ᠥᠪᠥᠷ ᠮᠣᠩᠭᠤᠯ ᠶᠡᠭᠡ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠤᠨ ᠰᠤᠷᠤᠯᠭ᠎ᠠ ᠡᠬᠢᠯᠡᠬᠦ ᠴᠠᠭ ᠢ ᠦᠷᠭᠦᠯᠵᠢᠯᠡᠨ ᠬᠤᠶᠢᠰᠢᠯᠠᠭᠤᠯᠪᠠ
ᠨᠡᠶᠢᠲᠡᠯᠡᠭᠰᠡᠨ ᠴᠠᠭ᠄
2020/3/17
     3 ᠳ᠋ᠤᠭᠠᠷ ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠪᠠᠭᠤᠯᠭᠠᠵᠤ᠂ ᠮᠠᠨ ᠤ ᠣᠷᠣᠨ ᠤ ᠶᠡᠭᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ 2020 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠡᠬᠢᠯᠡᠬᠦ ᠴᠠᠭ ᠢ ᠦᠷᠭᠦᠯᠵᠢᠯᠡᠨ ᠬᠤᠶᠢᠰᠢᠯᠠᠭᠤᠯᠵᠤ᠂ ᠪᠣᠳᠠᠲᠠᠶ ᠰᠤᠷᠤᠯᠭ᠎ᠠ ᠡᠬᠢᠯᠡᠬᠦ ᠡᠳᠦᠷ ᠬᠤᠭᠤᠴᠠᠭ᠎ᠠ ᠶᠢ ᠨᠢᠭᠡ ᠭᠠᠷᠠᠭ ᠤᠨ ᠡᠮᠦᠨ᠎ᠡ ᠮᠡᠳᠡᠭᠳᠡᠬᠦ ᠪᠠᠷ ᠪᠠᠶᠢᠨ᠎ᠠ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠱᠠᠭᠠᠷᠳᠠᠭᠰᠠᠨ ᠨᠢ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠣᠯᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠬᠠᠷᠢᠶ᠎ᠠ ᠭᠠᠵᠠᠷ ᠲᠤ ᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ᠂ ᠰᠡᠷᠭᠡᠶᠢᠯᠡᠨ ᠬᠠᠮᠠᠭᠠᠯᠠᠬᠤ ᠡᠳ᠋ ᠪᠠᠷᠠᠭ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠰᠤᠷᠤᠯᠭ᠎ᠠ ᠡᠬᠢᠯᠡᠬᠦ ᠨᠥᠬᠦᠴᠡᠯ ᠢ ᠦᠨᠡᠯᠡᠨ ᠵᠢᠱᠢᠬᠦ ᠪᠡᠯᠡᠳᠬᠡᠯ ᠠᠵᠢᠯ ᠢ ᠡᠬᠢᠯᠡᠭᠦᠯᠵᠦ᠂ ᠪᠠᠭᠰᠢ ᠠᠵᠢᠯᠲᠠᠨ ᠠᠵᠢᠯᠴᠢᠨ ᠰᠤᠷᠭᠠᠭᠤᠯᠢ ᠶᠢᠨ ᠪᠠᠶᠢᠭ᠎ᠠ ᠭᠠᠵᠠᠷ ᠲᠤ ᠪᠠᠨ ᠪᠤᠴᠠᠬᠤ ᠶᠢ ᠨᠢ ᠡᠮᠬᠢ ᠵᠢᠷᠤᠮ ᠲᠠᠢ ᠪᠠᠷ ᠵᠣᠬᠢᠶᠠᠨ ᠪᠠᠶᠢᠭᠤᠯᠬᠤ ᠬᠡᠷᠡᠭᠲᠡᠶ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号