|
ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ ᠭᠠᠳᠠᠷ ᠮᠤᠵᠢ ᠶᠢᠨ ᠡᠷᠡᠭᠦᠯ ᠮᠡᠨᠳᠦ ᠶᠢᠨ | ᠺᠣᠳ᠋ ᠢ ᠮᠠᠨ ᠤ ᠣᠷᠣᠨ ᠤ ᠬᠢ ᠲᠠᠢ ᠬᠠᠷᠢᠯᠴᠠᠨ ᠮᠡᠳᠡᠷᠡᠬᠦ ᠶᠢ ᠲᠦᠷᠬᠡᠨ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠮᠡᠳᠡᠭᠳᠡᠯ |
|
|
ᠨᠡᠶᠢᠲᠡᠯᠡᠭᠰᠡᠨ ᠴᠠᠭ᠄
2020/3/19
|
|
ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯ ᠤᠨ ᠳᠤᠭᠤᠶᠢᠯᠠᠩ᠂ ᠪᠦᠷᠢᠯᠳᠦᠬᠦᠨ ᠨᠢᠭᠡᠴᠢ᠂ ᠰᠢᠮᠳᠠᠭᠤᠯᠤᠨ ᠵᠢᠯᠣᠭᠤᠳᠬᠤ ᠳᠤᠭᠤᠶᠢᠯᠠᠩ ᠳᠤ᠄ ᠶᠡᠷᠦᠩᠬᠡᠶ ᠱᠦᠵᠢ ᠰᠢ ᠶᠢᠨ ᠫᠢᠩ ᠤᠨ ᠲᠣᠮᠣ ᠳ᠋ᠠᠶᠢᠲ᠋ᠠ ᠵᠡᠷᠭᠡ ᠠᠷᠭ᠎ᠠ ᠪᠠᠷᠢᠯ ᠢ ᠬᠡᠷᠡᠭᠯᠡᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ ︿ᠡᠷᠡᠭᠦᠯ ᠮᠡᠨᠳᠦ ᠶᠢᠨ ᠺᠣᠳ᠋﹀ ᠢ ᠭᠠᠵᠠᠷ ᠣᠷᠣᠨ ᠠᠯᠤᠰᠯᠠᠨ ᠬᠠᠷᠢᠯᠴᠠᠨ ᠨᠡᠪᠲᠡᠷᠡᠯᠴᠡᠵᠦ ᠬᠠᠷᠢᠯᠴᠠᠨ ᠮᠡᠳᠡᠷᠡᠬᠦ ᠶᠢ ᠲᠦᠷᠬᠡᠨ ᠠᠬᠢᠭᠤᠯᠬᠤ ᠲᠤᠬᠠᠶ ᠮᠡᠳᠡᠭᠳᠡᠯ︾ ︵ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠡᠷᠦᠩᠬᠡᠶᠢᠯᠡᠭᠰᠡᠨ ᠲᠠᠷᠬᠠᠭᠠᠭᠰᠠᠨ ﹇2020﹈ 107 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ ᠪᠤᠳᠠᠲᠠᠢ ᠲᠠᠢ ᠤᠶᠠᠯᠳᠤᠭᠤᠯᠤᠨ᠂ ᠡᠳᠦᠭᠡ ᠡᠷᠡᠭᠦᠯ ᠮᠡᠨᠳᠦ ᠶᠢᠨ ᠺᠣᠳ᠋ ᠢ ᠮᠤᠵᠢ ᠶᠢᠨ ᠬᠤᠭᠤᠷᠣᠨᠳᠤ ᠬᠠᠷᠢᠯᠴᠠᠨ ᠮᠡᠳᠡᠷᠡᠵᠦ ᠬᠡᠷᠡᠭᠯᠡᠬᠦ ᠶᠢ ᠲᠦᠷᠬᠡᠨ ᠠᠬᠢᠭᠤᠯᠬᠤ ᠲᠤᠬᠠᠶ ᠬᠠᠮᠢᠶ᠎ᠠ ᠪᠥᠬᠦᠶ ᠵᠦᠶᠯᠡᠰ ᠢ ᠳᠣᠤᠷᠠᠬᠢ ᠮᠡᠲᠦ ᠮᠡᠳᠡᠭᠳᠡᠪᠡ᠃ ᠨᠢᠭᠡ᠂ ᠶᠡᠷᠦᠩᠬᠡᠶ ᠱᠠᠭᠠᠷᠳᠠᠯᠭ᠎ᠠ ᠡᠷᠡᠭᠦᠯ ᠮᠡᠨᠳᠦ ᠶᠢᠨ ᠺᠣᠳ᠋ ᠭᠦᠶᠴᠡᠳᠬᠡᠬᠦ ᠶᠢ ᠳᠦᠭᠦᠮᠴᠢᠯᠡᠬᠦ ᠪᠠ ᠵᠢᠷᠤᠮᠵᠢᠭᠤᠯᠬᠤ᠂ ᠣᠯᠠᠨ ᠲᠦᠮᠡᠨ ᠤ ᠦᠶᠯᠡᠳᠪᠦᠷᠢᠯᠡᠯ ᠠᠮᠢᠳᠤᠷᠠᠯ ᠳᠤ ᠳᠦᠭᠦᠮ ᠦᠵᠡᠭᠦᠯᠬᠦ᠂ ᠬᠥᠮᠦᠰ ᠤᠨ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠬᠤ ᠪᠠᠷ ᠵᠣᠷᠢᠯᠭ᠎ᠠ ᠪᠣᠯᠭᠠᠨ᠂ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠪᠠᠷ ᠲᠤᠯᠭᠠᠭᠤᠷᠢᠯᠠᠯ ᠪᠣᠯᠭᠠᠵᠤ᠂ ᠪᠥᠬᠦ ᠤᠯᠤᠰ ᠤᠨ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠳᠤ ᠲᠦᠰᠢᠭᠯᠡᠨ᠂ ᠮᠤᠵᠢ ᠶᠢᠨ ᠬᠤᠭᠤᠷᠣᠨᠳᠤ ᠪᠠᠨ ᠬᠢᠵᠢᠭ ᠤᠨ ᠪᠠᠶᠢᠳᠠᠯ ᠢ ᠰᠡᠷᠭᠡᠶᠢᠯᠡᠬᠦ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠲᠣᠭᠲᠠᠴᠠ ᠶᠢ ᠪᠠᠶᠢᠭᠤᠯᠵᠤ᠂ ᠰᠠᠭᠤᠭᠠᠯᠢ ᠠᠷᠠᠳ ᠤᠨ ᠲᠤᠬᠠᠶ ᠶᠢᠨ ᠭᠠᠵᠠᠷ ᠲᠤ ᠪᠠᠨ ᠭᠤᠶᠤᠴᠢᠯᠠᠨ ᠠᠪᠤᠭᠰᠠᠨ ᠡᠷᠡᠭᠦᠯ ᠮᠡᠨᠳᠦ ᠶᠢᠨ ᠺᠣᠳ᠋ ᠢ ᠬᠠᠷᠢᠯᠴᠠᠨ ᠮᠡᠳᠡᠷᠡᠬᠦ ᠲᠣᠭᠲᠠᠴᠠ ᠪᠠᠶᠢᠭᠤᠯᠤᠭᠰᠠᠨ ᠮᠤᠵᠢ ︵ᠣᠷᠣᠨ᠂ ᠬᠤᠲᠠ︶ ᠶᠢᠨ ᠬᠤᠭᠤᠷᠣᠨᠳᠣ ᠬᠠᠷᠢᠯᠴᠠᠨ ᠮᠡᠳᠡᠷᠡᠵᠦ᠂ ᠬᠦᠷᠦᠭᠰᠡᠨ ᠭᠠᠵᠠᠷ ᠲᠤ ᠪᠠᠨ ᠳᠠᠬᠢᠨ ᠳᠠᠪᠲᠠᠨ ᠭᠤᠶᠤᠴᠢᠯᠠᠨ ᠠᠪᠬᠤ ᠴᠢᠬᠤᠯᠠ ᠥᠬᠡᠶ᠃ ᠬᠤᠶᠠᠷ᠂ ᠬᠠᠷᠢᠯᠴᠠᠨ ᠮᠡᠳᠡᠷᠡᠬᠦ ᠳᠦᠷᠢᠮ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠠᠪᠤᠭᠰᠠᠨ ᠰᠠᠭᠤᠭᠠᠯᠢ ᠠᠷᠠᠳ᠂ ᠬᠠᠷᠢᠯᠴᠠᠨ ᠮᠡᠳᠡᠷᠡᠬᠦ ᠮᠤᠵᠢ ︵ᠣᠷᠣᠨ᠂ ᠬᠤᠲᠠ︶ ᠳᠤ ᠬᠦᠷᠪᠡᠯ ᠲᠤᠬᠠᠶ ᠶᠢᠨ ᠭᠠᠵᠠᠷ ᠤᠨ ᠡᠷᠡᠭᠦᠯ ᠮᠡᠨᠳᠦ ᠶᠢᠨ ᠨᠡᠪᠲᠡᠷᠡᠬᠦ ᠺᠣᠳ᠋ ᠢ ᠳᠠᠬᠢᠨ ᠳᠠᠪᠲᠠᠨ ᠭᠤᠶᠤᠴᠢᠯᠠᠨ ᠠᠪᠬᠤ ᠴᠢᠬᠤᠯᠠ ᠥᠬᠡᠶ ︵ᠬᠠᠷᠢᠯᠴᠠᠨ ᠮᠡᠳᠡᠷᠡᠬᠦ ᠮᠤᠵᠢ ᠣᠷᠣᠨ ᠤ ᠬᠢᠨ ᠶᠠᠭ ᠬᠠᠷᠢᠭᠤ ᠲᠤᠰᠬᠠᠵᠤ ᠪᠤᠢ᠂ ᠲᠣᠭᠲᠠᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠲᠡᠷᠡ ᠳᠠᠷᠤᠶ ᠳᠤ ᠨᠢ ᠨᠡᠶᠢᠲᠡ ᠳᠤ ᠵᠠᠷᠯᠠᠨ᠎ᠠ︶᠂ ︽ᠺᠣᠳ᠋ ᠢᠶᠠᠨ ᠦᠵᠡᠭᠦᠯᠬᠦ ᠪᠤᠶᠤ ᠰᠢᠯᠭᠠᠨ ᠪᠠᠶᠢᠴᠠᠭᠠᠯᠭᠠᠬᠤ︾ ᠪᠠᠷ ᠳᠠᠮᠵᠢᠨ᠂ ᠲᠣᠰ ᠮᠤᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠤᠨ ᠲᠦᠷᠢᠮ ᠢᠶᠠᠷ ᠯᠠᠪᠯᠠᠯᠲᠠ ᠪᠣᠯᠭᠠᠵᠤ᠂ ᠬᠠᠷᠢᠯᠴᠠᠨ ᠢᠲᠡᠭᠡᠯᠴᠡᠬᠦ ᠨᠣᠭᠤᠭᠠᠨ ᠺᠣᠳ᠋ ᠥᠭᠴᠦ ᠨᠡᠪᠲᠡᠷᠡᠭᠦᠯᠬᠦ ᠪᠤᠶᠤ ᠬᠠᠮᠢᠶ᠎ᠠ ᠪᠥᠬᠦᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠪᠣᠯᠣᠨ᠎ᠠ᠂ ᠪᠤᠰᠤᠳ ᠬᠢᠵᠠᠭᠠᠷᠯᠠᠬᠤ ᠨᠥᠬᠦᠴᠡᠯ ᠢ ᠳᠤᠷᠠᠳᠬᠤ ᠥᠬᠡᠶ ᠪᠦᠭᠡᠳ 14 ᠡᠳᠦᠷ ᠲᠤᠰᠠᠭᠠᠷᠯᠠᠬᠤ ᠥᠬᠡᠶ᠃ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠤᠨ ᠬᠦᠴᠦᠨ ᠪᠦᠬᠦᠢ ᠬᠤᠭᠤᠴᠠᠭ᠎ᠠ ᠨᠢ 14 ᠡᠳᠦᠷ ᠪᠣᠯᠣᠨ᠎ᠠ᠂ ᠡᠷᠡᠭᠦᠯ ᠮᠡᠨᠳᠦ ᠶᠢᠨ ᠺᠣᠳ᠋ ᠨᠢ ᠬᠦᠴᠦᠨ ᠦᠭᠡᠢ ᠪᠣᠯᠣᠭᠰᠠᠨ ᠰᠠᠭᠤᠭᠠᠯᠢ ᠠᠷᠠᠳ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠥᠷᠭᠦᠯᠵᠢᠯᠡᠨ ᠭᠤᠶᠤᠴᠢᠯᠠᠨ ᠠᠪᠴᠤ ᠪᠣᠯᠬᠤ ᠪᠦᠭᠡᠳ ᠲᠣᠬᠠᠢ ᠶᠢᠨ ᠭᠠᠵᠠᠷ ᠤᠨ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠠᠪᠤᠭᠰᠠᠨ ᠴᠤ ᠪᠣᠯᠣᠨ᠎ᠠ᠃ ᠬᠤᠪᠸᠢ ᠮᠤᠵᠢ ᠶᠢ ᠭᠠᠷᠭᠠᠪᠠᠯ᠂ ᠮᠠᠨ ᠤ ᠣᠷᠣᠨ ᠬᠠᠷᠢᠯᠴᠠᠨ ᠮᠡᠳᠡᠷᠡᠬᠦ ᠮᠤᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠢ ᠴᠥᠮ ᠮᠡᠳᠡᠷᠡᠵᠦ᠂ ᠲᠤᠬᠠᠶ ᠶᠢᠨ ᠭᠠᠵᠠᠷ ᠠᠴᠠ ᠭᠤᠶᠤᠴᠢᠯᠠᠨ ᠠᠪᠤᠭᠰᠠᠨ ᠡᠷᠡᠭᠦᠯ ᠮᠡᠨᠳᠦ ᠶᠢᠨ ᠺᠣᠳ᠋ ᠢᠶᠠᠨ ᠠᠪᠴᠤ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠬᠡᠷᠡᠭᠯᠡᠬᠦ ᠲᠦᠷᠢᠮ ᠢᠶᠠᠷ ᠯᠠᠪᠯᠠᠯᠲᠠ ᠪᠣᠯᠭᠠᠨ᠂ ︽ᠨᠣᠮᠧᠷ ᠢᠶᠠᠨ ᠦᠵᠡᠭᠦᠯᠬᠦ︾ ᠪᠤᠶᠤ ︽ᠺᠣᠳ᠋ ᠢᠶᠠᠨ ᠰᠢᠯᠭᠠᠨ ᠪᠠᠶᠢᠴᠠᠭᠠᠯᠭᠠᠭᠰᠠᠨ︾ ᠤ ᠳᠠᠷᠠᠭ᠎ᠠ᠂ ᠬᠠᠷᠢᠯᠴᠠᠨ ᠢᠲᠡᠭᠡᠯᠴᠡᠬᠦ ᠨᠣᠭᠤᠭᠠᠨ ᠺᠣᠳ᠋ ᠥᠭᠴᠦ ᠨᠡᠪᠲᠡᠷᠡᠭᠦᠯᠦᠨ᠂ ᠪᠤᠰᠤᠳ ᠬᠢᠵᠠᠭᠠᠷᠯᠠᠬᠤ ᠨᠥᠬᠦᠴᠡᠯ ᠳᠤᠷᠠᠳᠬᠤ ᠥᠬᠡᠶ ᠪᠦᠭᠡᠳ14 ᠡᠳᠦᠷ ᠲᠤᠰᠠᠭᠠᠷᠯᠠᠬᠤ ᠥᠬᠡᠶ᠂ ︽ᠤᠯᠠᠭᠠᠨ᠂ ᠰᠢᠷ᠎ᠠ ᠺᠣᠳ᠋︾ ᠲᠠᠢ ᠬᠥᠮᠦᠰ ᠲᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠡᠷᠡᠭᠦᠯ ᠮᠡᠨᠳᠦ ᠶᠢᠨ ᠺᠣᠳ᠋ ᠬᠦᠴᠦᠨ ᠦᠭᠡᠢ ᠪᠣᠯᠪᠠᠯ᠂ ᠤᠤᠯ ᠤᠨ ᠮᠤᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠢ ᠥᠷᠭᠦᠯᠵᠢᠯᠡᠨ ᠭᠤᠶᠤᠴᠢᠯᠠᠨ ᠠᠪᠴᠤ ᠪᠣᠯᠬᠤ ᠪᠦᠭᠡᠳ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠢ ᠭᠤᠶᠤᠴᠢᠯᠠᠨ ᠠᠪᠤᠭᠰᠠᠨ ᠴᠤ ᠪᠣᠯᠣᠨ᠎ᠠ᠃ ᠭᠤᠷᠪᠠ᠂ ᠠᠵᠢᠯ ᠤᠨ ᠱᠠᠭᠠᠷᠳᠠᠯᠭ᠎ᠠ 3 ᠳ᠋ᠤᠭᠠᠷ ᠰᠠᠷ᠎ᠠ ᠶᠢᠨ 19 ᠤ ᠡᠳᠦᠷ ᠠᠴᠠ ᠡᠬᠢᠯᠡᠨ᠂ ᠬᠠᠷᠢᠯᠴᠠᠨ ᠮᠡᠳᠡᠷᠡᠬᠦ ᠮᠣᠵᠢ ︵ᠣᠷᠣᠨ᠂ ᠬᠤᠲᠠ︶ ᠶᠢᠨ ᠡᠷᠡᠭᠦᠯ ᠮᠡᠨᠳᠦ ᠶᠢᠨ ᠺᠣᠳ᠋ ᠢ ᠮᠠᠨ ᠤ ᠣᠷᠣᠨ ᠤ ᠡᠷᠡᠭᠦᠯ ᠮᠡᠨᠳᠦ ᠶᠢᠨ ᠺᠣᠳ᠋ ᠲᠠᠢ ᠠᠳᠠᠯᠢ ᠪᠠᠷ ᠦᠵᠡᠵᠦ ᠨᠡᠪᠲᠡᠷᠡᠬᠦ ᠭᠡᠷᠡᠴᠢ ᠪᠠᠷᠢᠮᠲᠠ ᠪᠣᠯᠭᠠᠨ᠎ᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠠᠰᠳᠠᠭᠠᠨ ᠬᠢᠵᠢᠭ ᠤᠨ ᠪᠠᠶᠢᠳᠠᠯ ᠤᠨ ᠬᠠᠮᠢᠶ᠎ᠠ ᠪᠦᠬᠦᠢ ᠡᠷᠡᠭᠦᠯ ᠮᠡᠨᠳᠦ ᠶᠢᠨ ᠭᠡᠷᠡᠴᠢ ᠮᠠᠲ᠋ᠧᠷᠢᠶᠠᠯ ᠬᠠᠩᠭᠠᠭᠠᠯᠭᠠᠬᠤ ᠪᠠᠷ ᠱᠠᠭᠠᠷᠳᠠᠵᠤ ᠪᠣᠯᠬᠤ ᠥᠬᠡᠶ᠂ ᠬᠤᠪᠧᠢ ᠮᠤᠵᠢ ᠶᠢᠨ ᠡᠷᠡᠭᠦᠯ ᠮᠡᠨᠳᠦ ᠶᠢᠨ ᠺᠣᠳ᠋ ᠤᠨ ᠬᠡᠷᠡᠭᠯᠡᠯᠲᠡ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠨᠢᠭᠡᠳᠦᠯᠲᠡᠢ ᠱᠠᠭᠠᠷᠳᠠᠯᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠢ᠃ 2020 ᠣᠨ ᠤ 3 ᠳ᠋ᠤᠭᠠᠷ ᠰᠠᠷ᠎ᠠ ᠶᠢᠨ 18 ᠤ ᠡᠳᠦᠷ
︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶
|
|
ᠢᠷᠡᠯᠲᠡ᠄
ᠥᠪᠥᠷ ᠮᠣᠩᠭᠤᠯ ᠤᠨ ᠵᠠᠰᠠᠭ ᠤᠨ ᠣᠷᠳᠣᠨ
|