ᠪᠠᠶᠢᠭᠤᠯᠬᠤ ᠶᠢᠨ ᠬᠠᠮᠲᠤ᠂ ᠦᠨᠡᠯᠡᠨ ᠵᠢᠱᠢᠭᠰᠡᠨ ᠦᠷ᠎ᠡ ᠳ᠋ᠦᠩ ᠢᠶᠠᠷ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠶᠢᠨ ᠴᠢᠬᠤᠯᠠ ᠯᠠᠪᠯᠠᠯᠲᠠ ᠪᠣᠯᠭᠠᠵᠤ ᠪᠣᠯᠣᠨ᠎ᠠ︾ ᠭᠡᠵᠦ ᠲᠣᠭᠲᠠᠭᠠᠵᠠᠢ᠃      39 ᠳ᠋ᠦ᠋ᠭᠡᠷ ᠵᠤᠷᠪᠤᠰ ᠲᠤ ︽ᠵᠠᠰᠠᠭ ᠤᠨ ᠣᠷᠳᠣᠨ ᠤ ᠳᠦᠷᠢᠮ ᠲᠣᠭᠲᠠᠭᠠᠯ ᠳᠤ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠬᠡᠷᠡᠭᠵᠢᠭᠦᠯᠬᠦ ᠪᠠᠶᠢᠭᠤᠯᠭ᠎ᠠ ᠠᠴᠠ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠶᠢ ᠥᠷᠨᠢᠭᠦᠯᠬᠦ ᠬᠡᠷᠡᠭᠲᠡᠢ︔ ᠴᠢᠬᠤᠯᠠᠲᠠᠢ ᠦᠶ᠎ᠡ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠬᠡᠷᠡᠭᠵᠢᠭᠦᠯᠬᠦ ᠪᠠᠶᠢᠭᠤᠯᠭ᠎ᠠ ᠲᠠᠢ ᠬᠤᠯᠪᠣᠭᠠᠯᠠᠵᠤ ᠪᠠᠶᠢᠭᠠᠳ ᠦᠨᠡᠯᠡᠯᠲᠡ ᠵᠢᠱᠢᠯᠲᠡ ᠬᠢᠬᠦ ᠶᠢ ᠥᠷᠨᠢᠭᠦᠯᠵᠦ ᠪᠣᠯᠣᠨ᠎ᠠ᠄ ︵ᠨᠢᠭᠡ︶ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠬᠦ ᠪᠠᠷ ᠪᠠᠶᠢᠪᠠᠯ︔ ︵ᠬᠤᠶᠠᠷ︶ ᠴᠢᠬᠤᠯᠠ ᠶᠡᠭᠡ ᠵᠠᠰᠠᠯᠲᠠ ᠥᠭᠡᠷᠡᠴᠢᠯᠡᠯᠲᠡ ᠬᠢᠬᠦ ᠪᠠᠷ ᠪᠠᠶᠢᠪᠠᠯ︔ ︵ᠭᠤᠷᠪᠠ︶ ᠬᠦᠴᠦᠨ ᠦᠭᠡᠢ ᠪᠣᠯᠭᠠᠬᠤ ᠪᠠᠷ ᠪᠠᠶᠢᠭ᠎ᠠ ᠪᠣᠯᠪᠠᠴᠤ ᠨᠡᠯᠢᠶᠡᠳ ᠶᠡᠭᠡ ᠮᠠᠷᠭᠤᠯᠳᠤᠭᠠᠨ ᠲᠠᠢ ᠪᠠᠶᠢᠪᠠᠯ︔ ︵ᠳᠥᠷᠪᠡ︶ ᠠᠵᠤ ᠠᠬᠤᠢ ᠨᠡᠶᠢᠭᠡᠮ ᠤᠨ ᠬᠥᠭᠵᠢᠯᠲᠡ ᠪᠤᠶᠤ ᠣᠯᠠᠨ ᠨᠡᠶᠢᠲᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠮᠥᠷᠲᠡᠭᠡᠨ ᠬᠡᠷᠡᠭᠵᠢᠭᠦᠯᠦᠭᠡᠳ ᠪᠦᠬᠦᠯᠢ ᠲᠠᠪᠤᠨ ᠵᠢᠯ ᠪᠣᠯᠣᠭᠰᠠᠨ ᠪᠣᠯ︔ ︵ᠲᠠᠪᠤ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠨᠡᠶᠢᠭᠡᠮ ᠤᠨ ᠣᠯᠠᠨ ᠲᠦᠮᠡᠨ ᠤ ᠲᠤᠰᠬᠠᠭᠰᠠᠨ ᠠᠰᠠᠭᠤᠳᠠᠯ ᠨᠢ ᠨᠡᠯᠢᠶᠡᠳ ᠲᠥᠪᠯᠡᠷᠡᠭᠰᠡᠨ ᠪᠣᠯ︔ ︵ᠵᠢᠷᠭᠤᠭ᠎ᠠ︶ ᠦᠨᠡᠯᠡᠯᠲᠡ ᠵᠢᠱᠢᠯᠲᠡ ᠬᠢᠬᠦ ᠴᠢᠬᠤᠯᠠᠲᠠᠢ ᠪᠤᠰᠤᠳ ᠪᠠᠶᠢᠳᠠᠯ ᠣᠷᠣᠰᠢᠵᠤ ᠪᠠᠶᠢᠪᠠᠯ︾ ᠭᠡᠵᠦ ᠲᠣᠭᠲᠠᠭᠠᠪᠠ᠃ ᠡᠭᠦᠨ ᠤ ᠬᠠᠮᠲᠤ ︽ᠬᠡᠷᠡᠭᠵᠢᠭᠦᠯᠬᠦ ᠪᠠᠶᠢᠭᠤᠯᠭ᠎ᠠ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠳ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠨᠠᠶᠢᠳᠠᠵᠤ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠯᠭᠡᠵᠦ ᠪᠣᠯᠣᠨ᠎ᠠ︾ ᠭᠡᠵᠦ ᠲᠣᠭᠲᠠᠭᠠᠵᠠᠢ᠃ 40 ᠳ᠋ᠦ᠋ᠭᠡᠷ ᠵᠤᠷᠪᠤᠰ ᠲᠤ ︽ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠬᠦ ᠳᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠲᠣᠭᠲᠠᠭᠠᠭᠰᠠᠨ ᠶᠠᠰᠤ ᠴᠢᠨᠠᠷ᠂ ᠬᠡᠷᠡᠭᠵᠢᠭᠦᠯᠦᠭᠰᠡᠨ ᠠᠵᠢᠯ ᠤᠨ ᠦᠷ᠎ᠡ ᠪᠦᠲᠦᠮᠵᠢ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠨᠥᠯᠥᠭᠡ ᠵᠡᠷᠭᠡ ᠳᠤ ᠪᠠᠶᠢᠴᠠᠭᠠᠯᠲᠠ ᠬᠢᠬᠦ ᠪᠠ ᠦᠨᠡᠯᠡᠯᠲᠡ ᠵᠢᠱᠢᠯᠲᠡ ᠬᠢᠵᠦ᠂ ᠦᠷᠭᠦᠯᠵᠢᠯᠡᠨ ᠬᠡᠷᠡᠭᠵᠢᠭᠦᠯᠬᠦ᠂ ᠵᠠᠰᠠᠨ ᠥᠭᠡᠷᠡᠴᠢᠯᠡᠬᠦ ᠪᠤᠶᠤ ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠳᠤᠷᠠᠳᠴᠤ᠂ ᠬᠠᠤᠯᠢ ᠶᠢ ᠲᠣᠭᠲᠠᠭᠠᠭᠰᠠᠨ ᠤ ᠳᠠᠷᠠᠭ᠎ᠠ ᠦᠨᠡᠯᠡᠯᠲᠡ ᠵᠢᠱᠢᠯᠲᠡ ᠬᠢᠭᠰᠡᠨ ᠮᠡᠳᠡᠭᠦᠯᠦᠯᠲᠡ ᠶᠢ ᠪᠦᠷᠢᠯᠳᠦᠭᠦᠯᠬᠦ ᠬᠡᠷᠡᠭᠲᠡᠢ︾ ᠭᠡᠵᠦ ᠲᠣᠭᠲᠠᠭᠠᠵᠠᠢ᠃      ᠬᠥᠲᠥᠯᠥᠭᠴᠢ᠄      ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠢᠯᠭᠠᠨ ᠴᠡᠪᠡᠷᠯᠡᠬᠦ ᠠᠵᠢᠯ ᠤᠨ ᠲᠤᠬᠠᠢ᠂ ᠶᠠᠮᠠᠷ ᠶᠠᠮᠠᠷ ᠪᠣᠳᠠᠲᠠᠢ ᠲᠣᠭᠲᠠᠭᠠᠯ ᠪᠠᠶᠢᠬᠤ ᠪᠣᠢ︖      ᠵᠢᠶᠠ ᠯᠢ᠄      ︽ᠳᠡᠰ ᠳᠠᠷᠠᠭᠠᠯᠠᠯ ᠪᠠ ᠲᠣᠭᠲᠠᠭᠠᠯ︾ ᠤᠨ 41 ᠳ᠋ᠦ᠋ᠭᠡᠷ ᠵᠤᠷᠪᠤᠰ ᠲᠤ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠵᠢᠴᠢ ᠳᠡᠭᠡᠳᠦ ᠪᠠᠶᠢᠷᠢᠨ ᠤ ᠬᠠᠤᠯᠢ ᠶᠢ ᠲᠣᠭᠲᠠᠭᠠᠭᠰᠠᠨ᠂ ᠵᠠᠰᠠᠨ ᠥᠭᠡᠷᠡᠴᠢᠯᠡᠭᠰᠡᠨ᠂ ᠬᠦᠴᠦᠨ ᠦᠭᠡᠢ ᠪᠣᠯᠭᠠᠭᠰᠠᠨ ᠪᠠᠶᠢᠳᠠᠯ ᠢ ᠦᠨᠳᠦᠰᠦᠯᠡᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠢᠯᠭᠠᠨ ᠴᠡᠪᠡᠷᠯᠡᠬᠦ ᠠᠵᠢᠯ ᠢ ᠴᠠᠭ ᠲᠤᠬᠠᠢ ᠳᠤ ᠨᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ︾ ᠭᠡᠵᠦ ᠲᠣᠭᠲᠠᠭᠠᠪᠠ᠃ ᠡᠭᠦᠨ ᠤ ᠬᠠᠮᠲᠤ᠂ 42 ᠳ᠋ᠤᠭᠠᠷ ᠵᠤᠷᠪᠤᠰ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠵᠢᠷᠭᠤᠭᠠᠨ ᠵᠦᠢᠯ ᠤᠨ ᠪᠠᠶᠢᠳᠠᠯ ᠳᠣᠣᠷ᠎ᠠ ᠵᠠᠰᠠᠨ ᠥᠭᠡᠷᠡᠴᠢᠯᠡᠬᠦ ᠪᠠ ᠬᠦᠴᠦᠨ ᠦᠭᠡᠢ ᠪᠣᠯᠭᠠᠬᠤ ᠰᠠᠨᠠᠭᠤᠯᠭ᠎ᠠ ᠶᠢ ᠴᠠᠭ ᠲᠤᠬᠠᠢ ᠳᠤ ᠨᠢ ᠳᠤᠷᠠᠳᠬᠤ ᠬᠡᠷᠡᠭᠲᠡᠢ᠄ ︵ᠨᠢᠭᠡ︶ ᠰᠢᠨ᠎ᠡ ᠪᠠᠷ ᠲᠣᠭᠲᠠᠭᠠᠭᠰᠠᠨ ᠳᠡᠭᠡᠳᠦ ᠪᠠᠶᠢᠷᠢᠨ ᠤ ᠬᠠᠤᠯᠢ ᠲᠠᠢ ᠡᠰᠡᠷᠭᠦᠴᠡᠯᠳᠦᠬᠦ ᠪᠤᠶᠤ ᠦᠨᠳᠦᠰᠦᠯᠡᠯ ᠪᠣᠯᠭᠠᠭᠰᠠᠨ ᠳᠡᠭᠡᠳᠦ ᠪᠠᠶᠢᠷᠢᠨ ᠤ ᠬᠠᠤᠯᠢ ᠶᠢ ᠨᠢᠭᠡᠨᠲᠡ ᠵᠠᠰᠠᠨ ᠥᠭᠡᠷᠡᠴᠢᠯᠡᠭᠰᠡᠨ ᠪᠠ ᠬᠦᠴᠦᠨ ᠦᠭᠡᠢ ᠪᠣᠯᠭᠠᠭᠰᠠᠨ ᠪᠣᠯ︔ ︵ᠬᠤᠶᠠᠷ︶ ᠭᠤᠣᠯ ᠠᠭᠤᠯᠭ᠎ᠠ ᠨᠢ ᠰᠢᠨ᠎ᠡ ᠪᠠᠷ ᠨᠡᠶᠢᠲᠡᠯᠡᠭᠰᠡᠨ ᠬᠠᠤᠯᠢ ᠴᠠᠭᠠᠵᠠ᠂ ᠬᠠᠤᠯᠢ ᠲᠣᠭᠲᠠᠭᠠᠯ ᠢᠶᠠᠷ ᠣᠷᠣᠯᠠᠭᠳᠠᠭᠰᠠᠨ ᠪᠣᠯ︔ ︵ᠭᠤᠷᠪᠠ︶ ᠲᠣᠬᠢᠷᠠᠭᠤᠯᠤᠯᠲᠠ ᠬᠢᠬᠦ ᠡᠲᠡᠭᠡᠳ ᠨᠢ ᠨᠢᠭᠡᠨᠲᠡ ᠠᠷᠢᠯᠤᠭᠰᠠᠨ ᠪᠤᠶᠤ ᠬᠤᠪᠢᠷᠠᠯᠲᠠ ᠭᠠᠷᠤᠭᠰᠠᠨ ᠪᠣᠯ︔ ︵ᠳᠥᠷᠪᠡ︶ ᠭᠤᠣᠯ ᠴᠣᠭᠴᠠ ᠳᠤ ᠨᠢ ᠬᠤᠪᠢᠷᠠᠯᠲᠠ ᠭᠠᠷᠤᠭᠰᠠᠨ ᠪᠣᠯ︔ ︵ᠲᠠᠪᠤ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠱᠠᠭᠠᠷᠳᠠᠯᠭ᠎ᠠ ᠲᠠᠢ ᠵᠣᠬᠢᠴᠠᠯᠳᠤᠬᠤ ᠦᠭᠡᠢ ᠪᠣᠯᠣᠭᠰᠠᠨ ᠪᠣᠯ︔ ︵ᠵᠢᠷᠭᠤᠭ᠎ᠠ︶ ᠵᠠᠰᠠᠨ ᠥᠭᠡᠷᠡᠴᠢᠯᠡᠬᠦ ᠪᠠ ᠬᠦᠴᠦᠨ ᠦᠭᠡᠢ ᠪᠣᠯᠭᠠᠬᠤ ᠴᠢᠬᠤᠯᠠᠲᠠᠢ ᠪᠤᠰᠤᠳ ᠪᠠᠶᠢᠳᠠᠯ᠃      ᠬᠥᠲᠥᠯᠥᠭᠴᠢ᠄      ᠵᠢᠶᠠ ᠲᠢᠩᠬᠢᠮ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠃ ︽ᠳᠡᠰ ᠳᠠᠷᠠᠭᠠᠯᠠᠯ ᠪᠠ ᠲᠣᠭᠲᠠᠭᠠᠯ︾ ᠤᠨ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠶᠠᠷᠢᠯᠴᠠᠭᠠᠨ ᠤ ᠰᠡᠳᠦᠪ ᠨᠢ ᠮᠥᠨ ᠬᠦ ᠮᠠᠰᠢ ᠣᠯᠠᠨ ᠪᠠᠶᠢᠬᠤ ᠪᠣᠯᠪᠠᠴᠤ ᠴᠠᠭ ᠤᠨ ᠬᠠᠷᠠᠭ᠎ᠠ ᠠᠴᠠ ᠪᠣᠯᠵᠤ᠂ ᠥᠨᠥᠳᠥᠷ ᠤᠨ ᠰᠤᠷᠪᠤᠯᠵᠢᠯᠠᠭ᠎ᠠ ᠠᠳᠡ ᠬᠦᠷᠦᠭᠡᠳ ᠥᠨᠳᠥᠷᠯᠡᠬᠦ ᠪᠣᠯᠣᠯ᠎ᠠ᠃ ᠳᠠᠷᠠᠭᠠᠴᠢ ᠪᠠᠷ ᠲᠣᠬᠢᠶᠠᠯ ᠲᠠᠢ ᠪᠣᠯ ᠰᠦᠯᠵᠢᠶᠡᠨ ᠤ ᠠᠨᠳᠠ ᠨᠠᠷ ᠲᠠᠢ ᠬᠠᠮᠲᠤ ᠪᠠᠷ ᠳᠠᠬᠢᠨ ᠰᠤᠳᠤᠯᠤᠨ ᠶᠠᠷᠢᠯᠴᠠᠵᠠᠭᠠᠶ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠬᠦᠯᠢᠶᠡᠨ ᠠᠪᠴᠤ ᠦᠵᠡᠭᠰᠡᠨ ᠳᠤ ᠪᠠᠶᠠᠷᠯᠠᠯ᠎ᠠ᠂ ᠪᠠᠶᠠᠷᠲᠠᠢ︕      ᠵᠢᠶᠠ ᠯᠢ᠄      ᠪᠠᠶᠠᠷᠲᠠᠢ︕
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ