|
ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ |
|
|
ᠨᠡᠶᠢᠲᠡᠯᠡᠭᠰᠡᠨ ᠴᠠᠭ᠄
2020/3/17
|
|
︽ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠤᠷᠢᠭᠯᠠᠬᠤ ᠲᠣᠭᠲᠠᠴᠠ ᠶᠢᠨ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠵᠤ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠦᠨ ᠣᠷᠣᠨ ᠬᠤᠪᠢᠶᠠᠵᠤ ᠱᠠᠲᠤ ᠬᠤᠪᠢᠶᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠬᠠᠷᠢᠶ᠎ᠠ ᠪᠦᠬᠦᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠢ ᠰᠤᠳᠤᠯᠤᠨ ᠮᠠᠭᠠᠳᠯᠠᠬᠤ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠪᠠ᠃ ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ 2020 ᠣᠨ ᠤ 3 ᠳ᠋ᠤᠭᠠᠷ ᠰᠠᠷ᠎ᠠ ᠶᠢᠨ 16 ᠤ ᠡᠳᠦᠷ
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|