3 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠯᠢ ᠰᠢᠶᠤᠤ ᠴᠢᠦ ᠵᠠᠭᠤᠴᠢᠯᠠᠭᠤᠷ ᠲᠤ ᠮᠡᠳᠡᠭᠡ ᠨᠡᠶᠢᠲᠡᠯᠡᠪᠡ᠄ 3 | ᠳ᠋ᠤᠭᠠᠷ ᠰᠠᠷ᠎ᠠ ᠶᠢᠨ 16 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠠᠯᠪᠠᠨ ᠵᠠᠷᠯᠠᠯ ᠨᠡᠶᠢᠲᠡᠯᠡᠵᠦ᠂ ᠪᠥᠬᠦ ᠣᠷᠣᠨ ᠤ 103 ᠬᠤᠰᠢᠭᠤ ᠰᠢᠶᠠᠨ ︵ᠬᠤᠲᠠ᠂ | ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠲᠠᠰ ᠢ ᠪᠦᠬᠦᠨ ᠢ ᠳᠣᠤᠷ᠎ᠠ ᠲᠦᠭᠰᠢᠭᠦᠷᠢ ᠶᠢᠨ ᠳᠡᠰ | ᠪᠣᠯᠭᠠᠨ ᠳᠣᠭᠢᠷᠠᠭᠤᠯᠬᠤ ᠪᠠᠷ ᠲᠣᠭᠲᠠᠪᠠ᠃ ᠰᠣᠶᠣᠯ ᠤᠨ ᠲᠠᠯᠠᠪᠤᠷ ᠭᠠᠵᠠᠷ ᠤᠨ ᠨᠡᠭᠡᠭᠡᠯᠲᠡ ᠪᠠ ᠵᠢᠭᠤᠯᠴᠢᠯᠠᠯ ᠤᠨ | ᠦᠢᠯᠡᠰ ᠤᠨ ᠰᠡᠷᠭᠦᠯᠲᠡ ᠬᠥᠭᠵᠢᠯᠲᠡ ᠶᠢ ᠪᠥᠲᠥᠮᠵᠢᠲᠡᠢ ᠠᠬᠢᠭᠤᠯᠬᠤ ᠶᠢᠨ ᠲᠤᠰᠠᠳᠠ᠂ ᠲᠣᠰ ᠲᠢᠩᠬᠢᠮ ᠲᠡᠷᠡ | ᠳᠠᠷᠤᠶ ᠳᠤ ᠨᠢ ︽ᠲᠦᠢᠯ ᠤᠨ ᠣᠨᠣᠪᠴᠢᠲᠠᠶ ᠡᠮᠬᠢ ᠵᠢᠷᠤᠮ ᠲᠠᠢ ᠲᠥᠷᠥᠯ ᠬᠤᠪᠢᠶᠠᠬᠤ ᠠᠷᠭ᠎ᠠ ᠪᠣᠳᠣᠯᠭ᠎ᠠ | ᠬᠡᠷᠡᠭᠵᠢᠭᠦᠯᠵᠦ ᠪᠠᠶᠢᠭᠠᠳ ᠰᠣᠶᠣᠯ ᠪᠠ ᠵᠢᠭᠤᠯᠴᠢᠯᠠᠯ ᠤᠨ ᠲᠠᠯᠠᠪᠤᠷ ᠭᠠᠵᠠᠷ ᠢ ᠰᠡᠷᠭᠦᠭᠡᠬᠦ ᠪᠠ ᠨᠡᠬᠡᠬᠡᠬᠦ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ᠢ ᠲᠣᠭᠲᠠᠭᠠᠨ ᠲᠠᠷᠬᠠᠭᠠᠵᠤ᠂ ᠵᠢᠭᠤᠯᠴᠢᠯᠠᠭᠴᠢᠳ ᠤᠨ ᠣᠷᠣᠨ ᠪᠦᠰᠡ | ᠠᠯᠤᠰᠯᠠᠨ ᠰᠢᠯᠵᠢᠬᠦ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢ ᠨᠡᠮᠡᠭᠳᠡᠭᠦᠯᠬᠦ ᠠᠴᠠ | ᠵᠠᠶᠢᠯᠠᠰᠬᠢᠬᠦ ᠶᠢᠨ ᠲᠥᠯᠥᠭᠡ᠂ ᠵᠢᠭᠤᠯᠴᠢᠯᠠᠯ ᠤᠨ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ | ᠠᠬᠤᠶᠢᠯᠠᠯ ᠤᠳ ᠮᠤᠵᠢ ︵ᠣᠷᠣᠨ᠂ ᠬᠤᠲᠠ︶ ᠠᠯᠤᠰᠯᠠᠭᠰᠠᠨ ᠪᠠ ᠬᠢᠯᠢ ᠪᠠᠷ ᠣᠷᠣᠵᠤ ᠭᠠᠷᠬᠤ ᠪᠦᠯᠬᠦᠮ | ᠨᠡᠶᠢᠲᠡ ᠶᠢᠨ ᠵᠢᠭᠤᠯᠴᠢᠯᠠᠯ ᠤᠨ ᠲᠤᠬᠠᠶᠢᠯᠠᠭᠰᠠᠨ ᠠᠵᠢᠯ ᠵᠢᠴᠢ ︽ᠨᠢᠰᠬᠡᠯ ᠤᠨ ᠪᠢᠯᠧᠲ + ᠪᠠᠭᠤᠳᠠᠯ︾ ᠤᠨ | ᠵᠢᠭᠤᠯᠴᠢᠯᠠᠯ ᠤᠨ ᠲᠤᠬᠠᠶᠢᠯᠠᠭᠰᠠᠨ ᠠᠵᠢᠯ ᠢ ᠲᠦᠷ ᠡᠵᠡᠩᠨᠡᠵᠦ ᠪᠣᠯᠬᠤ ᠥᠬᠡᠶ᠃ ᠡᠯ᠎ᠡ ᠠᠶᠢᠮᠠᠭ ᠬᠤᠲᠠ ᠶᠢᠨ | ᠵᠢᠭᠤᠯᠴᠢᠯᠠᠯ ᠤᠨ ᠭᠠᠵᠠᠷ ᠨᠢ ︽ᠥᠪᠥᠷ ᠮᠣᠩᠭᠤᠯ ᠤᠨ ᠠᠷᠠᠳ ᠣᠯᠠᠨ ᠥᠪᠥᠷ ᠮᠣᠩᠭᠤᠯ ᠳᠤ ᠪᠠᠨ ᠵᠢᠭᠤᠯᠴᠢᠯᠠᠬᠤ︾ | ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢ ᠵᠣᠷᠢᠭᠵᠢᠭᠤᠯᠤᠨ᠂ ᠰᠦᠯᠵᠢᠶᠡᠨ ᠳᠡᠭᠡᠷ᠎ᠡ ᠤᠷᠢᠳᠴᠢᠯᠠᠨ ᠵᠠᠬᠢᠶᠠᠯᠠᠬᠤ | ᠲᠤᠬᠠᠶᠢᠯᠠᠭᠰᠠᠨ ᠠᠵᠢᠯ ᠢ ᠢᠳᠡᠪᠬᠢᠲᠡᠶ ᠥᠷᠨᠢᠭᠦᠯᠵᠦ᠂ ᠬᠢᠵᠢᠭ ᠤᠨ ᠳᠠᠷᠠᠭᠠᠬᠢ ᠵᠢᠭᠤᠯᠴᠢᠯᠠᠯ ᠤᠨ ᠤᠷᠢᠳᠴᠢᠯᠠᠨ | ᠵᠠᠬᠢᠶᠠᠯᠠᠬᠤ ᠦᠢᠯᠡᠴᠢᠯᠡᠭᠡᠨ ᠢ ᠰᠠᠶᠢᠲᠤᠷ ᠬᠢᠬᠦ ᠬᠡᠷᠡᠭᠲᠡᠶ᠃ ᠡᠯ᠎ᠡ ᠭᠠᠵᠠᠷ ᠤᠨ ᠰᠣᠶᠣᠯ ᠪᠠ ᠵᠢᠭᠤᠯᠴᠢᠯᠠᠯ ᠤᠨ ᠰᠠᠯᠠᠭ᠎ᠠ | ᠮᠥᠴᠢᠷ ᠤᠳ ᠵᠢᠭᠤᠯᠴᠢᠯᠠᠯ ᠤᠨ ᠠᠵᠤ ᠠᠬᠤᠶᠢᠯᠠᠯ ᠤᠨ ᠨᠡᠷᠡᠳᠬᠦᠨ ᠤ ᠬᠠᠩᠭᠠᠯᠭ᠎ᠠ ᠪᠠᠨ ᠰᠢᠯᠢᠳᠡᠭᠵᠢᠭᠦᠯᠬᠦ᠂ | ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢ ᠳᠡᠮᠵᠢᠬᠦ ᠪᠠ ᠵᠢᠯᠣᠭᠤᠳᠴᠤ᠂ ᠬᠢᠵᠢᠭ ᠤᠨ ᠪᠠᠶᠢᠳᠠᠯ ᠤᠨ | ᠳᠠᠷᠠᠭ᠎ᠠ ᠵᠢᠭᠤᠯᠴᠢᠯᠠᠯ ᠤᠨ ᠬᠡᠷᠡᠭᠯᠡᠭᠡ ᠶᠢᠨ ᠦᠳᠲᠡᠷ ᠨᠡᠮᠡᠭᠳᠡᠯ ᠢ ᠠᠷᠭᠠᠴᠠᠭᠠᠬᠤ ᠠᠷᠭ᠎ᠠ ᠬᠡᠮᠵᠢᠶ᠎ᠡ ᠶᠢ ᠡᠷᠲᠡᠬᠡᠨ | ᠰᠦᠪᠡᠭᠴᠢᠯᠡᠬᠦ ᠬᠡᠷᠡᠭᠲᠡᠶ ᠭᠡᠵᠦ ᠲᠣᠭᠲᠠᠭᠠᠵᠠᠢ᠃ | ᠮᠡᠳᠡᠭᠳᠡᠯ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠪᠥᠬᠦ ᠣᠷᠣᠨ ᠤ ᠡᠯ᠎ᠡ ᠲᠥᠷᠥᠯ ᠤᠨ ᠰᠣᠶᠣᠯ ᠤᠨ | ᠲᠠᠯᠠᠪᠤᠷ ᠭᠠᠵᠠᠷ᠂ ᠡᠯ᠎ᠡ ᠲᠥᠷᠥᠯ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠣᠳᠣᠨ ᠲᠠᠰ ᠤᠨ | ᠵᠢᠭᠤᠯᠴᠢᠯᠠᠯ ᠤᠨ ᠪᠠᠭᠤᠳᠠᠯ᠂ ᠭᠠᠳᠠᠨ᠎ᠠ ᠠᠴᠠ ᠬᠠᠯᠳᠠᠪᠤᠷᠢᠯᠠᠨ ᠣᠷᠤᠵᠤ ᠢᠷᠡᠬᠦ ᠶᠢ ᠰᠡᠷᠭᠡᠶᠢᠯᠡᠬᠦ ᠠᠷᠭ᠎ᠠ ᠬᠡᠮᠵᠢᠶ᠎ᠡ ᠶᠢ | ᠰᠠᠶᠢᠲᠤᠷ ᠨᠠᠶᠢᠳᠠᠪᠤᠷᠢᠵᠢᠭᠤᠯᠤᠭᠰᠠᠨ ᠤᠷᠢᠳᠠᠯ ᠳᠣᠤᠷ᠎ᠠ᠂ ᠱᠠᠲᠤ ᠲᠥᠷᠥᠯ ᠬᠤᠪᠢᠶᠠᠨ᠂ ᠴᠢᠯᠥᠭᠡᠲᠡᠶ ᠲᠠᠯᠪᠢᠬᠤ | ᠵᠠᠷᠴᠢᠮ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠬᠠᠩᠭᠠᠵᠤ ᠳᠡᠶᠢᠯᠪᠡᠯ᠂ | ᠭᠠᠳᠠᠭᠠᠳᠤ ᠨᠡᠭᠡᠭᠡᠯᠲᠡ ᠶᠢ ᠪᠥᠬᠦ ᠲᠠᠯ᠎ᠠ ᠪᠠᠷ ᠰᠡᠷᠭᠦᠭᠡᠵᠦ ᠪᠣᠯᠣᠨ᠎ᠠ᠃ ᠪᠣᠳᠠᠲᠠᠶ ᠨᠡᠭᠡᠭᠡᠬᠦ ᠴᠠᠭ ᠢ ᠲᠤᠬᠠᠶ ᠶᠢᠨ | ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠠᠴᠠ ᠲᠣᠭᠲᠠᠭᠠᠨ᠎ᠠ︔ | ᠡᠯ᠎ᠡ ᠭᠠᠵᠠᠷ ᠤᠨ ᠬᠢᠨ ᠰᠣᠶᠣᠯ ᠪᠠ ᠵᠢᠭᠤᠯᠴᠢᠯᠠᠯ ᠤᠨ ᠶᠠᠮᠤᠨ ᠤ ︽ᠣᠯᠠᠨ ᠨᠡᠶᠢᠲᠡ ᠶᠢᠨ ᠨᠣᠮ ᠤᠨ ᠰᠠᠩ᠂ | ᠰᠣᠶᠣᠯ ᠤᠨ ᠣᠷᠳᠣᠨ ︵ᠥᠷᠲᠡᠭᠡ︶ ᠤ ᠨᠡᠭᠡᠭᠡᠯᠲᠡ ᠬᠢᠬᠦ ᠵᠦᠭᠯᠡᠭᠦᠷ︾᠂ ︽ᠵᠢᠭᠤᠯᠴᠢᠯᠠᠯ ᠤᠨ ᠦᠵᠡᠮᠵᠢ ᠶᠢᠨ | ᠣᠷᠣᠨ ᠤ ᠨᠡᠭᠡᠭᠡᠯᠲᠡ ᠬᠢᠬᠦ ᠬᠢᠵᠢᠭ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢᠨ ᠵᠦᠭᠯᠡᠭᠦᠷ︾᠂ ᠤᠯᠤᠰ ᠤᠨ | ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠶᠢᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠣᠶᠣᠯ ᠤᠨ ᠦᠵᠡᠰᠬᠦᠯᠡᠩ ᠤᠨ ᠨᠢᠭᠡᠴᠢ ᠶᠢᠨ ᠨᠡᠭᠡᠭᠡᠯᠲᠡ ᠪᠠᠨ | ᠰᠡᠷᠭᠦᠭᠡᠬᠦ ᠪᠠ ᠠᠵᠢᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠲᠤᠬᠠᠶ ᠵᠢᠯᠣᠭᠤᠳᠬᠤ | ᠰᠠᠨᠠᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ ᠣᠷᠣᠨ ᠨᠢ ᠬᠠᠮᠢᠶᠠᠷᠬᠤ | ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠬᠠᠤᠯᠢ ᠶᠢᠨ | ᠡᠷᠬᠡᠲᠡᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ | ᠡᠭᠦᠨ ᠤ ᠬᠠᠮᠲᠤ᠂ ᠰᠣᠶᠣᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠥᠮᠦᠰ | ᠲᠥᠪᠯᠡᠷᠡᠬᠦ ᠴᠢᠨᠠᠷ ᠢᠶᠠᠷ ᠴᠢᠩᠭ᠎ᠠ᠂ ᠰᠢᠯᠵᠢᠬᠦ ᠴᠢᠨᠠᠷ ᠢᠶᠠᠷ ᠶᠡᠭᠡ ᠪᠠᠶᠢᠳᠠᠭ ᠣᠨᠴᠠᠯᠢᠭ ᠢ ᠦᠨᠳᠦᠰᠦᠯᠡᠨ᠂ ᠨᠡᠬᠡᠬᠡᠯᠲᠡ | ᠬᠢᠵᠦ ᠪᠠᠶᠢᠭ᠎ᠠ ᠨᠢᠭᠡᠴᠢ ᠨᠦᠭᠦᠳ ᠰᠠᠨᠠᠭᠠᠴᠢᠯᠠᠭ᠎ᠠ ᠠᠴᠠ ᠪᠠᠨ ᠤᠬᠠᠭᠤᠯᠤᠨ ᠬᠥᠲᠥᠯᠥᠨ ᠵᠢᠯᠣᠭᠤᠳᠬᠤ ᠶᠢ ᠰᠠᠶᠢᠲᠤᠷ | ᠬᠢᠵᠦ᠂ ᠣᠯᠠᠨ ᠨᠡᠶᠢᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠨᠢ | ᠳᠡᠭᠡᠭᠰᠢᠯᠡᠭᠦᠯᠦᠨ᠂ ᠲᠣᠭᠤᠷᠢᠨ ᠦᠵᠡᠬᠦ ᠵᠠᠮ ᠱᠤᠭᠤᠮ ᠪᠠ ᠴᠠᠭ ᠬᠤᠭᠤᠴᠠᠭ᠎ᠠ ᠶᠢ ᠵᠦᠶ ᠵᠣᠬᠢᠰᠲᠠᠶ ᠲᠣᠬᠢᠷᠠᠭᠤᠯᠵᠤ᠂ | ᠦᠵᠡᠭᠴᠢᠳ ᠢ ᠴᠠᠭ ᠵᠦᠷᠢᠭᠦᠯᠦᠨ ᠲᠣᠭᠤᠷᠢᠭᠤᠯᠬᠤ᠂ ᠪᠦᠯᠦᠭ ᠬᠤᠪᠢᠶᠠᠨ ᠣᠷᠳᠣᠨ ᠲᠠᠯᠠᠪᠠᠢ ᠳᠤ ᠣᠷᠤᠭᠤᠯᠬᠤ | ᠪᠠ ᠲᠠᠷᠠᠬᠠᠶ ᠪᠤᠲᠠᠷᠬᠠᠢ ᠪᠠᠷ ᠲᠣᠭᠤᠷᠢᠨ ᠦᠵᠡᠭᠦᠯᠬᠦ ᠶᠢ ᠬᠡᠷᠡᠭᠵᠢᠭᠦᠯᠵᠦ᠂ ᠰᠦᠯᠵᠢᠶ᠎ᠡ ᠪᠠᠷ ᠤᠷᠢᠳᠴᠢᠯᠠᠨ ᠪᠣᠯᠵᠣᠬᠤ | ᠵᠡᠷᠭᠡ ᠠᠷᠭ᠎ᠠ ᠮᠠᠶ᠋ᠢᠭ ᠢᠶᠠᠷ ᠡᠳᠦᠷ ᠪᠦᠷᠢ ᠶᠢᠨ ᠲᠣᠭᠤᠷᠢᠨ ᠦᠵᠡᠬᠦ ᠬᠥᠮᠦᠨ ᠤ ᠲᠤᠭ᠎ᠠ ᠶᠢ ᠬᠢᠵᠠᠭᠠᠷᠯᠠᠵᠤ᠂ | ᠬᠤᠷᠣᠮᠬᠠᠨ ᠵᠠᠭᠤᠷ᠎ᠠ ᠪᠥᠭᠡᠮᠨᠡᠷᠡᠨ ᠴᠤᠭᠯᠠᠷᠠᠬᠤ ᠶᠢ ᠬᠢᠵᠠᠭᠠᠷᠯᠠᠬᠤ ᠬᠡᠷᠡᠭᠲᠡᠶ᠃ |