ᠪᠥᠬᠦ ᠣᠷᠣᠨ ᠤ ᠮᠥᠩᠭᠦᠨ ᠭᠦᠢᠯᠭᠡᠭᠡ ᠪᠠᠷ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠵᠠᠰᠠᠭ ᠤᠨ ᠣᠷᠳᠣᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠠᠵᠤ ᠠᠬᠤᠶᠢᠯᠠᠯ ᠎ ᠤᠨ ᠵᠤᠯᠭᠠᠯᠴᠠᠭ᠎ᠠ ᠶᠢ ᠠᠬᠢᠭᠤᠯᠬᠤ ᠬᠤᠷᠠᠯ ᠬᠤᠷᠠᠯᠳᠤᠪᠠ    ᠪᠦ᠋ ᠰᠢᠶᠤᠤ ᠯᠢᠨ ᠤᠷᠤᠯᠴᠠᠬᠰᠠᠨ ᠪᠦᠬᠡᠳ ᠭᠠᠷ ᠤᠨ ᠦᠰᠦᠭ ᠵᠢᠷᠤᠬᠤ ᠶᠢ ᠬᠡᠷᠡᠴᠢᠯᠡᠪᠡ
ᠨᠡᠶᠢᠲᠡᠯᠡᠭᠰᠡᠨ ᠴᠠᠭ᠄
2020/3/18
    3 ᠰᠠᠷ᠎ᠠ ᠶᠢᠨ 17᠎ ᠤ ᠦᠳᠡ ᠶᠢᠨ ᠬᠤᠶᠢᠨ᠎ᠠ᠂ ᠪᠦᠬᠦ ᠣᠷᠣᠨ ᠤ ᠮᠥᠩᠭᠦᠨ ᠭᠦᠢᠯᠭᠡᠭᠡ ᠪᠠᠷ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠵᠠᠰᠠᠭ ᠤᠨ ᠣᠷᠳᠣᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠠᠵᠤ ᠠᠬᠤᠶᠢᠯᠠᠯ ᠤᠨ ᠵᠤᠯᠭᠠᠯᠴᠠᠭ᠎ᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠵᠣᠯᠭᠠᠯᠴᠠᠭ᠎ᠠ ᠶᠢ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃      3 ᠰᠠᠷ᠎ᠠ ᠶᠢᠨ 17᠎ ᠤ ᠦᠳᠡ ᠶᠢᠨ ᠬᠤᠶᠢᠨ᠎ᠠ᠂ ᠪᠦᠬᠦ ᠣᠷᠣᠨ ᠤ ᠮᠥᠩᠭᠦᠨ ᠭᠦᠢᠯᠭᠡᠭᠡ ᠪᠠᠷ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠵᠠᠰᠠᠭ ᠤᠨ ᠣᠷᠳᠣᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠠᠵᠤ ᠠᠬᠤᠶᠢᠯᠠᠯ ᠤᠨ ᠵᠤᠯᠭᠠᠯᠴᠠᠭ᠎ᠠ ᠶᠢ ᠠᠬᠢᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠵᠣᠯᠭᠠᠯᠴᠠᠭ᠎ᠠ ᠶᠢ ᠠᠬᠢᠭᠤᠯᠬᠤ ᠬᠤᠷᠠᠯ ᠳᠤ ᠣᠷᠣᠯᠴᠠᠭᠰᠠᠨ ᠪᠥᠭᠡᠳ ᠭᠠᠷ ᠤᠨ ᠥᠰᠥᠭ ᠵᠢᠷᠤᠬᠤ ᠶᠢ ᠭᠡᠷᠡᠴᠢᠯᠡᠪᠡ᠃      ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ ᠬᠤᠸᠠᠩ ᡁᠢ ᠴᠢᠶᠠᠩ ᠶᠠᠷᠢᠶᠠᠨ ᠳᠠᠭᠠᠨ᠂ ᠪᠥᠬᠦ ᠣᠷᠣᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠲᠥᠪ ᠤᠨ ᠲᠥᠷᠥ ᠶᠢᠨ ᠪᠣᠳᠣᠯᠭ᠎ᠠ ᠶᠢᠨ ᠵᠣᠷᠢᠭ ᠰᠠᠨᠠᠭ᠎ᠠ ᠶᠢ ᠤᠯᠠᠮ ᠴᠢᠨᠠᠬᠰᠢᠳᠠ ᠭᠦᠨᠵᠡᠭᠡᠶ ᠰᠤᠷᠤᠯᠴᠠᠨ ᠲᠤᠭᠤᠷᠡᠲᠡᠯ᠎ᠡ ᠣᠶᠢᠯᠠᠭᠠᠵᠤ᠂ ᠪᠦᠲᠦᠮᠵᠢᠲᠡᠶ ᠬᠡᠷᠡᠭᠴᠡᠭᠡ ᠶᠢ ᠣᠨᠣᠴᠠᠲᠠᠶ ᠪᠠᠷ ᠵᠣᠯᠭᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠨᠠᠷ ᠴᠢᠨᠰᠠᠭ᠎ᠠ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠬᠡᠵᠥ ᠴᠢᠬᠤᠯᠠᠴᠢᠯᠠᠪᠠ᠃      ᠬᠤᠷᠠᠯ ᠳᠡᠬᠡᠷ᠎ᠡ᠂ ᠬᠡᠰᠡᠭ ᠮᠦᠩᠬᠦᠨ ᠬᠦᠢᠯᠬᠡᠬᠡᠨ ᠤ ᠪᠠᠶᠢᠭᠤᠯᠤᠮᠵᠢ ᠠᠴᠠ ᠰᠢᠨ᠎ᠡ ᠳᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠭᠠᠷᠤᠬᠰᠠᠨ ᠠᠴᠠ ᠨᠠᠭᠠᠰᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠬᠦᠬᠡᠬᠦ᠂ ᠬᠠᠪᠤᠷ ᠤᠨ ᠳᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠬᠡ ᠶᠢ ᠳᠡᠮᠵᠢᠭᠰᠡᠨ ᠪᠠᠶᠢᠳᠠᠯ ᠢᠶᠠᠨ ᠬᠠᠷᠢᠭᠤ ᠮᠡᠳᠡᠬᠦᠯᠵᠥ᠂ ᠠᠵᠥ ᠠᠬᠤᠢᠢᠯᠠᠯ ᠪᠠ ᠠᠶᠢᠮᠠᠬ ᠬᠤᠳᠠ ᠶᠢᠨ ᠳᠦᠯᠦᠬᠡᠯᠡᠭᠴᠢ ᠳᠤᠰ ᠳᠤᠰ ᠭᠤᠤᠯ ᠬᠤᠷᠠᠯ ᠤᠨ ᠳᠠᠯᠠᠪᠠᠢ ᠪᠤᠯᠤᠨ ᠬᠤᠪᠢᠶᠠᠷᠢ ᠬᠤᠷᠠᠯ ᠤᠨ ᠳᠠᠯᠠᠪᠠᠢ ᠳᠤ ᠨᠡᠶᠢᠳᠡᠯᠢᠭ ᠶᠠᠷᠢᠶ᠎ᠠ ᠳᠠᠯᠪᠢᠵᠥ᠂ 153 ᠳᠦᠷᠦᠯ ᠵᠦᠢᠯ ᠢ ᠭᠤᠤᠯ ᠬᠤᠷᠠᠯ ᠤᠨ ᠳᠠᠯᠠᠪᠠᠢ ᠪᠠ ᠬᠤᠪᠢᠶᠠᠷᠢ ᠬᠤᠷᠠᠯ ᠤᠨ ᠳᠠᠯᠠᠪᠠᠢ ᠳᠤ ᠢᠵᠢᠯᠢ ᠠᠯᠬᠤᠮ ᠢᠶᠠᠷ ᠬᠡᠷ᠎ᠡ ᠳᠤᠬᠢᠷᠠᠯᠴᠠᠵᠥ᠂ ᠵᠤᠭᠤᠰ ᠤᠨ ᠳᠤᠭ᠎ᠠ ᠨᠢ 199.7 ᠳ᠋ᠦᠩᠰᠢᠭᠤᠷ ᠳᠦᠬᠦᠷᠢᠭ ᠲᠤ ᠬᠦᠷᠴᠡᠢ᠃      ᠣᠶᠢᠯᠠᠭᠠᠭᠰᠠᠨ ᠢᠶᠠᠷ᠂ ᠠᠵᠢᠯ ᠢᠶᠠᠨ ᠰᠡᠷᠬᠦᠬᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠡᠮᠵᠢᠬᠦ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠤ ᠠᠯᠪᠠᠨ ᠬᠡᠷ ᠤᠨ ᠬᠢᠨ ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ ᠥᠪᠥᠷ ᠮᠣᠩᠭᠤᠯ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠦᠨᠡᠳᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢᠭᠡᠴᠢ ᠪᠠ ᠰᠠᠯᠠᠭ᠎ᠠ ᠮᠥᠴᠢᠷ ᠲᠠᠢ ᠬᠠᠮᠲᠤᠷᠠᠨ᠂ 2 ᠰᠠᠷ᠎ᠠ ᠶᠢᠨ ᠡᠬᠢ ᠪᠠᠷ ᠰᠦᠯᠵᠢᠶᠡᠨ ᠳᠡᠭᠡᠷ᠎ᠡ ᠵᠠᠰᠠᠭ ᠤᠨ ᠣᠷᠳᠣᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠵᠤ ᠠᠬᠤᠶᠢᠯᠠᠯ ᠢ ᠵᠣᠯᠭᠠᠭᠤᠯᠬᠤ ᠠᠵᠢᠯᠯᠠᠭ᠎ᠠ ᠶᠢ ᠡᠬᠢᠯᠡᠭᠦᠯᠵᠦ᠂ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ᠃ ᠠᠩᠬ᠎ᠠ ᠠᠯᠬᠤᠮ ᠪᠦᠷᠢᠳᠬᠡᠭᠰᠡᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠪᠥᠬᠦ ᠣᠷᠣᠨ ᠤ ᠡᠯ᠎ᠡ ᠱᠠᠲᠤᠨ ᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠯᠪᠣᠭᠳᠠᠯ ᠪᠥᠬᠦᠶ ᠠᠵᠤ ᠠᠬᠤᠶᠢᠯᠠᠯ ᠎ ᠳᠤ 2615 ᠬᠤᠪᠢ ᠵᠢᠭᠡᠯᠡᠯᠭᠡ ᠨᠡᠮᠡᠵᠦ ᠦᠭᠴᠤ᠂ ᠵᠣᠭᠤᠰ ᠤᠨ ᠲᠤᠭ᠎ᠠ ᠨᠢ 357 ᠳ᠋ᠦᠩᠰᠢᠭᠤᠷ ᠲᠥᠭᠦᠷᠢᠭ ᠲᠤ ᠬᠦᠷᠪᠡ︔ ᠦᠷᠬᠦᠯᠵᠢᠯᠡᠭᠰᠡᠨ ᠵᠢᠭᠡᠯᠡᠯᠭᠡ ᠶᠢ 774 ᠬᠤᠪᠢ ᠲᠠᠯᠪᠢᠵᠤ᠂ ᠵᠣᠭᠤᠰ ᠤᠨ ᠲᠤᠭ᠎ᠠ ᠨᠢ 152 ᠳ᠋ᠦᠩᠰᠢᠭᠤᠷ ᠲᠥᠭᠦᠷᠢᠭ ᠲᠤ ᠬᠦᠷᠪᠠ︔ 1422 ᠬᠤᠪᠢ ᠵᠢᠬᠡᠯᠡᠯᠬᠡ ᠶᠢᠨ ᠵᠤᠭᠤᠰ ᠪᠤᠴᠠᠭᠠᠬᠤ ᠬᠤᠭᠤᠴᠠᠭ᠎ᠠ ᠶᠢ ᠤᠷᠳᠤᠳᠬᠠᠵᠥ᠂ ᠵᠣᠭᠤᠰ ᠤᠨ ᠲᠤᠭ᠎ᠠ ᠨᠢ 49 ᠳ᠋ᠦᠩᠰᠢᠭᠤᠷ ᠲᠥᠭᠦᠷᠢᠭ ᠪᠠᠶᠢᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号