ᠬᠤᠸᠠᠩ ᡁᠢ ᠴᠢᠶᠠᠩ ᠳᠦᠩᠯᠢᠶᠤᠤ ᠬᠤᠳᠠ ᠳᠤ ᠶᠠᠳᠠᠭᠤ ᠶᠢ ᠳᠡᠳᠬᠦᠬᠦ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ  ᠮᠢᠬᠠᠨ ᠤ ᠦᠬᠡᠷ ᠳᠡᠵᠢᠬᠡᠬᠦ ᠠᠵᠦ ᠦᠢᠯᠡᠰ ᠲᠤ ᠠᠩᠬᠠᠷᠤᠯ ᠢᠶᠠᠨ ᠳᠦᠪᠯᠡᠷᠡᠬᠦᠯᠵᠦ ᠮᠦᠩᠬᠦᠨ ᠬᠦᠢᠯᠬᠡᠬᠡ ᠪᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠲᠤᠰᠠᠯᠠᠬᠤ ᠠᠵᠢᠯ ᠢ ᠰᠠᠶᠢᠳᠤᠷ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2020/3/19
     3 ᠰᠠᠷ᠎ᠠ ᠶᠢᠨ 14᠎ ᠠᠴᠠ 16᠎ ᠤ ᠡᠳᠦᠷ ᠪᠤᠯᠳᠠᠯ᠎ᠠ᠂ ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ ᠬᠤᠸᠠᠩ ᡁᠢ ᠴᠢᠶᠠᠩ ᠳᠦᠩᠯᠢᠶᠤᠤ ᠬᠤᠳᠠ ᠪᠠᠷ ᠬᠦᠨᠵᠡᠬᠡᠶᠢᠷᠡᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠴᠡᠢ᠃ ᠬᠤᠸᠠᠩ ᡁᠢ ᠴᠢᠶᠠᠩ ᠤᠷᠢᠳ ᠬᠤᠵᠢᠳ ᠳᠦᠩᠯᠢᠶᠤᠤ ᠬᠤᠳᠠ ᠶᠢᠨ ᠬᠠᠮᠢᠶ᠎ᠠ ᠪᠦᠬᠦᠢ ᠠᠵᠦ ᠠᠬᠤᠢᠢᠯᠡᠯ᠂ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠤ ᠬᠡᠰᠡᠭ ᠦᠬᠡᠷ ᠳᠡᠵᠢᠬᠡᠬᠦ ᠬᠤᠷᠰᠢᠶ᠎ᠠ ᠪᠤᠯᠤᠨ ᠦᠬᠡᠷ ᠳᠡᠵᠢᠬᠡᠬᠦ ᠳᠤᠮᠤ ᠡᠷᠦᠬᠡ ᠪᠠᠷ ᠪᠠᠶᠢᠴᠠᠭᠠᠨ ᠰᠤᠳᠤᠯᠤᠯᠳᠠ ᠬᠢᠵᠦ᠂ ᠳᠠᠩᠰᠠᠯᠠᠵᠦ ᠺᠠᠲᠷᠯᠠᠬᠰᠠᠨ ᠶᠠᠳᠠᠭᠤ ᠬᠦᠴᠢᠷᠳᠡᠯᠳᠡᠢ ᠡᠷᠦᠬᠡ ᠪᠠᠷ ᠠᠶᠢᠯᠴᠢᠯᠠᠪᠠ᠃ ᠳᠠᠷᠠᠭ᠎ᠠ ᠨᠢ ᠬᠤᠷᠴᠢᠨ ᠵᠡᠬᠦᠨ ᠭᠠᠷᠤᠨ ᠬᠤᠶᠢᠳᠤ ᠬᠤᠰᠢᠭᠤᠨ ᠳᠤ ᠶᠠᠷᠢᠯᠴᠠᠬᠤ ᠬᠤᠷᠠᠯ ᠬᠢᠵᠦ᠂ ᠶᠠᠳᠠᠭᠤ ᠶᠢ ᠳᠡᠳᠬᠦᠬᠦ ᠬᠤᠯᠪᠤᠬᠳᠠᠯ ᠪᠦᠬᠦᠢ ᠠᠵᠢᠯ ᠎ ᠤᠨ ᠳᠤᠬᠠᠢ ᠰᠤᠳᠤᠯᠤᠯᠳᠠ ᠬᠢᠪᠡ᠃      ᠬᠤᠸᠠᠩ ᡁᠢ ᠴᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠦᠪ ᠬᠤᠷᠢᠶᠠᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠦ ᠳᠠᠶᠢᠯᠠᠯᠳᠤᠭᠠᠨ ᠬᠢᠵᠦ ᠰᠢᠢᠳᠪᠤᠷᠢᠳᠦ ᠢᠯᠠᠯᠳᠠ ᠶᠢ ᠤᠯᠬᠤ ᠶᠠᠷᠢᠯᠴᠠᠬᠤ ᠬᠤᠷᠠᠯ ᠳᠡᠬᠡᠷ᠎ᠠ ᠬᠢᠭᠰᠡᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠬᠦᠨᠵᠡᠬᠡᠢ ᠰᠤᠷᠤᠯᠴᠠᠵᠦ ᠳᠤᠭᠤᠰᠢᠯᠠᠭᠤᠯᠤᠨ ᠨᠠᠶᠢᠳᠠᠪᠤᠷᠢᠵᠢᠭᠤᠯᠵᠦ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠦ᠂ ︽ᠳᠦᠷᠪᠡᠨ ᠢᠳᠡᠬᠡᠯ︾᠎ ᠢᠶᠠᠨ ᠪᠠᠳᠤᠳᠬᠠᠵᠦ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠯᠤᠰ ᠳᠦᠷᠦ ᠶᠢᠨ ᠬᠠᠷᠢᠭᠤᠴᠠᠯᠭ᠎ᠠ ᠪᠤᠯᠤᠨ ᠳᠡᠤᠬᠡᠨ ᠡᠬᠦᠷᠭᠡᠳᠦ ᠪᠤᠳᠤᠯ ᠢᠶᠠᠨ ᠤᠯᠠᠮ ᠴᠢᠨᠠᠬᠰᠢᠳᠠ ᠴᠢᠩᠭᠠᠳᠬᠠᠬᠤ ᠬᠡᠷᠡᠭᠳᠡᠢ᠃ ᠳᠦᠪ ᠤᠨ ᠪᠡ ᠦᠪᠡᠷᠳᠡᠬᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠵᠦ ᠬᠢᠨᠠᠨ ᠰᠢᠯᠭᠠᠬᠰᠠᠨ ᠠᠵᠢᠯ ᠠᠴᠠ ᠳᠤᠰᠬᠠᠬᠰᠠᠨ ᠠᠰᠠᠭᠤᠳᠠᠯ ᠤᠳ ᠲᠠᠢ ᠨᠠᠷᠢᠨ ᠬᠢᠨᠠᠮᠠᠭᠠᠢ ᠬᠠᠷᠭᠤᠭᠤᠯᠵᠦ᠂ ᠳᠤᠳᠠᠭᠤᠳᠠᠯ ᠢᠶᠠᠨ ᠪᠠᠶᠢᠴᠠᠭᠠᠵᠦ ᠤᠷᠬᠢᠬᠳᠠᠭᠰᠠᠨ ᠢ ᠨᠦᠬᠦᠪᠦᠷᠢᠯᠡᠵᠦ᠂ ᠨᠢᠬᠡ ᠠᠴᠠ ᠨᠦᠬᠦᠭᠡ ᠶᠢ ᠵᠦᠢᠴᠢᠯᠡᠨ᠂ ᠴᠡᠭᠴᠡᠯᠡᠨ ᠰᠠᠶᠢᠵᠢᠷᠠᠭᠤᠯᠬᠤ ᠡᠬᠦᠷᠬᠡ ᠶᠢ ᠴᠢᠨᠠᠷ ᠰᠠᠶᠢᠳᠠᠢ ᠪᠡᠶᠡᠯᠡᠬᠦᠯᠬᠦ ᠬᠡᠷᠡᠭᠳᠡᠢ᠃ ᠳᠦᠷᠦ ᠶᠢᠨ ᠪᠤᠳᠤᠯᠭ᠎ᠠ ᠶᠢᠨ ᠳᠤᠬᠳᠠᠪᠤᠷᠢᠳᠦ ᠴᠢᠨᠠᠷ ᠢ ᠪᠠᠳᠤᠯᠠᠵᠦ᠂ ︽ᠶᠠᠳᠠᠭᠤ ᠠᠴᠠ ᠠᠩᠬᠢᠵᠢᠷᠠᠬᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠲᠦᠷᠦ ᠶᠢᠨ ᠪᠤᠳᠤᠯᠭ᠎ᠠ ᠪᠠᠨ ᠲᠠᠰᠤᠯᠳᠠᠭᠤᠯᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠠᠪᠰᠤᠷᠤᠨ ᠲᠡᠳᠭᠦᠬᠦ ᠪᠠᠨ ᠪᠤᠯᠢᠬᠤ ᠦᠭᠡᠢ᠂ ᠶᠠᠳᠠᠭᠤ ᠠᠴᠠ ᠠᠩᠬᠢᠵᠢᠷᠠᠬᠰᠠᠨ ᠴᠤ ᠬᠢᠨᠠᠯᠳᠠ ᠬᠠᠮᠢᠶᠠᠷᠤᠯᠳᠠ ᠪᠠᠨ ᠰᠤᠯᠠᠷᠠᠭᠤᠯᠬᠤ ᠦᠭᠡᠢ︾ ᠪᠠᠶᠢᠬᠤ ᠱᠠᠭᠠᠷᠳᠠᠯᠭ᠎ᠠ ᠶᠢ ᠳᠦᠪ ᠴᠢᠩᠭ᠎ᠠ ᠨᠠᠶᠢᠳᠠᠪᠤᠷᠢᠵᠢᠭᠤᠯᠵᠦ᠂ ᠮᠦᠩᠬᠦᠨ ᠬᠦᠢᠯᠬᠡᠬᠡ ᠪᠠᠷ ᠶᠠᠳᠠᠭᠤ ᠶᠢ ᠳᠡᠳᠬᠦᠬᠦ ᠦᠢᠯᠡᠳᠦᠯ ᠢ ᠦᠷᠬᠦᠯᠵᠢᠯᠡᠨ ᠪᠠᠳᠠᠷᠠᠭᠤᠯᠵᠦ᠂ ᠪᠦᠬᠦ ᠳᠠᠯ᠎ᠠ ᠪᠠᠷ ᠶᠠᠳᠠᠭᠤ ᠠᠴᠠ ᠠᠩᠬᠢᠵᠢᠷᠠᠭᠤᠯᠬᠤ ᠪᠡ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠶᠢᠨ ᠪᠦᠳᠦᠮᠵᠢᠳᠡᠢ ᠵᠤᠯᠭᠠᠯᠴᠠᠭ᠎ᠠ ᠶᠢ ᠠᠬᠢᠭᠤᠯᠬᠤ ᠬᠡᠷᠡᠭᠳᠡᠢ᠃ ᠳᠠᠪᠠᠭᠤᠯᠢᠬ ᠪᠡ ᠤᠨᠴᠠᠯᠢᠬ ᠲᠠᠢ ᠠᠵᠦ ᠦᠢᠯᠡᠰ ᠤᠨ ᠬᠦᠭᠵᠢᠯᠳᠡ ᠳᠤ ᠠᠩᠬᠠᠷᠤᠯ ᠢᠶᠠᠨ ᠳᠦᠪᠯᠡᠷᠡᠬᠦᠯᠵᠦ᠂ ᠬᠦᠭᠵᠢᠯᠳᠡ ᠶᠢᠨ ᠰᠡᠳᠬᠢᠮᠵᠢ ᠳᠡᠭᠡᠨ ᠰᠢᠨ᠎ᠠ ᠶᠢ ᠡᠬᠦᠳᠴᠤ᠂ ᠬᠦᠭᠵᠢᠯᠳᠡ ᠶᠢᠨ ᠬᠡᠪᠴᠢᠶ᠎ᠠ ᠪᠠᠨ ᠪᠤᠵᠠᠭᠠᠢᠢᠷᠠᠭᠤᠯᠵᠦ᠂ ᠠᠵᠦ ᠦᠢᠯᠡᠳᠪᠤᠷᠢᠵᠢᠬᠦᠯᠬᠦ ᠰᠡᠳᠬᠢᠮᠵᠢ᠂ ᠬᠡᠯᠬᠢᠶᠡᠵᠢᠬᠦᠯᠬᠦ ᠰᠡᠳᠬᠢᠮᠵᠢ ᠪᠤᠯᠤᠨ ᠮᠦᠩᠬᠦᠨ ᠬᠦᠢᠯᠬᠡᠬᠡᠨ ᠤ ᠰᠡᠳᠬᠢᠮᠵᠢ ᠪᠠᠷ ᠮᠢᠬᠠᠨ ᠤ ᠦᠬᠡᠷ ᠤᠨ ᠠᠵᠦ ᠦᠢᠯᠡᠰ ᠤᠨ ᠬᠡᠯᠬᠢᠶ᠎ᠠ ᠶᠢ ᠤᠷᠳᠤᠳᠬᠠᠬᠤ ᠨᠦᠬᠦᠪᠦᠷᠢᠯᠡᠬᠦ ᠴᠢᠩᠭᠠᠳᠬᠠᠬᠤ ᠠᠵᠢᠯ ᠢ ᠰᠠᠶᠢᠳᠤᠷ ᠬᠢᠵᠦ᠂ ᠪᠤᠷᠳᠤᠨ ᠳᠠᠷᠭᠤᠯᠠᠭᠤᠯᠬᠤ ᠳᠠᠯ᠎ᠠ ᠶᠢᠨ ᠳᠤᠳᠠᠭᠤᠳᠠᠯ ᠢ ᠨᠦᠬᠦᠪᠦᠷᠢᠯᠡᠵᠦ᠂ ᠪᠤᠵᠠᠭᠠᠢᠢᠷᠠᠭᠤᠯᠵᠦ ᠬᠦᠴᠦᠷᠬᠡᠭᠵᠢᠬᠦᠯᠦᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠵᠦ᠂ ᠠᠵᠦ ᠦᠢᠯᠡᠰ ᠢ ᠬᠦᠭᠵᠢᠬᠦᠯᠬᠦ ᠪᠠᠷ ᠳᠠᠮᠵᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠤᠷᠳᠤ ᠬᠤᠭᠤᠴᠠᠭᠠᠨ ᠤ ᠦᠷ᠎ᠠ ᠪᠦᠳᠦᠮᠵᠢᠳᠡᠢ ᠳᠤᠬᠳᠠᠴᠠ ᠶᠢ ᠪᠠᠶᠢᠭᠤᠯᠬᠤ ᠬᠡᠷᠡᠭᠳᠡᠢ᠃ ︽ᠢᠳᠡᠬᠡᠮᠵᠢᠳᠡᠢ ᠬᠦᠳᠡᠭᠡ ᠳᠤᠰᠬᠤᠨ ᠤ ᠪᠦᠳᠦᠬᠡᠨ ᠪᠠᠶᠢᠭᠤᠯᠤᠯᠳᠠ︾᠎ ᠶᠢ ᠠᠬᠢᠭᠤᠯᠵᠦ᠂ ᠶᠠᠳᠠᠭᠤ ᠬᠦᠴᠢᠷᠳᠡᠯᠳᠡᠢ ᠡᠷᠦᠬᠡ ᠶᠢᠨ ᠮᠦᠩᠬᠦᠨ ᠬᠦᠢᠯᠬᠡᠬᠡᠨ ᠤ ᠤᠬᠠᠮᠰᠠᠷ᠂ ᠦᠨᠡᠨᠴᠢ ᠢᠳᠡᠭᠡᠮᠵᠢ ᠶᠢᠨ ᠤᠬᠠᠮᠰᠠᠷ ᠢ ᠤᠯᠠᠮ ᠴᠢᠨᠠᠬᠰᠢᠳᠠ ᠳᠡᠬᠡᠭᠰᠢᠯᠡᠬᠦᠯᠵᠦ᠂ ᠬᠦᠳᠡᠭᠡ ᠳᠤᠰᠬᠤᠨ ᠤ ᠮᠦᠩᠬᠦᠨ ᠬᠦᠢᠯᠬᠡᠬᠡᠨ ᠤ ᠠᠮᠢ ᠠᠬᠤᠢ ᠤᠷᠴᠢᠨ ᠲᠤᠭᠤᠷᠢᠨ ᠢ ᠳᠠᠰᠤᠷᠠᠯᠳᠠ ᠦᠬᠡᠢ ᠰᠢᠯᠢᠳᠡᠭᠵᠢᠬᠦᠯᠬᠦ ᠬᠡᠷᠡᠭᠳᠡᠢ ᠬᠡᠵᠦ ᠵᠢᠭᠠᠵᠦ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号