ᠮᠠᠨ ᠤ ᠣᠷᠣᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ᠂ ᠠᠩᠬ᠎ᠠ ᠳᠤᠮᠳᠠᠳᠤ ᠶᠢᠨ ᠭᠤᠷᠪᠠᠳᠤᠭᠠᠷ ᠣᠨ 3 ᠳ᠋ᠤᠭᠠᠷ ᠰᠠᠷ᠎ᠠ ᠶᠢᠨ 30᠎ ᠤ ᠡᠳᠦᠷ ᠠᠴᠠ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠪᠠᠷ ᠪᠤᠢ
ᠨᠡᠶᠢᠲᠡᠯᠡᠭᠰᠡᠨ ᠴᠠᠭ᠄
2020/3/19
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤ ᠣᠷᠳᠣᠨ ᠤ ︽ᠬᠤᠰᠢᠭᠤ ᠰᠢᠶᠠᠨ ︵ᠬᠤᠲᠠ᠂ ᠲᠣᠭᠤᠷᠢᠭ︶᠎ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠵᠡᠷᠭᠡ ᠳᠡᠰ ᠢ ᠲᠣᠬᠢᠷᠠᠭᠤᠯᠬᠤ ᠲᠤᠬᠠᠶ ᠠᠯᠪᠠᠨ ᠵᠠᠷ︾᠎ ᠢ ᠦᠨᠳᠦᠰᠦᠯᠡᠨ᠂ ᠪᠦᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠎ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠵᠡᠷᠭᠡ ᠳᠡᠰ ᠢ ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠲᠣᠬᠢᠷᠠᠭᠤᠯᠪᠠ᠃ 3 ᠳ᠋ᠤᠭᠠᠷ ᠰᠠᠷ᠎ᠠ ᠶᠢᠨ 19᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠪᠠ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠢ 3 ᠳ᠋ᠤᠭᠠᠷ ᠰᠠᠷ᠎ᠠ ᠶᠢᠨ 30᠎ ᠤ ᠡᠳᠦᠷ ︵ᠭᠠᠷᠠᠭ ᠤᠨ ᠨᠢᠭᠡᠨ︶᠎ ᠠᠴᠠ ᠡᠬᠢᠯᠡᠨ ᠵᠡᠷᠭᠡ ᠪᠠᠷ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠬᠦ ᠪᠠᠷ ᠮᠡᠳᠡᠭᠳᠡᠪᠡ᠃ ᠠᠩᠬ᠎ᠠ ᠳᠤᠮᠳᠠᠳᠤ ᠶᠢᠨ ᠪᠤᠰᠤᠳ ᠣᠨ ᠤ ᠰᠤᠷᠤᠭᠴᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ᠂ ᠣᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠢᠨ ᠶᠡᠷᠦᠩᠬᠡᠶᠢᠯᠡᠨ ᠦᠨᠡᠯᠡᠨ ᠵᠢᠱᠢᠵᠦ ᠰᠤᠳᠤᠯᠤᠨ ᠮᠠᠭᠠᠳᠯᠠᠭᠰᠠᠨ ᠪᠠᠶᠢᠳᠠᠯ ᠢᠶᠠᠨ ᠦᠨᠳᠦᠰᠦᠯᠡᠨ᠂ ᠠᠯᠬᠤᠮ ᠠᠯᠬᠤᠮ ᠢᠶᠠᠷ ᠴᠠᠭ ᠵᠦᠷᠢᠭᠦᠯᠡᠨ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠨ᠎ᠡ︔ ᠶᠡᠭᠡ ᠳᠡᠭᠡᠳᠦ ᠰᠤᠷᠭᠠᠭᠤᠯᠢ ᠨᠢ ᠰᠤᠷᠭᠠᠨ ᠬᠥᠮᠦᠵᠢᠯ ᠤᠨ ᠶᠠᠮᠤᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号