ᠥᠪᠥᠷ ᠵᠠᠰᠠᠭ ᠲᠠᠷᠬᠠᠭᠠᠭᠰᠠᠨ ﹇2019﹈ 13 ᠳ᠋ᠤᠭᠠᠷ ᠲᠤᠭᠠᠳᠤ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠪᠥᠬᠦ ᠲᠠᠯ᠎ᠠ ᠪᠠᠷ ᠨᠡᠭᠡᠭᠡᠯᠲᠡ ᠲᠠᠢ ᠪᠠᠶᠢᠬᠤ ᠰᠢᠨ᠎ᠠ ᠪᠠᠶᠢᠷᠢᠰᠢᠯ ᠤᠨ ᠪᠦᠷᠢᠯᠳᠦᠬᠦ ᠶᠢ ᠠᠬᠢᠭᠤᠯᠬᠤ ᠲᠤᠬᠠᠢ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠷ ᠬᠢᠷᠢ ᠲᠦᠪᠰᠢᠨ ᠲᠠᠢ ᠪᠡᠯᠡ | ᠣᠷᠣᠭᠤᠯᠤᠯᠲᠠ ᠳᠤ ᠴᠢᠯᠦᠭᠡᠲᠡᠢ ᠪᠠ ᠲᠥᠬᠦᠮ ᠠᠪᠰᠠᠷᠬᠠᠨ ᠪᠠᠶᠢᠯᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ | ᠨᠡᠩ ᠢᠯᠡᠭᠦᠦ ᠡᠷᠬᠡ ᠲᠡᠭᠰᠢ ᠢᠯᠡ ᠲᠣᠳᠣ ᠪᠥᠭᠡᠳ ᠲᠥᠬᠦᠮ ᠠᠪᠰᠠᠷᠬᠠᠨ ᠪᠡᠯᠡ ᠣᠷᠣᠭᠤᠯᠬᠤ ᠣᠷᠴᠢᠨ | ᠨᠥᠬᠦᠴᠡᠯ ᠢ ᠪᠣᠢ ᠪᠣᠯᠭᠠᠵᠤ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ | ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠬᠤ ᠶᠢᠨ ᠲᠤᠰᠠᠳᠠ᠂ ︽ᠭᠠᠳᠠᠭᠠᠳᠤ ᠪᠡᠯᠡ ᠶᠢ ᠢᠳᠡᠪᠬᠢᠲᠡᠢ ᠪᠦᠭᠡᠳ | ᠪᠦᠲᠦᠮᠵᠢᠲᠡᠢ ᠠᠰᠢᠭᠯᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ᠤᠨ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇ | 2018﹈ 19 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠤ | ᠪᠣᠳᠠᠲᠠᠢ ᠲᠠᠢ ᠤᠶᠠᠯᠳᠤᠭᠤᠯᠤᠨ᠂ ᠡᠳᠦᠭᠡ ᠭᠠᠳᠠᠭᠠᠳᠤ ᠪᠡᠯᠡ ᠶᠢ ᠢᠳᠡᠪᠬᠢᠲᠡᠢ ᠪᠦᠭᠡᠳ ᠪᠦᠲᠦᠮᠵᠢᠲᠡᠢ ᠠᠰᠢᠭᠯᠠᠨ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠤᠯᠪᠣᠭᠳᠠᠯ ᠪᠦᠬᠦᠢ ᠤᠴᠢᠷ ᠤᠳ ᠢ ᠳᠣᠣᠷᠠᠬᠢ | ᠮᠡᠲᠦ ᠮᠡᠳᠡᠭᠳᠡᠪᠡ᠄ | ᠨᠢᠭᠡ᠂ ᠨᠡᠭᠡᠭᠡᠯᠲᠡ ᠬᠢᠬᠦ ᠬᠦᠷᠢᠶ᠎ᠡ ᠴᠠᠷᠠᠭ᠎ᠠ ᠶᠢ ᠢᠳᠡᠪᠬᠢᠲᠡᠢ ᠥᠷᠭᠡᠳᠬᠡᠨ᠂ ᠪᠡᠯᠡ ᠣᠷᠣᠭᠤᠯᠤᠯᠲᠠ ᠶᠢᠨ | ᠴᠢᠯᠥᠭᠡᠲᠡᠢ ᠪᠠᠶᠢᠯᠭᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ︵ᠨᠢᠭᠡ︶ ᠵᠥᠪᠰᠢᠶᠡᠷᠡᠨ ᠣᠷᠣᠭᠤᠯᠬᠤ ᠠᠴᠠ ᠤᠷᠢᠳᠤᠬᠢ ᠤᠯᠤᠰ ᠠᠷᠠᠳ ᠤᠨ ᠬᠠᠷᠠᠭᠠᠯᠵᠠᠯ ᠳᠤ | ᠠᠯᠳᠠᠭᠳᠠᠯ ᠲᠠᠢ ᠵᠦᠢᠯᠡᠰ ᠤᠨ ᠨᠠᠷᠢᠨ ᠬᠠᠭᠤᠳᠠᠰᠤ ᠨᠡᠮᠡᠷᠢᠯᠡᠬᠦ ᠬᠠᠮᠢᠶᠠᠷᠤᠯᠲᠠ ᠶᠢᠨ ᠳᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠬᠤ ᠬᠡᠷᠡᠭᠲᠡᠢ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠳ ᠤᠨ | ᠪᠡᠯᠡ ᠤᠷᠤᠭᠤᠯᠬᠤ ᠵᠦᠪᠰᠢᠶᠡᠷᠡᠯ ᠤᠨ ᠣᠨᠴᠠᠭᠠᠢ ᠬᠠᠮᠢᠶᠠᠷᠤᠯᠲᠠ ᠶᠢᠨ ᠠᠷᠭ᠎ᠠ ᠬᠡᠮᠵᠢᠶ᠎ᠡ ︵ᠠᠯᠳᠠᠭᠳᠠᠯ ᠲᠠᠢ | ᠵᠦᠢᠯᠡᠰ ᠤᠨ ᠨᠠᠷᠢᠨ ᠬᠠᠭᠤᠳᠠᠰᠤ︶ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠬᠠᠭᠤᠯᠵᠤ ᠲᠠᠶᠢᠯᠬᠤ ᠠᠵᠢᠯ ᠢ | ᠴᠢᠩᠭᠠᠳᠬᠠᠵᠤ᠂ ᠨᠡᠭᠡᠭᠡᠯᠲᠡ ᠬᠢᠬᠦ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠠᠯᠳᠠᠭᠳᠠᠯ ᠲᠠᠢ ᠵᠦᠢᠯᠡᠰ ᠤᠨ | ᠨᠠᠷᠢᠨ ᠬᠠᠭᠤᠳᠠᠰᠤᠨ ᠠᠴᠠ ᠪᠤᠰᠤᠳ ᠬᠦᠷᠢᠶᠡᠨ ᠳᠤ᠂ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ | ᠡᠯ᠎ᠡ ᠰᠠᠯᠠᠭ᠎ᠠ ᠮᠥᠴᠢᠷ ᠨᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠬᠤ ᠵᠦᠪᠰᠢᠶᠡᠷᠡᠯ ᠳᠤ | ᠴᠢᠭᠯᠡᠭᠦᠯᠦᠭᠰᠡᠨ ᠲᠤᠰᠬᠠᠢ ᠬᠢᠵᠠᠭᠠᠷᠯᠠᠯ ᠭᠠᠷᠭᠠᠵᠤ ᠪᠣᠯᠬᠤ ᠦᠭᠡᠢ᠂ ᠳᠣᠲᠣᠭᠠᠳᠤ ᠭᠠᠳᠠᠭᠠᠳᠤ ᠶᠢᠨ ᠪᠡᠯᠡ ᠳᠤ | ᠨᠢᠭᠡᠳᠦᠯᠲᠡᠢ ᠪᠠᠶᠢᠬᠤ᠂ ᠡᠷᠬᠡ ᠲᠡᠭᠰᠢ ᠥᠷᠢᠰᠦᠯᠳᠦᠬᠦ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ | ᠢᠳᠡᠪᠬᠢᠲᠡᠢ ᠪᠣᠢ ᠪᠣᠯᠭᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ ᠬᠢᠵᠦ᠂ ᠥᠪᠡᠷᠲᠡᠭᠡᠨ | ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠮᠥᠩᠭᠦᠨ ᠭᠦᠢᠯᠭᠡᠭᠡᠨ ᠤ ᠦᠢᠯᠡᠰ ᠤᠨ ᠨᠡᠭᠡᠭᠡᠯᠲᠡ ᠬᠢᠬᠦ ᠲᠥᠷᠥ ᠶᠢᠨ ᠪᠣᠳᠣᠯᠭ᠎ᠠ ᠶᠢ | ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠪᠠᠩᠬᠢ ᠶᠢᠨ ᠦᠢᠯᠡᠰ ᠪᠣᠯᠣᠨ ᠮᠥᠩᠭᠦᠨ | ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠳᠠ ᠶᠢᠨ ᠺᠣᠮᠫᠠᠨᠢ ᠶᠢᠨ ᠭᠠᠳᠠᠭᠠᠳᠤ ᠪᠡᠯᠡᠲᠦ ᠰᠲ᠋ᠣᠺ ᠤᠨ | ᠬᠠᠷᠢᠴᠠᠯ ᠤᠨ ᠬᠢᠵᠠᠭᠠᠷᠯᠠᠯ ᠢ ᠦᠭᠡᠶᠢᠰᠬᠡᠵᠦ᠂ ᠲᠡᠮᠳᠡᠭᠲᠦ ᠶᠢᠨ ᠺᠣᠮᠫᠠᠨᠢ᠂ ᠲᠡᠮᠳᠡᠭᠲᠦ ᠶᠢᠨ ᠪᠡᠯᠡ | ᠣᠷᠣᠭᠤᠯᠤᠯᠲᠠ ᠶᠢᠨ ᠰᠠᠭᠤᠷᠢ ᠮᠦᠩᠭᠦᠨ ᠤ ᠬᠠᠮᠢᠶᠠᠷᠤᠯᠳᠠ ᠶᠢᠨ ᠺᠣᠮᠫᠠᠨᠢ᠂ ᠬᠤᠭᠤᠴᠠᠭᠠᠲᠤ ᠪᠠᠷᠠᠭᠠᠨ ᠤ ᠺᠣᠮᠫᠠᠨᠢ᠂ | ᠠᠮᠢ ᠨᠠᠰᠤᠨ ᠤ ᠳᠠᠭᠠᠳᠬᠠᠯ ᠤᠨ ᠺᠣᠮᠫᠠᠨᠢ ᠨᠤᠭᠤᠳ ᠤᠨ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠢ 51% | ᠪᠣᠯᠲᠠᠯ᠎ᠠ ᠠᠭᠤᠵᠢᠭᠤ ᠲᠠᠯᠪᠢᠨ᠂ 2021 ᠣᠨ ᠳᠤ ᠭᠠᠳᠠᠭᠠᠳᠤ ᠪᠡᠯᠡᠲᠦ ᠰᠲ᠋ᠣᠺ ᠤᠨ ᠬᠠᠷᠢᠴᠠᠯ ᠤᠨ ᠬᠢᠵᠠᠭᠠᠷᠯᠠᠯ ᠢ | ᠦᠭᠡᠶᠢᠰᠬᠡᠬᠦ ᠬᠡᠷᠡᠭᠲᠡᠢ᠃ ᠬᠢᠯᠢ ᠶᠢᠨ ᠲᠤᠳᠤᠷ᠎ᠠ ᠭᠠᠳᠠᠨᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠨᠡᠷᠡᠲᠡᠢ | ᠠᠵᠤ ᠠᠬᠤᠶᠢᠯᠠᠯ ᠤᠳ ᠢ ᠢᠳᠡᠪᠬᠢᠲᠡᠢ ᠣᠷᠣᠭᠤᠯᠤᠨ ᠠᠪᠴᠢᠷᠠᠵᠤ ᠮᠠᠨ ᠤ ᠣᠷᠣᠨ ᠳᠤ ᠡᠯ᠎ᠡ ᠲᠥᠷᠥᠯ ᠤᠨ ᠮᠥᠩᠭᠦᠨ | ᠭᠦᠢᠯᠭᠡᠭᠡᠨ ᠤ ᠪᠠᠶᠢᠭᠤᠯᠤᠮᠵᠢ ᠶᠢᠨ ᠶᠡᠷᠦᠩᠬᠡᠢ ᠬᠡᠯᠲᠡᠰ᠂ ᠣᠷᠣᠨ ᠪᠦᠰᠡ ᠶᠢᠨ ᠴᠢᠨᠠᠷᠲᠠᠢ ᠬᠤᠪᠢᠶᠠᠷᠢ ᠰᠠᠯᠪᠤᠷᠢ | ᠪᠠᠶᠢᠭᠤᠯᠤᠮᠵᠢ᠂ ᠲᠤᠬᠠᠶᠢᠯᠠᠭᠰᠠᠨ ᠠᠵᠢᠯ ᠤᠨ ᠲᠥᠪ ᠵᠢᠴᠢ ᠲᠥᠯᠥᠭᠡᠯᠡᠭᠴᠢ ᠶᠢᠨ ᠭᠠᠵᠠᠷ ᠡᠭᠦᠰᠭᠡᠨ ᠪᠠᠶᠢᠭᠤᠯᠬᠤ | ᠬᠡᠷᠡᠭᠲᠡᠢ᠃ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠤᠭᠰᠠᠨ ᠠᠵᠤ ᠠᠬᠤᠶᠢᠯᠠᠯ ᠳᠤ ᠬᠢᠨᠠᠯᠲᠠ | ᠬᠠᠮᠢᠶᠠᠷᠤᠯᠲᠠ ᠬᠢᠬᠦ ᠥᠭᠡᠷᠡᠴᠢᠯᠡᠯᠲᠡ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠬᠢᠯᠢ ᠶᠢᠨ ᠳᠣᠲᠣᠷᠠᠬᠢ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠳ ᠤᠨ ᠬᠢᠯᠢ ᠶᠢᠨ | ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠬᠤ ᠶᠢ ᠳᠡᠮᠵᠢᠨ᠂ ᠬᠢᠯᠢ ᠶᠢᠨ ᠭᠠᠳᠠᠨᠠᠬᠢ ᠰᠲ᠋ᠣᠺ ᠤᠨ ᠵᠠᠬ᠎ᠠ | ᠳᠡᠯᠭᠡᠭᠦᠷ ᠲᠤ ᠭᠠᠷᠤᠭᠰᠠᠨ ᠺᠤᠮᠫᠠᠨᠢ ᠨᠤᠭᠤᠳ ᠤᠨ ᠵᠠᠬ᠎ᠠ ᠳᠡᠯᠭᠡᠭᠦᠷ ᠲᠤ ᠭᠠᠷᠤᠭᠠᠳᠤᠢ ᠰᠲ᠋ᠣᠺ ᠢᠶᠠᠨ ᠬᠢᠯᠢ ᠶᠢᠨ | ᠭᠠᠳᠠᠨᠠᠬᠢ ᠰᠲ᠋ᠣᠺ ᠤᠨ ᠵᠠᠬ᠎ᠠ ᠳᠡᠯᠭᠡᠭᠦᠷ ᠲᠤ ᠭᠠᠷᠭᠠᠵᠤ ᠭᠦᠢᠯᠭᠡᠭᠡᠬᠦ ᠶᠢ ᠯᠠᠪᠳᠠᠭᠤᠨ ᠪᠠᠲᠤᠲᠠᠢ ᠡᠮᠬᠢ ᠵᠢᠷᠤᠮ ᠲᠠᠢ | ᠠᠬᠢᠭᠤᠯᠬᠤ ᠬᠡᠷᠡᠭᠲᠡᠢ᠃ ︵ᠥᠪᠥᠷ ᠮᠣᠩᠭᠤᠯ ᠤᠨ ᠪᠠᠩᠬᠢ ᠪᠠ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠣᠷᠣᠨ | ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠨ ᠬᠢᠵᠦ᠂ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠷᠠᠳ ᠤᠨ ᠪᠠᠩᠬᠢ ᠶᠢᠨ ᠬᠥᠬᠡᠬᠤᠲᠠ | ᠲᠥᠪ ᠰᠠᠯᠪᠤᠷᠢ ᠪᠠᠩᠬᠢ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠦᠢᠯᠡᠴᠢᠯᠡᠭᠡᠨ ᠤ ᠦᠢᠯᠡᠰ᠂ ᠲᠠᠷᠢᠶᠠᠯᠠᠩ᠂ ᠦᠢᠯᠡᠳᠬᠦ ᠦᠢᠯᠡᠰ ᠤᠨ ᠨᠡᠭᠡᠭᠡᠯᠲᠡ ᠬᠢᠬᠦ ᠶᠢ | ᠦᠷᠭᠦᠯᠵᠢᠯᠡᠨ ᠠᠬᠢᠭᠤᠯᠬᠤ ᠬᠡᠷᠡᠭᠲᠡᠢ᠃ ᠵᠠᠮ ᠬᠠᠷᠢᠯᠴᠠᠭ᠎ᠠ ᠲᠡᠭᠡᠭᠡᠪᠦᠷᠢ᠂ ᠬᠤᠳᠠᠯᠳᠤᠭ᠎ᠠ ᠠᠷᠠᠯᠵᠢᠶ᠎ᠠ ᠪᠠᠷᠠᠭᠠᠨ ᠤ | ᠭᠦᠢᠯᠭᠡᠭᠡᠨ ᠵᠡᠷᠭᠡ ᠦᠢᠯᠡᠴᠢᠯᠡᠭᠡᠨ ᠤ ᠬᠦᠷᠢᠶ᠎ᠡ᠂ ᠦᠷ᠎ᠡ ᠡᠭᠦᠯᠳᠡᠷ ᠤᠨ ᠦᠢᠯᠡᠰ ᠵᠡᠷᠭᠡ ᠲᠠᠷᠢᠶᠠᠯᠠᠩ ᠤᠨ ᠬᠦᠷᠢᠶ᠎ᠡ᠂ | ᠨᠡᠭᠦᠷᠡᠰᠦ᠂ ᠲᠡᠮᠦᠷᠯᠢᠭ ᠬᠠᠶᠢᠯᠤᠭᠤᠯᠬᠤ ᠵᠡᠷᠭᠡ ᠠᠭᠤᠷᠬᠠᠢ ᠮᠠᠯᠲᠠᠬᠤ ᠦᠢᠯᠡᠰ ᠤᠨ ᠬᠦᠷᠢᠶ᠎ᠡ᠂ ᠮᠠᠰᠢᠨ ᠲᠡᠷᠭᠡ ᠵᠡᠷᠭᠡ | ᠦᠢᠯᠡᠳᠬᠦ ᠦᠢᠯᠡᠰ ᠤᠨ ᠭᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠬᠢᠵᠠᠭᠠᠷᠯᠠᠯ ᠢᠶᠠᠨ | ᠬᠦᠴᠦᠨ ᠦᠭᠡᠢ ᠪᠣᠯᠭᠠᠬᠤ ᠪᠤᠶᠤ ᠥᠷᠭᠡᠳᠬᠡᠵᠦ᠂ ᠬᠠᠮᠢᠶ᠎ᠠ ᠪᠦᠬᠦᠢ ᠬᠦᠷᠢᠶᠡᠨ ᠳᠠᠬᠢ ᠬᠤᠳᠠᠯᠳᠤᠭᠠᠴᠢᠨ ᠤᠷᠢᠵᠤ | ᠪᠡᠯᠡ ᠲᠠᠲᠠᠨ ᠣᠷᠣᠭᠤᠯᠬᠤ ᠡᠷᠴᠢᠮ ᠢ ᠴᠢᠩᠭᠠᠷᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠲᠦᠷᠦᠭᠦᠯᠡᠨ | ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠡᠯᠡ | ᠣᠷᠣᠭᠤᠯᠤᠯᠲᠠ ᠶᠢ ᠲᠥᠬᠦᠮ ᠠᠪᠰᠠᠷᠬᠠᠨ ᠪᠣᠯᠭᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ | ︵ᠳᠥᠷᠪᠡ︶ ᠭᠠᠳᠠᠭᠠᠳᠤ ᠪᠡᠯᠡ ᠶᠢᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠬᠡᠷᠡᠭᠲᠡᠢ᠃ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ | ᠶᠣᠰᠣᠭᠠᠷ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠤᠷᠤᠭᠤᠯᠬᠤ ᠵᠦᠪᠰᠢᠶᠡᠷᠡᠯ ᠤᠨ ᠠᠯᠳᠠᠭᠳᠠᠯ ᠲᠠᠢ | ᠵᠦᠢᠯᠡᠰ ᠤᠨ ᠨᠠᠷᠢᠨ ᠬᠠᠭᠤᠳᠠᠰᠤᠨ ᠳᠠᠬᠢ ᠪᠡᠯᠡ ᠣᠷᠣᠭᠤᠯᠬᠤ ᠪᠥᠬᠦ ᠲᠤᠭ᠎ᠠ ᠨᠢ 10 ᠳ᠋ᠦᠩᠰᠢᠭᠤᠷ ᠳ᠋ᠣᠯᠯᠠᠷ ᠠᠴᠠ | ᠲᠤᠷᠤᠨᠨᠰᠢᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠠᠶᠢᠭᠤᠯᠬᠤ | ᠵᠢᠴᠢ ᠬᠤᠪᠢᠷᠠᠭᠠᠬᠤ ᠲᠠᠯ᠎ᠠ ᠪᠠᠷ ᠬᠢ ᠬᠢᠨᠠᠨ ᠵᠥᠪᠰᠢᠶᠡᠷᠡᠬᠦ ᠪᠠ ᠬᠠᠮᠢᠶᠠᠷᠬᠤ ᠠᠵᠢᠯ ᠢ ᠴᠠᠭ ᠲᠤᠬᠠᠢ ᠳᠤ ᠨᠢ ᠲᠠᠭᠠᠭᠠᠨ | ᠦᠷᠭᠦᠯᠵᠢᠯᠡᠭᠦᠯᠬᠦ ᠬᠡᠷᠡᠭᠲᠡᠢ᠃ ᠪᠥᠬᠦ ᠣᠷᠣᠨ ᠤ ᠬᠡᠪᠴᠢᠶᠡᠨ ᠳᠤ ᠠᠯᠳᠠᠭᠳᠠᠯ ᠲᠠᠢ ᠵᠦᠢᠯᠡᠰ ᠤᠨ ᠨᠠᠷᠢᠨ | ᠬᠠᠭᠤᠳᠠᠰᠤᠨ ᠤ ᠭᠠᠳᠠᠭᠤᠷᠬᠢ ᠬᠦᠷᠢᠶᠡᠨ ᠳᠠᠬᠢ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ ᠤᠨ ᠬᠤᠳᠠᠯᠳᠤᠭᠠᠨ ᠤ ᠶᠠᠪᠤᠳᠠᠯ ᠤᠨ ᠪᠦᠷᠢᠳᠬᠡᠨ ᠳᠠᠩᠰᠠᠯᠠᠭᠤᠯᠬᠤ ᠬᠢᠭᠡᠳ ᠠᠵᠤ ᠠᠬᠤᠶᠢᠯᠠᠯ ᠤᠨ | ᠳᠠᠩᠰᠠᠯᠠᠨ ᠲᠡᠮᠳᠡᠭᠯᠡᠭᠦᠯᠬᠦ ᠶᠢ ᠨᠢ ︽ᠨᠢᠭᠡ ᠪᠠᠷ ᠬᠦᠯᠢᠶᠡᠨ ᠠᠪᠴᠤ ᠭᠦᠢᠴᠡᠳᠬᠡᠬᠦ︾ ᠶᠢ ᠬᠡᠷᠡᠭᠵᠢᠭᠦᠯᠬᠦ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠲᠦᠷᠦᠭᠦᠯᠡᠨ ᠬᠢᠵᠦ᠂ ᠡᠯ᠎ᠡ ᠠᠶᠢᠮᠠᠭ ᠤᠨ | ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠲᠠᠪᠤ︶ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠪᠡᠯᠡ | ᠮᠥᠩᠭᠦ ᠪᠠᠨ ᠭᠦᠢᠯᠭᠡᠭᠡᠨ ᠬᠡᠷᠡᠭᠯᠡᠬᠦ ᠳᠤ ᠲᠥᠬᠦᠮ ᠠᠪᠰᠠᠷᠬᠠᠨ ᠪᠠᠶᠢᠯᠭᠠᠬᠤ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ | ᠪᠡᠯᠡ ᠮᠥᠩᠭᠦᠨ ᠤ ᠰᠠᠩ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠲᠥᠬᠦᠮᠴᠢᠯᠡᠵᠦ᠂ ᠪᠠᠩᠬᠢ ᠨᠤᠭᠤᠳ ᠠᠴᠠ | ᠡᠯᠧᠺᠲᠷᠤᠨ ᠬᠠᠭᠤᠳᠠᠰᠤᠨ ᠤ ᠦᠨᠡᠨ ᠮᠥᠨ᠂ ᠬᠠᠤᠯᠢ ᠳᠤ ᠨᠡᠶᠢᠴᠡᠵᠦ ᠪᠠᠶᠢᠬᠤ ᠶᠢ ᠨᠢ ᠬᠢᠨᠠᠨ ᠬᠠᠷᠭᠤᠭᠤᠯᠬᠤ ᠶᠢ | ᠵᠥᠪᠰᠢᠶᠡᠷᠡᠨ᠂ ᠠᠵᠤ ᠠᠬᠤᠶᠢᠯᠠᠯ ᠤᠳ ᠲᠤ ᠥᠭᠬᠦ ᠠᠪᠬᠤ ᠭᠤᠪᠢᠭᠤᠯᠬᠤ᠂ ᠬᠠᠷᠭᠤᠭᠤᠯᠵᠦ ᠳ᠋ᠦᠩᠨᠡᠨ ᠪᠤᠳᠤᠬᠤ | ᠲᠤᠬᠠᠶᠢᠯᠠᠭᠰᠠᠨ ᠠᠵᠢᠯ ᠢ ᠲᠦᠪᠯᠡᠷᠡᠭᠦᠯᠦᠨ ᠭᠦᠢᠴᠡᠳᠬᠡᠵᠦ ᠥᠭᠬᠦ ᠬᠡᠷᠡᠭᠲᠡᠢ᠃ ᠠᠵᠤ ᠠᠬᠤᠶᠢᠯᠠᠯ ᠤᠳ ᠢ | ᠵᠣᠷᠢᠬᠵᠢᠭᠤᠯᠵᠤ ᠪᠠᠶᠢᠭᠠᠳ ᠤᠯᠤᠰ ᠠᠯᠤᠰᠯᠠᠭᠰᠠᠨ ᠺᠣᠮᠫᠠᠨᠢ ᠶᠢᠨ ᠬᠢᠯᠢ ᠠᠯᠤᠰᠯᠠᠬᠤ ᠪᠡᠯᠡ ᠮᠥᠩᠭᠦᠨ ᠳᠤ | ᠲᠥᠪᠯᠡᠷᠡᠭᠦᠯᠦᠨ ᠭᠦᠢᠯᠭᠡᠭᠡᠵᠦ ᠬᠠᠮᠢᠶᠠᠷᠬᠤ ᠶᠢ ᠭᠤᠶᠤᠴᠢᠯᠠᠭᠤᠯᠵᠤ᠂ ᠤᠯᠤᠰ ᠠᠯᠤᠰᠯᠠᠭᠰᠠᠨ ᠠᠵᠤ ᠠᠬᠤᠶᠢᠯᠠᠯ ᠤᠨ | ᠪᠦᠯᠦᠭᠯᠡᠯ ᠤᠳ ᠤᠨ ᠬᠢᠯᠢ ᠠᠯᠤᠰᠯᠠᠨ ᠠᠷᠠᠳ ᠤᠨ ᠵᠣᠭᠤᠰ ᠢ ᠬᠤᠶᠠᠷ ᠲᠠᠯ᠎ᠠ ᠲᠡᠶᠢᠰᠢ ᠭᠦᠢᠯᠭᠡᠭᠡᠬᠦ ᠲᠤᠬᠠᠶᠢᠯᠠᠭᠰᠠᠨ | ᠠᠵᠢᠯ ᠭᠦᠢᠴᠡᠳᠬᠡᠬᠦ ᠶᠢ ᠨᠢ ᠳᠡᠮᠵᠢᠬᠦ ᠬᠡᠷᠡᠭᠲᠡᠢ᠃ ︵ᠠᠷᠠᠳ ᠤᠨ ᠪᠠᠩᠬᠢ ᠶᠢᠨ ᠬᠥᠬᠡᠬᠤᠲᠠ ᠲᠥᠪ ᠰᠠᠯᠪᠤᠷᠢ ᠪᠠᠩᠬᠢ᠂ | ᠥᠪᠥᠷ ᠮᠣᠩᠭᠤᠯ ᠤᠨ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠭᠠᠳᠠᠭᠠᠳᠤ ᠤᠯᠤᠰ ᠤᠨ ᠴᠢᠳᠠᠪᠤᠷᠢᠲᠠᠳ ᠮᠠᠨ ᠤ ᠣᠷᠣᠨ ᠳᠤ ᠢᠷᠡᠵᠦ ᠠᠵᠢᠯᠯᠠᠬᠤ ᠵᠢᠴᠢ | ᠬᠢᠯᠢ ᠪᠠᠷ ᠣᠷᠣᠵᠤ ᠭᠠᠷᠬᠤ ᠳᠤ ᠲᠥᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠡᠮᠵᠢᠬᠦ ᠲᠥᠷᠥ ᠶᠢᠨ ᠪᠣᠳᠣᠯᠭ᠎ᠠ ᠶᠢ ᠰᠤᠳᠤᠯᠤᠨ ᠨᠡᠶᠢᠲᠡᠯᠡᠵᠦ᠂ | ᠮᠠᠨ ᠤ ᠣᠷᠣᠨ ᠳᠤ ᠠᠵᠢᠯᠯᠠᠵᠤ ᠪᠠᠶᠢᠭ᠎ᠠ ᠭᠠᠳᠠᠭᠠᠳᠤ ᠤᠯᠤᠰ ᠤᠨ ᠴᠢᠳᠠᠪᠤᠷᠢᠲᠠᠳ ᠣᠯᠠᠨ ᠨᠡᠶᠢᠲᠡ ᠶᠢᠨ | ᠦᠨᠳᠦᠰᠦᠨ ᠦᠢᠯᠡᠴᠢᠯᠡᠭᠡ ᠣᠯᠵᠤ ᠬᠦᠷᠲᠡᠬᠦ ᠶᠢ ᠬᠠᠤᠯᠢ ᠪᠠᠷ ᠪᠠᠲᠤᠯᠠᠬᠤ ᠬᠡᠷᠡᠭᠲᠡᠢ᠃ ᠤᠯᠤᠰ ᠤᠨ ᠳᠡᠮᠵᠢᠬᠦ | ᠤᠳᠤᠷᠢᠳᠤᠮᠵᠢ ᠳᠤ ᠨᠡᠶᠢᠴᠡᠬᠦ ᠳᠤᠮᠳᠠᠳᠤ ᠤᠯᠤᠰ ᠤᠨ ᠬᠢᠯᠢ ᠳᠣᠲᠣᠷ᠎ᠠ ᠳᠠᠩᠰᠠᠯᠠᠭᠤᠯᠤᠭᠰᠠᠨ ᠠᠵᠤ | ᠠᠬᠤᠶᠢᠯᠠᠯ ᠤᠳ ᠤᠨ ᠪᠠᠴᠢᠮ ᠱᠠᠭᠠᠷᠳᠠᠭᠳᠠᠵᠤ ᠪᠠᠶᠢᠭ᠎ᠠ ᠭᠠᠳᠠᠭᠠᠳᠤ ᠤᠯᠤᠰ ᠤᠨ ᠴᠢᠳᠠᠪᠤᠷᠢᠲᠠᠳ ᠥᠪᠥᠷ | ᠮᠣᠩᠭᠤᠯ ᠳᠤ ᠢᠷᠡᠵᠦ ᠠᠵᠢᠯᠯᠠᠬᠤ ᠶᠢ ᠵᠥᠪᠰᠢᠶᠡᠷᠡᠨ ᠬᠠᠮᠢᠶᠠᠷᠬᠤ ᠨᠡᠩ ᠰᠠᠶᠢᠨ ᠲᠥᠬᠦᠮ ᠠᠪᠰᠠᠷᠬᠠᠨ ᠦᠢᠯᠡᠴᠢᠯᠡᠭᠡ | ᠬᠠᠩᠭᠠᠨ ᠥᠭᠴᠦ᠂ ᠠᠵᠢᠯᠯᠠᠬᠤ ᠶᠢ ᠨᠢ ᠵᠥᠪᠰᠢᠶᠡᠷᠡᠨ ᠭᠦᠢᠴᠡᠳᠬᠡᠬᠦ ᠳᠡᠰ ᠳᠠᠷᠠᠭᠠᠯᠠᠯ ᠢ ᠤᠯᠠᠮ ᠨᠢᠭᠡ ᠠᠯᠬᠤᠮ | ᠲᠥᠬᠦᠮᠴᠢᠯᠡᠬᠦ ᠬᠡᠷᠡᠭᠲᠡᠢ᠃ ︽︿ᠭᠠᠳᠠᠭᠠᠳᠤ ᠤᠯᠤᠰ ᠤᠨ ᠴᠢᠳᠠᠪᠤᠷᠢᠲᠠᠳ ᠤᠨ ᠸᠢᠰᠠᠯᠠᠬᠤ ᠳᠦᠷᠢᠮ ᠤᠨ | ᠬᠡᠷᠡᠭᠵᠢᠭᠦᠯᠬᠦ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠭᠠᠳᠠᠭᠠᠳᠤ ᠶᠢᠨ ᠲᠤᠰᠬᠠᠢ | ᠮᠡᠷᠭᠡᠵᠢᠯᠲᠡᠨ ᠤ ᠲᠣᠪᠴᠢᠶ᠎ᠠ ᠭᠠᠳᠠᠭᠠᠳᠤ ᠶᠠᠪᠤᠳᠠᠯ ᠤᠨ ᠶᠠᠮᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠮᠡᠳᠡᠭᠳᠡᠯ︾ | ︵ᠭᠠᠳᠠᠭᠠᠳᠤ ᠲᠤᠰᠬᠠᠢ ᠲᠠᠷᠬᠠᠭᠠᠭᠰᠠᠨ ﹇2017﹈ 218 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ | ᠭᠠᠳᠠᠭᠠᠳᠤ ᠤᠯᠤᠰ ᠤᠨ ᠳᠡᠭᠡᠳᠦ ᠦᠵᠦᠭᠦᠷ ᠤᠨ ᠴᠢᠳᠠᠪᠤᠷᠢᠲᠠᠳ ᠤᠨ ᠬᠢᠷᠢ ᠬᠡᠮ ᠢ ᠨᠤᠲᠠᠯᠠᠬᠤ᠂ | ᠴᠢᠳᠠᠪᠤᠷᠢᠲᠠᠳ ᠤᠨ ᠸᠢᠰᠠ ᠶᠢ ᠬᠢᠨᠠᠨ ᠣᠯᠭᠤᠬᠤ᠂ ᠠᠵᠢᠯᠯᠠᠬᠤ ᠶᠢ ᠨᠢ ᠵᠥᠪᠰᠢᠶᠡᠷᠡᠬᠦ᠂ ᠠᠵᠢᠯᠯᠠᠬᠤ ᠪᠠᠷ ᠦᠯᠡᠳᠡᠵᠦ | ᠰᠠᠭᠤᠬᠤ ᠦᠨᠡᠮᠯᠡᠯ ᠢ ᠨᠢ ᠭᠦᠢᠴᠡᠳᠬᠡᠬᠦ ᠵᠡᠷᠭᠡ ᠭᠤᠭᠴᠤᠭ᠎ᠠ ᠶᠢ ᠵᠣᠯᠭᠠᠭᠤᠯᠤᠨ ᠰᠠᠭᠠᠳ ᠦᠭᠡᠢ ᠪᠠᠶᠢᠯᠭᠠᠬᠤ ᠶᠢ | ᠦᠨᠡᠨ ᠬᠦ ᠪᠠᠲᠤᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠢᠩᠬᠢᠮ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠪᠡᠯᠡ ᠣᠷᠣᠭᠤᠯᠤᠯᠲᠠ ᠪᠠᠷ ᠠᠬᠢᠭᠤᠯᠬᠤ ᠶᠢ ᠴᠢᠩᠭᠠᠳᠬᠠᠨ᠂ ᠪᠡᠯᠡ ᠮᠥᠩᠭᠦ ᠲᠠᠲᠠᠨ ᠣᠷᠣᠭᠤᠯᠬᠤ | ᠶᠠᠰᠤ ᠴᠢᠨᠠᠷ ᠪᠣᠯᠣᠨ ᠬᠢᠷᠢ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ | ︵ᠳᠣᠯᠤᠭ᠎ᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠤᠳᠤᠷᠢᠳᠤᠮᠵᠢ ᠶᠢ | ᠰᠢᠯᠢᠳᠡᠭᠵᠢᠭᠦᠯᠬᠦ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠵᠢᠴᠢ ᠲᠡᠷᠢᠭᠦᠨ ᠤ | ᠮᠡᠷᠭᠡᠵᠢᠯ᠂ ᠬᠠᠮᠢᠶᠠᠷᠤᠯᠲᠠ ᠶᠢᠨ ᠲᠤᠷᠰᠢᠯᠭ᠎ᠠ ᠶᠢ ᠢᠳᠡᠪᠬᠢᠲᠡᠢ ᠲᠠᠲᠠᠨ ᠣᠷᠣᠭᠤᠯᠵᠤ᠂ ᠭᠠᠳᠠᠭᠠᠳᠤ ᠪᠡᠯᠡ | ᠣᠷᠣᠭᠤᠯᠤᠯᠲᠠ ᠶᠢ ᠬᠥᠲᠥᠯᠥᠨ ᠵᠢᠯᠣᠭᠤᠳᠴᠤ ᠪᠠᠶᠢᠭᠠᠳ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ᠂ ᠠᠮᠢ | ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠡᠷᠢᠭᠦᠨ ᠤ ᠦᠢᠯᠡᠳᠬᠦ ᠦᠢᠯᠡᠰ᠂ ᠳᠡᠭᠡᠳᠦ ᠰᠢᠨ᠎ᠡ ᠮᠡᠷᠭᠡᠵᠢᠯ᠂ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶᠡᠨ ᠳᠤ ᠨᠡᠩ ᠶᠡᠭᠡ ᠪᠠᠷ ᠣᠷᠣᠭᠤᠯᠤᠯᠲᠠ ᠬᠢᠯᠭᠡᠵᠦ᠂ | ᠮᠡᠷᠭᠡᠵᠢᠯ ᠢᠶᠠᠷ ᠲᠡᠷᠢᠭᠦᠨ ᠤ ᠬᠡᠯᠪᠡᠷᠢ ᠪᠦᠬᠦᠢ ᠦᠢᠯᠡᠴᠢᠯᠡᠭᠡᠨ ᠤ ᠠᠵᠤ ᠠᠬᠤᠶᠢᠯᠠᠯ ᠤᠳ ᠲᠤ ᠬᠠᠷᠠᠭᠠᠯᠵᠠᠯ ᠦᠵᠡᠭᠦᠯᠬᠦ | ᠲᠥᠷᠥ ᠶᠢᠨ ᠪᠣᠳᠣᠯᠭ᠎ᠠ ᠵᠢᠴᠢ ᠠᠵᠤ ᠠᠬᠤᠶᠢᠯᠠᠯ ᠤᠳ ᠤᠨ ᠬᠢᠯᠢ ᠶᠢᠨ ᠭᠠᠳᠠᠨᠠᠬᠢ ᠠᠰᠢᠭ ᠣᠷᠣᠯᠭ᠎ᠠ ᠶᠢ ᠨᠢ ᠲᠤᠯᠭᠠᠨ | ᠬᠡᠯᠲᠦᠷᠢᠭᠦᠯᠬᠦ᠂ ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ ᠤᠨ ᠬᠢᠯᠢ ᠶᠢᠨ ᠳᠣᠲᠣᠭᠠᠳᠤ ᠳᠤ ᠣᠯᠣᠭᠰᠠᠨ | ᠠᠰᠢᠭ ᠣᠯᠵᠠᠪᠤᠷᠢ ᠪᠠᠷ ᠢᠶᠠᠨ ᠰᠢᠭᠤᠳ ᠪᠡᠯᠡ ᠣᠷᠣᠭᠤᠯᠤᠭᠰᠠᠨ ᠪᠠᠶᠢᠪᠠᠯ ᠲᠡᠭᠦᠨ ᠢᠶᠠᠷ ᠢᠶᠠᠨ ᠲᠤᠰᠢᠶᠠᠬᠤ | ᠭᠠᠶᠢᠯᠢ ᠪᠠᠨ ᠲᠡᠰᠬᠡᠬᠦ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠨᠠᠢᠮᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠯᠲᠠ ᠶᠢᠨ ᠰᠢᠨ᠎ᠡ | ᠡᠭᠦᠳᠦᠯᠲᠡ ᠲᠠᠢ ᠪᠠᠷ ᠬᠥᠭᠵᠢᠬᠦ ᠶᠢ ᠳᠡᠮᠵᠢᠬᠦ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ | ᠣᠷᠣᠭᠤᠯᠤᠯᠲᠠ ᠶᠢᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠳᠤ ᠳᠡᠮᠵᠢᠯᠭᠡ ᠦᠵᠡᠭᠦᠯᠬᠦ ᠲᠥᠷᠥ ᠶᠢᠨ | ᠪᠣᠳᠣᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠤᠨ᠂ ᠤᠯᠤᠰ ᠠᠴᠠ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ | ᠣᠷᠣᠭᠤᠯᠤᠯᠲᠠ ᠶᠢᠨ ᠰᠤᠳᠤᠯᠤᠨ ᠬᠥᠭᠵᠢᠭᠦᠯᠬᠦ ᠪᠠᠶᠢᠭᠤᠯᠤᠮᠵᠢ ᠬᠡᠮᠡᠨ ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠴᠠᠭ | ᠲᠤᠬᠠᠢ ᠳᠤ ᠨᠢ ᠮᠥᠷᠳᠡᠵᠦ᠂ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠭᠦᠢ ᠰᠤᠳᠤᠯᠤᠨ ᠭᠦᠭᠵᠢᠬᠦᠯᠬᠦ | ᠪᠠᠶᠢᠭᠤᠯᠤᠮᠵᠢ ᠬᠡᠮᠡᠨ ᠮᠠᠭᠠᠳᠯᠠᠨ ᠲᠤᠨᠨᠳᠠᠭᠠᠬᠤ ᠪᠠᠷᠢᠮᠵᠢᠶ᠎ᠠ ᠶᠢ ᠰᠤᠳᠤᠯᠤᠨ ᠲᠤᠬᠢᠷᠠᠭᠤᠯᠵᠦ ᠰᠢᠯᠢᠳᠡᠭᠵᠢᠬᠦᠯᠦᠨ᠂ | ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠢ ᠵᠣᠷᠢᠬᠵᠢᠭᠤᠯᠵᠤ | ᠪᠠᠶᠢᠭᠠᠳ ᠰᠤᠳᠤᠯᠤᠨ ᠬᠥᠭᠵᠢᠭᠦᠯᠬᠦ ᠳᠤ ᠪᠡᠯᠡ ᠣᠷᠣᠭᠤᠯᠬᠤ ᠡᠷᠴᠢᠮ ᠢ ᠨᠢ ᠴᠢᠩᠭᠠᠷᠠᠭᠤᠯᠬᠤ ᠬᠡᠷᠡᠭᠲᠡᠢ᠃ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨ᠎ᠡ ᠡᠭᠦᠳᠦᠯᠲᠡ ᠶᠢᠨ ᠲᠠᠪᠴᠠᠩ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠵᠡᠷᠭᠡ ᠳᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ | ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠭᠠᠳᠠᠭᠠᠳᠤ ᠪᠡᠯᠡ ᠶᠢ ᠵᠣᠷᠢᠬᠵᠢᠭᠤᠯᠵᠤ ᠪᠠᠶᠢᠭᠠᠳ ᠳᠡᠭᠡᠳᠦ ᠰᠢᠨ᠎ᠡ | ᠮᠡᠷᠭᠡᠵᠢᠯ ᠤᠨ ᠬᠦᠷᠢᠶᠡᠨ ᠳᠤ ᠣᠷᠣᠭᠤᠯᠤᠯᠲᠠ ᠬᠢᠯᠭᠡᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ | ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ᠂ ᠥᠪᠥᠷ ᠮᠣᠩᠭᠤᠯ ᠤᠨ ᠭᠠᠶᠢᠯᠢ ᠶᠢᠨ ᠶᠠᠪᠤᠳᠠᠯ ᠤᠨ | ᠲᠣᠪᠴᠢᠶ᠎ᠠ ᠵᠡᠷᠭᠡ ᠬᠠᠮᠢᠶ᠎ᠠ ᠪᠥᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠶᠢᠰᠦ︶ ᠭᠠᠳᠠᠭᠠᠳᠤ ᠪᠡᠯᠡ ᠶᠢᠨ ᠨᠡᠶᠢᠯᠡᠭᠦᠯᠵᠦ ᠬᠤᠳᠠᠯᠳᠤᠨ ᠠᠪᠴᠤ ᠪᠡᠯᠡ ᠣᠷᠣᠭᠤᠯᠬᠤ ᠶᠢ ᠨᠢ | ᠵᠣᠷᠢᠬᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠵᠠᠷᠴᠢᠮ ᠢ ᠦᠨᠳᠦᠰᠦᠯᠡᠨ ᠨᠡᠶᠢᠯᠡᠭᠦᠯᠵᠦ ᠬᠤᠳᠠᠯᠳᠤᠨ ᠠᠪᠬᠤ | ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ᠂ ᠪᠥᠬᠦ ᠣᠷᠣᠨ ᠳᠠᠬᠢ ᠨᠡᠶᠢᠯᠡᠭᠦᠯᠵᠦ ᠬᠤᠳᠠᠯᠳᠤᠨ ᠠᠪᠴᠤ ᠪᠣᠯᠬᠤ | ᠳᠠᠯᠳᠠ ᠴᠢᠨᠰᠠᠭ᠎ᠠ ᠲᠠᠢ ᠠᠵᠤ ᠠᠬᠤᠶᠢᠯᠠᠯ ᠤᠳ ᠤᠨ ᠮᠡᠳᠡᠭᠡ ᠵᠠᠩᠭᠢ ᠶᠢ ᠡᠮᠬᠢᠯᠡᠨ ᠲᠢᠭᠯᠡᠵᠦ᠂ ᠮᠠᠨ ᠤ ᠣᠷᠣᠨ ᠤ | ᠠᠵᠤ ᠠᠬᠤᠶᠢᠯᠠᠯ ᠤᠳ ᠢ ᠬᠥᠲᠥᠯᠥᠨ ᠵᠢᠯᠣᠭᠤᠳᠴᠤ ᠪᠠᠶᠢᠭᠠᠳ ᠣᠯᠠᠨ ᠤᠯᠤᠰ ᠤᠨ ᠬᠠᠮᠲᠤᠷᠠᠨ ᠠᠵᠢᠯᠯᠠᠬᠤ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠭᠤᠯᠬᠤ ᠪᠣᠯᠭᠠᠨ᠂ ᠬᠢᠯᠢ ᠶᠢᠨ ᠭᠠᠳᠠᠨᠠᠬᠢ ᠪᠡᠯᠡ ᠣᠷᠣᠭᠤᠯᠤᠭᠴᠢᠳ | ᠨᠡᠶᠢᠯᠡᠭᠦᠯᠵᠦ ᠬᠤᠳᠠᠯᠳᠤᠨ ᠠᠪᠬᠤ ᠬᠡᠯᠪᠡᠷᠢ ᠪᠠᠷ ᠮᠠᠨ ᠤ ᠣᠷᠣᠨ ᠳᠤ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ | ᠣᠷᠣᠭᠤᠯᠤᠭᠰᠠᠨ ᠠᠵᠤ ᠠᠬᠤᠶᠢᠯᠠᠯ ᠪᠠᠶᠢᠭᠤᠯᠬᠤ ᠶᠢ ᠳᠡᠮᠵᠢᠬᠦ ᠬᠡᠷᠡᠭᠲᠡᠢ᠃ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠶᠢᠨ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠳᠤ ᠬᠢᠨᠠᠯᠲᠠ ᠲᠠᠯᠪᠢᠵᠦ ᠬᠠᠮᠢᠶᠠᠷᠬᠤ ᠳᠦᠷᠢᠮ ᠢ | ᠬᠡᠷᠡᠭᠵᠢᠭᠦᠯᠦᠨ᠂ ᠤᠯᠤᠰ ᠤᠨ ᠥᠮᠴᠢᠯᠡᠨ ᠡᠵᠡᠮᠳᠡᠵᠦ ᠪᠠᠶᠢᠭ᠎ᠠ ᠰᠲ᠋ᠣᠺ ᠢᠶᠠᠷ ᠢᠶᠠᠨ ᠵᠠᠬ᠎ᠠ ᠳᠡᠯᠭᠡᠭᠦᠷ ᠲᠤ ᠭᠠᠷᠤᠭᠰᠠᠨ | ᠺᠣᠮᠫᠠᠨᠢ ᠵᠢᠴᠢ ᠤᠯᠤᠰ ᠤᠨ ᠥᠮᠴᠢᠯᠡᠯᠲᠦ ᠰᠲ᠋ᠣᠺ ᠤᠨ ᠡᠷᠬᠡ ᠶᠢ ᠡᠷᠭᠢᠯᠳᠦᠭᠦᠯᠵᠦ ᠰᠢᠯᠵᠢᠭᠦᠯᠬᠦ ᠪᠠᠨ ᠢᠯᠡ ᠲᠣᠳᠣ | ᠪᠠᠶᠢᠯᠭᠠᠬᠤ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠣᠷᠣᠨ ᠤ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠨᠥᠬᠦᠴᠡᠯ ᠳᠤ ᠨᠡᠶᠢᠴᠡᠭᠰᠡᠨ ᠪᠡᠯᠡ | ᠣᠷᠣᠭᠤᠯᠤᠭᠴᠢᠳ ᠣᠷᠣᠯᠴᠠᠬᠤ ᠳᠤ ᠨᠢ ᠡᠷᠬᠡ ᠲᠡᠭᠰᠢ ᠲᠣᠬᠢᠶᠠᠯ ᠣᠯᠭᠤᠬᠤ ᠬᠡᠷᠡᠭᠲᠡᠢ᠃ ᠭᠠᠳᠠᠭᠠᠳᠤ ᠤᠯᠤᠰ ᠤᠨ | ᠪᠠᠶᠢᠭᠠᠯᠢ ᠬᠥᠮᠥᠨ ᠤ ᠪᠡᠯᠡ ᠣᠷᠣᠭᠤᠯᠤᠭᠰᠠᠨ ᠬᠢᠯᠢ ᠶᠢᠨ ᠳᠣᠲᠣᠷᠠᠬᠢ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ | ᠵᠢᠴᠢ ᠪᠥᠬᠦ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠰᠲ᠋ᠣᠺ ᠢᠶᠠᠨ ᠰᠢᠯᠵᠢᠭᠦᠯᠦᠨ ᠬᠤᠳᠠᠯᠳᠤᠬᠤ | ᠰᠢᠰᠲ᠋ᠧᠮ ᠳᠤ ᠫᠠᠶᠢᠰᠠ ᠡᠯᠭᠦᠭᠰᠡᠨ ᠺᠣᠮᠫᠠᠨᠢ ᠵᠡᠷᠭᠡ ᠲᠠᠯ᠎ᠠ ᠪᠠᠷ ᠬᠢ ᠲᠥᠷᠥ ᠶᠢᠨ ᠪᠣᠳᠣᠯᠭ᠎ᠠ ᠳᠤ ᠤᠯᠤᠰ ᠠᠴᠠ | ᠲᠣᠬᠢᠷᠠᠭᠤᠯᠤᠯᠲᠠ ᠬᠢᠬᠦ ᠶᠢ ᠮᠥᠷᠳᠡᠨ ᠨᠠᠶᠢᠳᠠᠪᠤᠷᠢᠵᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠣᠷᠣᠨ ᠨᠤᠲᠤᠭ ᠤᠨ ᠮᠥᠩᠭᠦᠨ | ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠪᠠᠩᠭᠢ ᠪᠠ ᠳᠠᠭᠠᠳᠬᠠᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠠᠷᠪᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ | ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃ ᠦᠢᠯᠡᠳᠬᠦ ᠦᠢᠯᠡᠰ ᠤᠨ ᠠᠵᠤ | ᠠᠬᠤᠶᠢᠯᠠᠯ ᠤᠳ ᠢ ᠳᠡᠮᠵᠢᠵᠦ ᠪᠠᠶᠢᠭᠠᠳ ᠲᠥᠯᠥᠪᠵᠢᠭᠦᠯᠭᠡ ᠳᠤ ᠨᠡᠶᠢᠴᠡᠭᠰᠡᠨ ᠪᠠ ᠭᠠᠵᠠᠷ ᠰᠢᠷᠣᠢ ᠶᠢᠨ ᠬᠡᠷᠡᠭᠴᠡᠭᠡ ᠶᠢ | ᠬᠤᠪᠢᠷᠠᠭᠤᠯᠬᠤ ᠦᠭᠡᠢ ᠪᠠᠶᠢᠬᠤ ᠤᠷᠢᠳᠠᠯ ᠳᠣᠣᠷ᠎ᠠ᠂ ᠭᠠᠵᠠᠷ ᠰᠢᠷᠣᠢ ᠡᠷᠴᠢᠮᠵᠢᠭᠦᠯᠦᠨ ᠬᠡᠷᠡᠭᠯᠡᠬᠦ ᠬᠢᠷᠢ ᠲᠦᠪᠰᠢᠨ ᠢ | ᠢᠳᠡᠪᠬᠢᠲᠡᠢ ᠳᠡᠭᠡᠭᠰᠢᠯᠡᠭᠦᠯᠦᠨ᠂ ᠬᠠᠤᠯᠢ ᠶᠤᠰᠤᠭᠠᠷ ᠳᠡᠰ ᠳᠠᠷᠠᠭᠠᠯᠠᠯ ᠲᠠᠢ ᠪᠠᠷ ᠰᠢᠨ᠎ᠡ ᠪᠠᠷ ᠪᠠᠶᠢᠭᠤᠯᠤᠭᠰᠠᠨ᠂ | ᠥᠭᠡᠷᠡᠴᠢᠯᠡᠨ ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠲᠥᠷᠥᠯ ᠵᠦᠢᠯ ᠠᠴᠠ | ᠪᠠᠭᠲᠠᠭᠠᠮᠵᠢ ᠶᠢ ᠨᠡᠮᠡᠭᠳᠡᠭᠦᠯᠬᠦ ᠭᠠᠵᠠᠷ ᠤᠨ ᠦᠨ᠎ᠠ ᠶᠢᠨ ᠵᠣᠭᠤᠰ ᠢ ᠲᠠᠬᠢᠨ ᠨᠡᠮᠡᠵᠦ ᠠᠪᠬᠤ ᠦᠭᠡᠢ᠃ | ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠰᠢᠨᠵᠢᠯᠡᠬᠦ | ᠤᠬᠠᠭᠠᠨᠴᠢ ᠪᠠᠷ ᠠᠵᠢᠯᠴᠢᠨ ᠬᠡᠷᠡᠭᠯᠡᠬᠦ ᠶᠢ ᠳᠡᠮᠵᠢᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠯᠮᠥᠷᠢ ᠶᠢᠨ ᠭᠡᠷ᠎ᠡ ᠶᠢᠨ ᠬᠠᠤᠯᠢ︾ ᠶᠢᠨ ᠲᠣᠭᠲᠠᠭᠠᠯ ᠶᠣᠰᠣᠭᠠᠷ᠂ ᠵᠣᠬᠢᠬᠤ ᠠᠵᠢᠯ ᠤᠨ ᠡᠭᠦᠷᠭᠡ ᠪᠠᠨ | ᠪᠡᠶᠡᠯᠡᠭᠦᠯᠬᠦ ᠪᠠᠷ ᠬᠤᠭᠤᠴᠠᠭ᠎ᠠ ᠬᠢᠵᠠᠭᠠᠷ ᠪᠤᠯᠭᠠᠨᠨᠰᠠᠨ ᠬᠦᠳᠡᠯᠮᠦᠷᠢ ᠶᠢᠨ ᠭᠡᠷ᠎ᠡ᠂ ᠣᠬᠤᠷ ᠬᠤᠭᠤᠴᠠᠭᠠᠨ ᠤ | ᠲᠣᠭᠲᠠᠮᠠᠯ ᠬᠤᠭᠤᠴᠠᠭ᠎ᠠ ᠬᠢᠵᠠᠭᠠᠷ ᠲᠠᠢ ᠬᠥᠳᠡᠯᠮᠦᠷᠢ ᠶᠢᠨ ᠭᠡᠷ᠎ᠡ ᠲᠣᠬᠢᠷᠠᠯᠴᠠᠬᠤ ᠪᠠᠷ ᠳᠠᠮᠵᠢᠭᠤᠯᠤᠨ᠂ | ᠠᠮᠢᠳᠤᠯᠢᠭ ᠢᠶᠠᠷ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠨᠢ ᠦᠨᠡᠨ ᠬᠦ ᠬᠠᠩᠭᠠᠬᠤ ᠬᠡᠷᠡᠭᠲᠡᠢ᠃ ᠤᠯᠠᠨ | ᠲᠠᠯᠠᠳᠤ ᠪᠠ ᠬᠤᠶᠠᠷ ᠲᠠᠯ᠎ᠠ ᠪᠠᠷ ᠬᠢ ᠨᠡᠶᠢᠭᠡᠮ ᠤᠨ ᠪᠠᠲᠤᠯᠠᠭ᠎ᠠ ᠶᠢᠨ ᠬᠡᠯᠡᠯᠴᠡᠭᠡᠷ ᠢ ᠦᠨᠳᠦᠰᠦᠯᠡᠨ᠂ ᠨᠡᠶᠢᠭᠡᠮ ᠤᠨ | ᠪᠠᠲᠤᠯᠠᠭ᠎ᠠ ᠶᠢᠨ ᠬᠡᠯᠡᠯᠴᠡᠭᠡᠷ ᠲᠤ ᠨᠢᠭᠡᠨᠲᠡ ᠲᠣᠭᠲᠠᠭᠰᠠᠨ ᠭᠡᠷ᠎ᠡ ᠶᠢᠨ ᠡᠭᠦᠷᠭᠡ ᠪᠠᠨ ᠦᠨᠡᠨ ᠬᠦ ᠭᠦᠢᠴᠡᠳᠬᠡᠵᠦ᠂ | ᠬᠡᠯᠡᠯᠴᠡᠭᠡᠷ ᠤᠨ ᠠᠭᠤᠯᠭ᠎ᠠ ᠪᠠᠷ ᠦᠨᠳᠦᠰᠦᠯᠡᠯ ᠪᠤᠯᠭᠠᠨ ᠮᠠᠨ ᠤ ᠣᠷᠣᠨ ᠳᠤ ᠪᠠᠶᠢᠭ᠎ᠠ ᠭᠠᠳᠠᠭᠠᠳᠤ ᠶᠢᠨ | ᠬᠥᠳᠡᠯᠮᠦᠷᠢᠴᠢᠳ ᠤᠨ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠨ᠂ ᠨᠡᠶᠢᠭᠡᠮ ᠤᠨ ᠳᠠᠭᠠᠳᠬᠠᠯ ᠤᠨ | ᠵᠦᠢᠯ ᠳᠤ ᠬᠡᠯᠡᠯᠴᠡᠭᠡᠷ ᠢᠶᠠᠷ ᠪᠣᠯᠵᠣᠨ ᠲᠣᠭᠲᠠᠭᠰᠠᠨ ᠠᠵᠤ ᠠᠬᠤᠶᠢᠯᠠᠯ ᠪᠣᠯᠣᠨ ᠠᠵᠢᠯᠲᠠᠳ ᠤᠨ ᠳᠠᠪᠬᠤᠷ | ᠲᠤᠰᠢᠶᠠᠬᠤ ᠰᠦᠢᠳᠬᠡᠯ ᠤᠨ ᠡᠭᠦᠷᠭᠡ ᠶᠢ ᠬᠡᠯᠲᠦᠷᠢᠭᠦᠯᠬᠦ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠵᠡᠷᠭᠡ ᠬᠠᠮᠢᠶ᠎ᠠ | ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠨᠢᠭᠡ︶ ᠪᠡᠯᠡ ᠣᠷᠣᠭᠤᠯᠤᠯᠲᠠ ᠪᠠᠷ ᠠᠵᠢᠯ ᠤᠨ ᠡᠷᠴᠢᠮ ᠢᠶᠠᠨ ᠠᠬᠢᠭᠤᠯᠬᠤ ᠶᠢ ᠴᠢᠩᠭᠠᠳᠬᠠᠬᠤ | ᠬᠡᠷᠡᠭᠳᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶ ᠢ ᠳᠡᠮᠵᠢᠵᠦ ᠪᠠᠶᠢᠭᠠᠳ ᠪᠡᠯᠡ | ᠣᠷᠣᠭᠤᠯᠤᠯᠲᠠ ᠶᠢ ᠠᠬᠢᠭᠤᠯᠬᠤ ᠪᠡᠯᠡ ᠮᠥᠩᠭᠦᠨ ᠤ ᠳᠡᠮᠵᠢᠯᠭᠡ ᠬᠠᠩᠭᠠᠨ᠂ ᠠᠮᠵᠢᠯᠲᠠ ᠪᠦᠲᠦᠮᠵᠢ ᠶᠢᠨ ᠰᠢᠯᠭᠠᠨ | ᠬᠢᠨᠠᠬᠤ ᠶᠢ ᠴᠢᠩᠭᠠᠳᠬᠠᠵᠤ᠂ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠭᠠᠵᠠᠷ ᠣᠷᠣᠨ | ︵ᠨᠡᠭᠡᠭᠡᠯᠲᠡ ᠶᠢᠨ ᠲᠣᠭᠤᠷᠢᠭ︶ ᠢ ᠳᠡᠮᠵᠢᠵᠦ ᠪᠠᠶᠢᠭᠠᠳ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶᠡᠨ ᠳᠤ | ᠲᠤᠰᠬᠠᠢ ᠲᠥᠷᠥ ᠶᠢᠨ ᠪᠣᠳᠣᠯᠭ᠎ᠠ ᠲᠣᠭᠲᠠᠭᠠᠵᠤ᠂ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ | ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ | ᠠᠬᠤᠶᠢᠯᠠᠯ ᠵᠢᠴᠢ ᠳᠡᠭᠡᠳᠦ ᠳᠡᠰ ᠤᠨ ᠴᠢᠳᠠᠪᠤᠷᠢᠲᠠᠳ ᠢ ᠱᠠᠩᠨᠠᠬᠤ ᠬᠡᠷᠡᠭᠲᠡᠢ᠃ ᠠᠯᠪᠠᠨ ᠶᠠᠪᠤᠳᠠᠯ ᠢᠶᠠᠷ | ᠭᠠᠳᠠᠭᠠᠳᠤ ᠳᠤ ᠲᠦᠷ ᠴᠠᠭ ᠭᠠᠷᠬᠤ ᠶᠢ ᠬᠠᠮᠢᠶᠠᠷᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠭᠦᠢᠴᠡᠳ | ᠬᠡᠷᠡᠭᠯᠡᠵᠦ᠂ ᠴᠢᠬᠤᠯᠠ ᠶᠡᠭᠡ ᠲᠥᠷᠥᠯ ᠵᠦᠢᠯ ᠢ ᠵᠦᠪᠯᠡᠨ ᠶᠠᠷᠢᠯᠴᠠᠬᠤ ᠪᠠ ᠴᠢᠬᠤᠯᠠ ᠶᠡᠭᠡ ᠪᠡᠯᠡ ᠣᠷᠣᠭᠤᠯᠤᠯᠲᠠ ᠶᠢ | ᠠᠬᠢᠭᠤᠯᠬᠤ ᠠᠵᠢᠯᠯᠠᠭ᠎ᠠ ᠵᠡᠷᠭᠡ ᠠᠯᠪᠠᠨ ᠶᠠᠪᠤᠳᠠᠯ ᠢᠶᠠᠷ ᠭᠠᠳᠠᠭᠠᠳᠤ ᠳᠤ ᠠᠶᠢᠯᠴᠢᠯᠠᠬᠤ ᠪᠦᠯᠬᠦᠮ ᠤᠳ ᠲᠤ ᠲᠥᠬᠦᠮ | ᠦᠵᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶ ᠨᠢ ᠬᠤᠳᠠᠯᠳᠤᠭᠠᠴᠢᠨ ᠤᠷᠢᠵᠤ | ᠪᠡᠯᠡ ᠲᠠᠲᠠᠨ ᠣᠷᠣᠭᠤᠯᠬᠤ ᠶᠠᠪᠤᠴᠠ ᠳᠤ ᠪᠠᠨ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠲᠥᠷᠥ ᠶᠢᠨ ᠪᠣᠳᠣᠯᠭ᠎ᠠ ᠵᠢᠴᠢ ᠭᠠᠵᠠᠷ ᠰᠢᠷᠣᠢ᠂ ᠲᠥᠯᠥᠪᠵᠢᠭᠦᠯᠭᠡ ᠪᠣᠯᠣᠨ ᠣᠷᠴᠢᠨ ᠲᠣᠭᠤᠷᠢᠨ ᠤ ᠬᠠᠮᠠᠭᠠᠯᠠᠯᠲᠠ | ᠵᠡᠷᠭᠡ ᠱᠠᠭᠠᠷᠳᠠᠯᠭ᠎ᠠ ᠶᠢ ᠵᠢᠷᠤᠮᠯᠠᠨ ᠰᠠᠬᠢᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢᠶᠠᠨ ᠶᠡᠷᠦᠩᠬᠡᠶᠢᠯᠡᠨ | ᠰᠠᠶᠢᠵᠢᠷᠠᠭᠤᠯᠬᠤ ᠶᠢ ᠴᠢᠬᠤᠯᠠᠴᠢᠯᠠᠨ᠂ ᠳᠣᠲᠣᠭᠠᠳᠤ ᠭᠠᠳᠠᠭᠠᠳᠤ ᠶᠢᠨ ᠪᠡᠯᠡ ᠣᠷᠣᠭᠤᠯᠤᠭᠰᠠᠨ ᠠᠵᠤ | ᠠᠬᠤᠶᠢᠯᠠᠯ ᠤᠳ ᠲᠤ ᠡᠷᠬᠡ ᠲᠡᠭᠰᠢ ᠬᠠᠷᠠᠭᠠᠯᠵᠠᠯ ᠦᠵᠡᠭᠦᠯᠵᠦ᠂ ᠮᠠᠭᠤ ᠪᠠᠷ ᠥᠷᠢᠰᠦᠯᠳᠦᠬᠦ ᠠᠴᠠ ᠵᠠᠶᠢᠯᠠᠭᠤᠯᠬᠤ | ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠵᠠᠰᠠᠭ ᠤᠨ ᠣᠷᠳᠣᠨ ᠤ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠬᠠᠮᠢᠶ᠎ᠠ ᠪᠦᠬᠦᠢ | ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠪᠡᠯᠡ ᠣᠷᠣᠭᠤᠯᠤᠯᠲᠠ ᠶᠢ ᠬᠠᠮᠠᠭᠠᠯᠠᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠥᠨᠳᠦᠷ | ᠪᠠᠷᠢᠮᠵᠢᠶ᠎ᠠ ᠲᠠᠢ ᠪᠠᠷ ᠪᠡᠯᠡ ᠣᠷᠣᠭᠤᠯᠬᠤ ᠣᠷᠴᠢᠨ ᠨᠥᠬᠦᠴᠡᠯ ᠢ ᠪᠣᠢ ᠪᠣᠯᠭᠠᠬᠤ ᠬᠡᠷᠡᠭᠲᠡᠢ | ︵ᠠᠷᠪᠠᠨ ᠬᠤᠶᠠᠷ︶ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠰᠬᠠᠢ ᠠᠰᠢᠭ ᠤᠨ ᠬᠠᠤᠯᠢ︾ ᠵᠡᠷᠭᠡ ᠬᠠᠮᠢᠶ᠎ᠠ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ᠡᠷᠬᠡ ᠳᠤ | ᠬᠠᠯᠳᠠᠵᠤ ᠬᠤᠳᠠᠯ ᠬᠠᠭᠤᠷᠮᠠᠭ ᠢᠶᠠᠷ ᠦᠢᠯᠡᠳᠦᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠬᠤᠳᠠᠯᠳᠤᠭᠠᠨ ᠤ ᠨᠢᠭᠤᠴᠠ ᠳᠤ ᠬᠠᠯᠳᠠᠭᠰᠠᠨ᠂ ᠲᠠᠸᠠᠷ ᠤᠨ ᠲᠡᠮᠳᠡᠭ ᠢ ᠮᠠᠭᠤ ᠰᠠᠨᠠᠭ᠎ᠠ ᠲᠠᠢ ᠪᠠᠷ ᠵᠠᠪᠳᠤᠵᠤ | ᠳᠠᠩᠰᠠᠯᠠᠭᠤᠯᠤᠭᠰᠠᠨ ᠪᠠ ᠲᠠᠸᠠᠷ ᠤᠨ ᠲᠡᠮᠳᠡᠭ ᠤᠳ ᠢ ᠰᠣᠯᠪᠢᠴᠠᠭᠤᠯᠤᠨ ᠬᠡᠷᠡᠭᠯᠡᠵᠦ ᠵᠦᠢ ᠪᠤᠰᠤ ᠪᠠᠷ | ᠥᠷᠢᠰᠦᠯᠳᠦᠭᠰᠡᠨ᠂ ᠲᠤᠰᠬᠠᠢ ᠠᠰᠢᠭ ᠤᠨ ᠡᠷᠬᠡ ᠳᠤ ᠬᠠᠯᠳᠠᠵᠤ ᠬᠠᠭᠤᠷᠮᠠᠭᠯᠠᠨ ᠵᠣᠬᠢᠶᠠᠭᠰᠠᠨ᠂ ᠰᠦᠯᠵᠢᠶᠡᠨ ᠤ | ᠬᠡᠪᠯᠡᠯ ᠢ ᠬᠤᠯᠠᠭᠠᠶᠢᠯᠠᠵᠤ ᠡᠷᠬᠡ ᠳᠤ ᠬᠠᠯᠳᠠᠭᠰᠠᠨ ᠵᠡᠷᠬᠡ ᠮᠡᠳᠡᠯᠭᠡ ᠶᠢᠨ ᠥᠮᠴᠢᠯᠡᠯ ᠤᠨ ᠡᠷᠬᠡ ᠳᠤ ᠬᠠᠯᠳᠠᠵᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠤᠨ᠂ | ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ | ᠬᠡᠷᠡᠭᠲᠡᠢ᠃ ᠳᠡᠯᠡᠬᠡᠢ ᠶᠢᠨ ᠠᠷᠠᠯᠵᠢᠶ᠎ᠠ ᠶᠢᠨ ᠵᠣᠬᠢᠶᠠᠨ ᠪᠠᠶᠢᠭᠤᠯᠤᠯᠲᠠ ᠳᠤ ᠣᠷᠣᠬᠤ ᠦᠶ᠎ᠡ ᠳᠠᠬᠢ ᠮᠠᠨ ᠤ ᠤᠯᠤᠰ ᠤᠨ | ᠠᠮᠠᠯᠳᠠᠭ᠎ᠠ ᠪᠠᠨ ᠴᠢᠩᠭ᠎ᠠ ᠭᠦᠢᠴᠡᠳᠬᠡᠨ᠂ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ | ᠶᠠᠪᠤᠴᠠ ᠳᠠᠬᠢ ᠮᠡᠷᠭᠡᠵᠢᠯ ᠤᠨ ᠲᠠᠯ᠎ᠠ ᠪᠠᠷ ᠬᠢ ᠬᠠᠮᠲᠤᠷᠠᠨ ᠠᠵᠢᠯᠯᠠᠬᠤ ᠨᠥᠬᠦᠴᠡᠯ ᠢ ᠪᠡᠯᠡ ᠣᠷᠣᠭᠤᠯᠬᠤ ᠡᠯ᠎ᠡ | ᠲᠠᠯ᠎ᠠ ᠪᠠᠷ ᠢᠶᠠᠨ ᠵᠥᠪᠯᠡᠨ ᠲᠣᠭᠲᠠᠭᠠᠵᠤ᠂ ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ | ᠮᠦᠴᠢᠷ ᠨᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠠᠰᠢᠭᠯᠠᠵᠤ ᠪᠠᠶᠢᠭᠠᠳ ᠮᠡᠷᠭᠡᠵᠢᠯ ᠢᠶᠠᠨ ᠠᠯᠪᠠᠳᠠᠯᠭ᠎ᠠ ᠪᠠᠷ | ᠰᠢᠯᠵᠢᠭᠦᠯᠦᠨ ᠬᠤᠳᠠᠯᠳᠤᠭᠠᠯᠠᠵᠦ ᠪᠣᠯᠬᠤ ᠦᠭᠡᠢ᠃ ᠡᠷᠬᠡ ᠪᠠᠨ ᠬᠠᠮᠠᠭᠠᠯᠠᠬᠤ ᠳᠤ ᠲᠤᠰᠠᠯᠠᠵᠤ ᠬᠠᠪᠰᠤᠷᠬᠤ ᠪᠠ | ᠵᠢᠭᠤᠷᠠᠯᠳᠤᠭᠠᠨ ᠢ ᠬᠥᠨᠳᠡᠯᠡᠨ ᠠᠴᠠ ᠲᠠᠰᠤᠯᠵᠤ ᠡᠶᠡᠳᠡᠭᠦᠯᠬᠦ ᠪᠠᠨ ᠴᠢᠩᠭᠠᠳᠬᠠᠨ᠂ ᠮᠡᠳᠡᠯᠭᠡ ᠶᠢᠨ ᠥᠮᠴᠢᠯᠡᠯ ᠤᠨ | ᠡᠷᠬᠡ ᠶᠢᠨ ᠬᠠᠮᠠᠭᠠᠯᠠᠬᠤ ᠰᠢᠰᠲ᠋ᠧᠮᠵᠢ ᠶᠢ ᠲᠡᠭᠦᠯᠳᠡᠷᠵᠢᠬᠦᠯᠦᠨ ᠠᠬᠢᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠤᠯᠢ ᠴᠠᠭᠠᠵᠠ ᠶᠢᠨ ᠲᠢᠩᠬᠢᠮ᠂ | ᠰᠣᠶᠣᠯ ᠪᠠ ᠵᠢᠭᠤᠯᠴᠢᠯᠠᠯ ᠤᠨ ᠲᠢᠩᠬᠢᠮ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠲᠣᠪᠴᠢᠶ᠎ᠠ ᠵᠡᠷᠭᠡ ᠬᠠᠮᠢᠶ᠎ᠠ | ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠬᠤ ᠬᠠᠤᠯᠢ ᠶᠣᠰᠣᠨ ᠤ | ᠡᠷᠬᠡ ᠠᠰᠢᠭ ᠢ ᠬᠠᠮᠠᠭᠠᠯᠠᠬᠤ ᠬᠡᠷᠡᠭᠲᠡᠢ᠃ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ | ᠠᠬᠤᠶᠢᠯᠠᠯ ᠤᠳ ᠤᠨ ᠵᠠᠭᠠᠯᠳᠤᠬᠤ ᠠᠵᠢᠯ ᠳᠤ ᠲᠢᠩᠬᠢᠮ ᠤᠳ ᠤᠨ ᠬᠤᠭᠤᠷᠤᠨᠳᠤᠬᠢ ᠬᠠᠮᠲᠤᠷᠠᠭᠰᠠᠨ ᠬᠤᠷᠠᠯ ᠤᠨ | ᠳᠦᠷᠢᠮ ᠢ ᠪᠠᠶᠢᠭᠤᠯᠤᠨ᠂ ᠣᠷᠣᠨ ᠨᠤᠲᠤᠭ ᠤᠨ ᠠᠵᠢᠯ ᠶᠠᠪᠤᠳᠠᠯ ᠬᠠᠮᠢᠶᠠᠷᠬᠤ ᠡᠷᠬᠡ ᠳᠤ ᠬᠤᠯᠪᠣᠭᠳᠠᠭᠰᠠᠨ | ᠳᠦᠷᠢᠮ ᠤᠨ ᠴᠢᠨᠠᠷᠲᠠᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠠᠰᠠᠭᠤᠳᠠᠯ ᠵᠢᠴᠢ ᠠᠵᠤ ᠠᠬᠤᠶᠢᠯᠠᠯ ᠤᠳ ᠤᠨ | ᠲᠤᠰᠬᠠᠭᠰᠠᠨ ᠡᠷᠬᠡ ᠲᠡᠭᠰᠢ ᠪᠤᠰᠤ ᠬᠠᠷᠠᠭᠠᠯᠵᠠᠯ ᠤᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | ᠡᠯ᠎ᠡ ᠭᠠᠵᠠᠷ ᠣᠷᠣᠨ ︵ᠨᠡᠭᠡᠭᠡᠯᠲᠡ ᠶᠢᠨ ᠲᠣᠭᠤᠷᠢᠭ︶᠂ ᠡᠯ᠎ᠡ ᠰᠠᠯᠠᠭ᠎ᠠ ᠮᠥᠴᠢᠷ ᠨᠢ ᠭᠠᠳᠠᠭᠠᠳᠤ ᠶᠢᠨ | ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠤᠳ ᠤᠨ ᠬᠠᠤᠯᠢ ᠶᠣᠰᠣᠭᠠᠷ ᠣᠷᠣᠨ ᠪᠦᠰᠡ | ᠠᠯᠤᠰᠯᠠᠵᠤ ᠡᠵᠡᠩᠨᠡᠬᠦ᠂ ᠨᠡᠭᠦᠬᠦ᠂ ᠳᠠᠩᠰᠠᠯᠠᠯᠲᠠ ᠪᠠᠨ ᠬᠦᠴᠦᠨ ᠦᠭᠡᠢ ᠪᠣᠯᠭᠠᠬᠤ ᠵᠡᠷᠭᠡ ᠠᠵᠢᠯᠯᠠᠭ᠎ᠠ ᠶᠢ ᠨᠢ | ᠬᠢᠵᠠᠭᠠᠷᠯᠠᠵᠤ ᠪᠣᠯᠬᠤ ᠦᠭᠡᠢ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ | ᠲᠦᠷᠦᠭᠦᠯᠡᠨ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠨᠡᠭᠡᠭᠡᠯᠲᠡ ᠶᠢᠨ ᠲᠣᠭᠤᠷᠢᠭ ᠤᠨ ᠰᠢᠨ᠎ᠡ ᠡᠭᠦᠳᠦᠯᠲᠡ ᠲᠠᠢ ᠪᠠᠷ ᠳᠡᠪᠰᠢᠬᠦ ᠶᠢ ᠠᠬᠢᠭᠤᠯᠤᠨ᠂ | ᠭᠠᠳᠠᠭᠠᠳᠤ ᠪᠡᠯᠡ ᠶᠢ ᠠᠰᠢᠭᠯᠠᠬᠤ ᠴᠢᠬᠤᠯᠠ ᠲᠠᠪᠴᠠᠩ ᠤᠨ ᠦᠢᠯᠡᠳᠦᠯ ᠢ ᠴᠢᠩᠭᠠᠷᠠᠭᠤᠯᠬᠤ ᠬᠡᠷᠡᠭᠲᠡᠢ | ︵ᠠᠷᠪᠠᠨ ᠳᠥᠷᠪᠡ︶ ᠨᠡᠭᠡᠭᠡᠯᠲᠡ ᠶᠢᠨ ᠲᠣᠭᠤᠷᠢᠭ ᠤᠨ ᠭᠠᠳᠠᠭᠠᠳᠤ ᠪᠡᠯᠡ ᠶᠢᠨ ᠶᠡᠷᠦᠩᠬᠡᠶᠢᠯᠡᠭᠰᠡᠨ | ᠦᠢᠯᠡᠴᠢᠯᠡᠭᠡ ᠶᠢ ᠰᠢᠯᠢᠳᠡᠭᠵᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ | ᠲᠣᠭᠤᠷᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠠᠮᠢᠶ᠎ᠠ ᠪᠦᠬᠦᠢ ᠡᠷᠬᠡ ᠬᠢᠵᠠᠭᠠᠷᠯᠠᠯ ᠢ ᠯᠠᠪᠳᠠᠭᠤᠨ | ᠪᠦᠭᠡᠳ ᠥᠨᠳᠦᠷ ᠪᠦᠲᠦᠮᠵᠢᠲᠡᠢ ᠪᠠᠷ ᠰᠠᠶᠢᠳᠤᠷ ᠬᠡᠷᠡᠭᠯᠡᠵᠦ᠂ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ︽ᠭᠡᠷᠡᠴᠢ ᠪᠠ ᠦᠨᠡᠮᠯᠠᠯ ᠢ ᠰᠠᠯᠭᠠᠬᠤ︾ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠢ ᠠᠬᠢᠭᠤᠯᠵᠤ᠂ ᠠᠵᠢᠯ ᠶᠠᠪᠤᠳᠠᠯ ᠤᠨ ᠳᠤᠮᠳᠠᠬᠢ ᠪᠣᠯᠣᠨ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ᠃ ᠣᠯᠠᠨ ᠤᠯᠤᠰ ᠤᠨ ᠲᠡᠷᠢᠭᠦᠨ ᠤ ᠲᠤᠷᠰᠢᠯᠭ᠎ᠠ ᠶᠢ | ᠲᠣᠯᠢᠯᠠᠨ ᠯᠠᠪᠯᠠᠵᠤ᠂ ᠭᠠᠳᠠᠭᠠᠳᠤ ᠬᠤᠳᠠᠯᠳᠤᠭᠠᠴᠢᠳ ᠢ ᠵᠣᠷᠢᠬᠵᠢᠭᠤᠯᠵᠤ ᠪᠠᠶᠢᠭᠠᠳ ᠨᠡᠭᠡᠭᠡᠯᠲᠡ ᠶᠢᠨ | ᠲᠣᠭᠤᠷᠢᠭ ᠲᠠᠬᠢ ᠬᠦᠷᠢᠶᠡᠯᠡᠩ᠂ ᠨᠢᠭᠡ ᠨᠡᠭᠡᠭᠡᠯᠲᠡ ᠶᠢᠨ ᠲᠣᠭᠤᠷᠢᠭ ᠲᠤ ᠣᠯᠠᠨ ᠬᠦᠷᠢᠶᠡᠯᠡᠩ ᠭᠠᠷᠭᠠᠬᠤ ᠵᠡᠷᠭᠡ | ᠪᠠᠶᠢᠭᠤᠯᠵᠤ ᠠᠵᠢᠯᠯᠠᠭᠤᠯᠬᠤ ᠳᠤ ᠣᠷᠣᠯᠴᠠᠭᠤᠯᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠵᠡᠷᠬᠡ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠲᠠᠪᠤ︶ ᠭᠠᠳᠠᠭᠠᠳᠤ ᠪᠡᠯᠡ ᠶᠢ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠬᠢ | ᠨᠡᠭᠡᠭᠡᠯᠲᠡ ᠶᠢᠨ ᠲᠣᠭᠤᠷᠢᠭ ᠤᠳ ᠤᠨ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠬᠤ ᠬᠡᠷᠡᠭᠲᠡᠢ᠃ | ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠥᠭᠡᠷᠡᠴᠢᠯᠡᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ | ᠲᠣᠭᠲᠠᠭᠠᠨ᠂ ᠭᠠᠵᠠᠷ ᠰᠢᠷᠣᠢ ᠶᠢᠨ ᠬᠠᠳᠠᠭᠠᠯᠠᠯᠲᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠳᠡᠭᠡᠳᠦ ᠮᠡᠷᠭᠡᠵᠢᠯ ᠤᠨ | ᠪᠥᠭᠡᠳ ᠥᠨᠳᠥᠷ ᠨᠡᠮᠡᠯᠲᠡ ᠥᠷᠲᠡᠭ ᠲᠠᠢ ᠭᠠᠳᠠᠭᠠᠳᠤ ᠶᠢᠨ ᠬᠤᠳᠠᠯᠳᠤᠭᠠᠴᠢᠳ ᠤᠨ ᠪᠡᠯᠡ ᠣᠷᠣᠭᠤᠯᠤᠭᠰᠠᠨ ᠠᠵᠤ | ᠠᠬᠤᠶᠢᠯᠠᠯ ᠪᠣᠯᠣᠨ ᠲᠥᠷᠥᠯ ᠵᠦᠢᠯ ᠢ ᠲᠠᠲᠠᠨ ᠣᠷᠣᠭᠤᠯᠬᠤ ᠬᠡᠷᠡᠭᠲᠡᠢ᠃ ᠭᠠᠵᠠᠷ ᠰᠢᠷᠣᠢ ᠶᠢᠨ ᠠᠰᠢᠨᠨᠯᠠᠯᠳᠠ ᠶᠢᠨ | ᠲᠥᠯᠥᠪᠯᠡᠭᠡ ᠶᠢ ᠪᠠᠶᠢᠷᠢᠯᠠᠭᠤᠯᠤᠨ ᠲᠣᠬᠢᠷᠠᠭᠤᠯᠬᠤ ᠳᠤ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠠᠬᠢ | ᠭᠤᠣᠯ ᠤᠳᠤᠷᠢᠳᠤᠮᠵᠢᠳᠤ ᠠᠵᠤ ᠦᠢᠯᠡᠰ ᠤᠳ ᠤᠨ ᠭᠠᠳᠠᠭᠠᠳᠤ ᠪᠡᠯᠡ ᠲᠠᠲᠠᠨ ᠣᠷᠣᠭᠤᠯᠬᠤ᠂ ᠬᠡᠯᠪᠡᠷᠢ ᠪᠠᠨ | ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠬᠤ ᠵᠡᠷᠭᠡ ᠳᠤ ᠭᠠᠵᠠᠷ ᠰᠢᠷᠣᠢ ᠬᠡᠷᠡᠭᠯᠡᠬᠦ ᠲᠠᠯ᠎ᠠ ᠪᠠᠷ ᠬᠠᠷᠠᠭᠠᠯᠵᠠᠨ | ᠳᠡᠮᠵᠢᠯᠭᠡ ᠦᠵᠡᠭᠦᠯᠬᠦ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ | ᠪᠡᠯᠡ ᠲᠠᠲᠠᠨ ᠣᠷᠣᠭᠤᠯᠬᠤ ᠰᠠᠯᠠᠭ᠎ᠠ ᠮᠥᠴᠢᠷ᠂ ᠪᠦᠯᠬᠦᠮ ᠨᠡᠶᠢᠲᠡ ᠳᠤ ᠨᠡᠩ ᠠᠮᠢᠳᠤᠯᠢᠭ ᠪᠤᠯᠬᠤ ᠠᠵᠢᠯᠲᠠᠨ ᠤ | ᠶᠠᠪᠤᠳᠠᠯ ᠤᠨ ᠳᠦᠷᠢᠮ ᠢ ᠬᠡᠷᠡᠭᠵᠢᠭᠦᠯᠵᠦ᠂ ᠲᠤᠰᠬᠠᠶᠢᠵᠢᠭᠰᠠᠨ ᠪᠠ ᠵᠠᠬ᠎ᠠ ᠳᠡᠯᠭᠡᠭᠦᠷᠴᠢᠯᠡᠭᠰᠡᠨ ᠦᠢᠯᠡᠴᠢᠯᠡᠭᠡᠨ ᠤ | ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠳᠡᠯᠡᠬᠡᠶᠢᠴᠢᠯᠡᠬᠦ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ︵ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠂ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠᠨ ᠵᠢᠷᠭᠤᠭ᠎ᠠ︶ ᠨᠡᠭᠡᠭᠡᠯᠲᠡ ᠶᠢᠨ ᠲᠣᠭᠤᠷᠢᠭ ᠤᠨ ᠪᠡᠯᠡ ᠲᠠᠲᠠᠨ ᠣᠷᠣᠭᠤᠯᠬᠤ ᠳᠤ ᠮᠥᠩᠭᠦᠨ | ᠭᠦᠢᠯᠭᠡᠭᠡᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠢ᠃ ᠡᠯ᠎ᠡ ᠲᠥᠷᠥᠯ ᠤᠨ ᠪᠣᠬᠢᠷᠳᠤᠯ ᠦᠭᠡᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠰᠠᠭᠤᠷᠢ ᠮᠥᠩᠭᠦ ᠶᠢ ᠵᠠᠬ᠎ᠠ ᠳᠡᠯᠭᠡᠭᠦᠷᠴᠢᠯᠡᠭᠰᠡᠨ ᠵᠠᠷᠴᠢᠮ ᠶᠣᠰᠣᠭᠠᠷ ᠭᠦᠢᠯᠭᠡᠭᠡᠨ | ᠠᠵᠢᠯᠯᠠᠭᠤᠯᠬᠤ ᠶᠢ ᠬᠥᠲᠥᠯᠥᠨ ᠵᠢᠯᠣᠭᠤᠳᠴᠤ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠤᠨ ᠣᠷᠴᠢᠨ | ᠲᠣᠭᠤᠷᠢᠨ ᠢ ᠵᠠᠰᠠᠬᠤ ᠪᠠ ᠡᠨᠧᠷᠭᠢ ᠠᠷᠪᠢᠯᠠᠨ ᠪᠣᠬᠢᠷ ᠪᠤᠳᠠᠰ ᠭᠠᠳᠠᠭᠰᠢᠯᠠᠭᠤᠯᠬᠤ ᠶᠢ ᠪᠠᠭᠠᠰᠬᠠᠬᠤ ᠳᠤ ᠭᠠᠳᠠᠭᠠᠳᠤ | ᠪᠡᠯᠡ ᠠᠴᠠ ᠤᠷᠤᠯᠴᠠᠬᠤ ᠶᠢ ᠳᠡᠮᠵᠢᠨ᠂ ᠡᠯ᠎ᠡ ᠲᠥᠷᠥᠯ ᠤᠨ ᠨᠡᠭᠡᠭᠡᠯᠲᠡ ᠶᠢᠨ ᠲᠣᠭᠤᠷᠢᠭ ᠲᠤ ᠲᠡᠷᠢᠭᠦᠨ ᠤ ᠡᠨᠧᠷᠬᠢ | ᠠᠷᠪᠢᠯᠠᠬᠤ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠷᠭᠡᠵᠢᠯ ᠪᠣᠯᠣᠨ ᠠᠵᠤ ᠠᠬᠤᠶᠢᠯᠠᠯ ᠢ | ᠲᠠᠲᠠᠨ ᠣᠷᠣᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ ᠥᠭᠬᠦ ᠬᠡᠷᠡᠭᠲᠡᠢ᠃ ᠡᠯ᠎ᠡ ᠲᠥᠷᠥᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶ᠎ᠠ ᠪᠦᠬᠦᠢ ᠲᠥᠷᠥᠯ ᠵᠦᠢᠯ ᠳᠤ ᠪᠣᠬᠢᠷᠳᠤᠯ ᠦᠭᠡᠢ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠰᠠᠭᠤᠷᠢ ᠮᠥᠩᠭᠦᠨ ᠤ ᠪᠡᠯᠡ ᠣᠷᠣᠭᠤᠯᠬᠤ ᠶᠢ ᠳᠡᠮᠵᠢᠬᠦ ᠬᠡᠷᠡᠭᠲᠡᠢ᠃ ᠲᠥᠷᠥ ᠶᠢᠨ ᠪᠣᠳᠣᠯᠭ᠎ᠠ ᠶᠢᠨ | ᠴᠢᠨᠠᠷᠲᠠᠢ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠪᠠᠶᠢᠭᠤᠯᠤᠮᠵᠢ ᠪᠠᠶᠢᠭᠤᠯᠬᠤ ᠶᠢ ᠵᠣᠷᠢᠬᠵᠢᠭᠤᠯᠤᠨ᠂ ᠪᠡᠯᠡ | ᠲᠤᠬᠢᠷᠠᠭᠤᠯᠭ᠎ᠠ ᠶᠢᠨ ᠲᠠᠭᠠᠭᠠᠯᠳᠠ ᠬᠢᠬᠦ᠂ ᠲᠠᠬᠢᠨ ᠲᠠᠭᠠᠭᠠᠯᠳᠠ ᠬᠢᠬᠦ ᠵᠡᠷᠬᠡ ᠦᠢᠯᠡᠴᠢᠯᠡᠭᠡ ᠬᠠᠩᠭᠠᠵᠦ᠂ ᠡᠯ᠎ᠡ | ᠲᠥᠷᠥᠯ ᠤᠨ ᠨᠡᠭᠡᠭᠡᠯᠲᠡ ᠶᠢᠨ ᠲᠣᠭᠤᠷᠢᠭ ᠢ ᠳᠡᠮᠵᠢᠵᠦ ᠪᠠᠶᠢᠭᠠᠳ ᠬᠢᠯᠢ ᠶᠢᠨ ᠭᠠᠳᠠᠨᠠᠬᠢ ᠰᠢᠨ᠎ᠡ ᠡᠭᠦᠳᠦᠯᠲᠡ ᠶᠢᠨ | ᠬᠡᠯᠪᠡᠷᠢ ᠪᠦᠬᠦᠢ ᠠᠵᠦ ᠠᠬᠤᠶᠢᠯᠠᠯ᠂ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠪᠠᠶᠢᠭᠤᠯᠤᠮᠵᠢ ᠵᠡᠷᠭᠡ ᠶᠢ | ᠲᠠᠳᠠᠨ ᠤᠷᠤᠭᠤᠯᠵᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠭᠰᠠᠨ ᠬᠥᠭᠵᠢᠯᠲᠡ ᠶᠢ ᠠᠬᠢᠭᠤᠯᠬᠤ ᠬᠡᠷᠡᠭᠲᠡᠢ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠠᠮᠢ ᠠᠬᠤᠢ ᠣᠷᠴᠢᠨ ᠲᠣᠭᠤᠷᠢᠨ ᠤ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ | ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠦᠬᠦᠢ | ᠰᠠᠯᠠᠭ᠎ᠠ ᠮᠦᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ |