ᠥᠪᠡᠷᠲᠡᠭᠡᠨ ᠵᠠᠰᠠᠬᠤ ᠤᠷᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠠᠨ ᠳᠠᠬᠢ ᠳᠦᠷᠢᠮ ᠲᠤᠭᠳᠠᠭᠠᠯ ᠠᠴᠠ ᠵᠦᠷᠢᠴᠡᠵᠥ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠳᠤᠮᠳᠠ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠶᠢ ᠬᠦᠯᠢᠶᠠᠨ ᠠᠪᠴᠤ ᠰᠢᠢᠳᠪᠦᠷᠢᠯᠡᠬᠦ ᠲᠤᠬᠠᠢ ᠠᠯᠪᠠᠨ ᠵᠠᠷᠯᠠᠯ
ᠨᠡᠶᠢᠲᠡᠯᠡᠭᠰᠡᠨ ᠴᠠᠭ᠄
2020/3/2
     ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠦᠪᠯᠡᠯ ᠎ ᠤᠨ ᠬᠤᠯᠪᠤᠭᠳᠠᠯ ᠪᠦᠬᠦᠢ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠰᠠᠨᠠᠭᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠤᠭᠳᠠᠭᠠᠯ ᠠᠴᠠ ᠵᠦᠷᠢᠴᠡᠵᠥ ᠬᠠᠤᠯᠢ ᠠᠴᠠ ᠵᠦᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠦᠰᠦᠯ ᠢ ᠦᠨᠳᠦᠰᠦᠯᠡᠨ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠬᠢᠨᠠᠯᠳᠠ ᠲᠠᠯᠪᠢᠬᠤ ᠰᠠᠬᠢᠯᠭ᠎ᠠ ᠪᠠᠳᠤ ᠬᠡᠷᠡᠭᠵᠢᠭᠦᠯᠦᠨ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠶᠢᠨ ᠲᠦᠯᠦᠭᠡ᠂ ᠡᠨᠡ ᠡᠳᠦᠷ ᠠᠴᠠ ᠡᠬᠢᠯᠡᠨ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠳᠦᠷᠢᠮ ᠲᠤᠭᠳᠠᠭᠠᠯ ᠠᠴᠠ ᠵᠦᠷᠢᠴᠡᠵᠥ ᠬᠠᠤᠯᠢ ᠠᠴᠠ ᠵᠦᠷᠢᠴᠡᠭᠰᠡᠨ ᠠᠰᠠᠭᠤᠳᠠᠯ ᠤᠨ ᠲᠤᠬᠠᠢ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠶᠢ ᠪᠦᠬᠦ ᠲᠠᠯ᠎ᠠ ᠪᠠᠷ ᠬᠦᠯᠢᠶᠡᠨ ᠠᠪᠴᠤ ᠰᠢᠢᠳᠪᠦᠷᠢᠯᠡᠨ᠎ᠠ᠂ ᠤᠳᠤ ᠬᠤᠯᠪᠤᠭᠳᠠᠯ ᠪᠦᠬᠦᠢ ᠵᠦᠢᠯᠡᠰ ᠢ ᠳᠤᠤᠷᠠᠬᠢ ᠮᠡᠳᠦ ᠵᠠᠷᠯᠠᠶ᠎ᠠ᠄      ᠨᠢᠭᠡ᠂ ᠬᠦᠯᠢᠶᠡᠨ ᠠᠪᠴᠤ ᠰᠢᠢᠳᠪᠦᠷᠢᠯᠡᠬᠦ ᠬᠦ᠋ᠷᠢᠶ᠎ᠠ ᠬᠡᠪᠴᠢᠶ᠎ᠠ      ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠨᠠᠮ ᠤᠨ ᠭᠡᠰᠢᠭᠦᠨ᠂ ᠺᠠᠳ᠋ᠷ ᠵᠢᠴᠢ ᠬᠢᠨᠠᠨ ᠪᠠᠶᠢᠴᠠᠭᠠᠭᠳᠠᠬᠤ ᠡᠳᠡᠭᠡᠳ ᠤᠨ 2000 ᠣᠨ ᠠᠴᠠ ᠨᠠᠭᠠᠰᠢᠬᠢ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠰᠠᠬᠢᠯᠭ᠎ᠠ ᠪᠠᠳᠤ ᠠᠴᠠ ᠵᠦᠷᠢᠴᠡᠭᠰᠡᠨ ᠪᠤᠶᠤ ᠡᠷᠬᠡ ᠲᠤᠰᠢᠶᠠᠯ ᠢᠶᠠᠨ ᠠᠰᠢᠭᠯᠠᠨ ᠬᠠᠤᠯᠢ ᠠᠴᠠ ᠵᠦᠷᠢᠴᠡᠭᠰᠡᠨ᠂ ᠡᠷᠬᠡ ᠲᠤᠰᠢᠶᠠᠯ ᠢᠶᠠᠨ ᠠᠰᠢᠭᠯᠠᠨ ᠶᠠᠯᠠᠳᠤ ᠠᠵᠢᠯᠯᠠᠭ᠎ᠠ ᠬᠢᠭᠰᠡᠨ ᠰᠡᠵᠢᠭᠯᠡᠯᠳᠠᠢ ᠠᠰᠠᠭᠤᠳᠠᠯ ᠤᠨ ᠰᠦᠪᠡᠭᠴᠢ ᠶᠢ ᠳᠤᠰᠬᠠᠨ᠎ᠠ᠃      ᠡᠬᠦᠨ ᠳᠤ᠄      ᠨᠢᠭᠡ ᠳᠤ᠂ ᠨᠠᠮ ᠵᠠᠰᠠᠭ ᠤᠨ ᠪᠠᠶᠢᠭᠤᠯᠭ᠎ᠠ ᠶᠢᠨ ᠠᠵᠢᠯᠳᠠᠨ ᠪᠤᠯᠤᠨ ᠤᠯᠤᠰ ᠤᠨ ᠦᠮᠴᠢᠯᠡᠯ ᠤᠨ ᠠᠵᠤ ᠠᠬᠤᠢᠢᠯᠠᠯ ᠤᠨ ᠤᠳᠤᠷᠢᠳᠬᠤ ᠺᠠᠳ᠋ᠷ ᠲᠤᠭᠳᠠᠭᠠᠯ ᠠᠴᠠ ᠭᠠᠳᠠᠭᠤᠷ ᠢᠯᠡ ᠪᠠᠷ ᠪᠤᠶᠤ ᠨᠢᠭᠤᠴᠠ ᠪᠠᠷ ᠨᠡᠭᠦᠷᠡᠰᠦᠨ ᠤ ᠠᠭᠤᠷᠬᠠᠢ ᠳᠤ ᠪᠡᠯᠡ ᠤᠷᠤᠭᠤᠯᠤᠨ ᠰᠲ᠋ᠤᠺ ᠡᠵᠡᠮᠰᠢᠭᠰᠡᠨ ᠠᠰᠠᠭᠤᠳᠠᠯ ᠤᠨ ᠰᠦᠪᠡᠭᠴᠢ︔      ᠬᠤᠶᠠᠷ ᠲᠤ᠂ ᠨᠠᠮ ᠵᠠᠰᠠᠭ ᠤᠨ ᠤᠳᠤᠷᠢᠳᠬᠤ ᠺᠠᠳ᠋ᠷ ᠡᠷᠬᠡ ᠲᠤᠰᠢᠶᠠᠯ ᠢᠶᠠᠨ ᠠᠰᠢᠭᠯᠠᠨ ᠦᠪᠡᠷ ᠤᠨ ᠤᠢᠢᠷ᠎ᠠ ᠰᠠᠳᠤᠨ ᠪᠤᠶᠤ ᠤᠨᠴᠠᠭᠠᠢ ᠬᠠᠷᠢᠴᠠᠭ᠎ᠠ ᠲᠠᠢ ᠬᠦᠮᠦᠨ ᠳᠡᠭᠡᠨ ᠬᠠᠤᠯᠢ ᠪᠤᠰᠤ ᠠᠰᠢᠭ ᠤᠯᠭᠤᠭᠰᠠᠨ ᠵᠢᠴᠢ ᠳᠠᠷᠤᠭ᠎ᠠ ᠬᠤᠳᠠᠯᠳᠤᠭᠠᠴᠢᠨ ᠰᠦᠯᠪᠡᠭᠡᠯᠡᠵᠤ᠂ ᠬᠡᠬᠡᠯᠢ ᠠᠪᠴᠤ ᠬᠡᠬᠡᠯᠢ ᠢᠳᠡᠵᠤ᠂ ᠬᠠᠤᠯᠢ ᠪᠤᠰᠤ ᠠᠭᠤᠷᠬᠠᠢ ᠶᠢᠨ ᠡᠵᠡᠨ ᠤ ︽ᠬᠠᠮᠠᠭᠠᠯᠠᠭᠴᠢ︾ ᠪᠤᠯᠤᠭᠰᠠᠨ ᠵᠡᠷᠭᠡ ᠠᠰᠠᠭᠤᠳᠠᠯ ᠤᠨ ᠰᠦᠪᠡᠭᠴᠢ︔      ᠭᠤᠷᠪᠠ ᠳᠤ᠂ ᠵᠠᠰᠠᠬ ᠤᠨ ᠤᠷᠳᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠤ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠤ ᠲᠦᠯᠤᠪᠵᠢᠬᠦᠯᠤᠨ ᠲᠦᠷᠤᠯ ᠵᠦᠢᠯ ᠲᠤᠭᠳᠠᠭᠠᠬᠤ᠂ ᠲᠦᠷᠤᠯ ᠵᠦᠢᠯ ᠤᠨ ᠲᠤᠬᠢᠷᠠᠭᠤᠯᠤᠯᠳᠠ ᠬᠢᠬᠦ᠂ ᠠᠭᠤᠷᠬᠠᠢ ᠶᠢᠨ ᠤᠢᠢᠯᠡᠰ ᠢ ᠬᠢᠮᠳᠠ ᠪᠠᠷ ᠬᠤᠳᠠᠯᠳᠤᠨ ᠦᠭᠬᠦ᠂ ᠨᠡᠬᠦᠷᠡᠰᠤᠨ ᠎ ᠤ ᠡᠬᠢ ᠪᠠᠶᠠᠯᠢᠬ ᠢ ᠨᠡᠶᠢᠳᠬᠡᠬᠦ ᠪᠡ ᠨᠡᠶᠢᠯᠡᠬᠦᠯᠤᠨ ᠲᠠᠬᠢᠨ ᠵᠤᠬᠢᠶᠠᠨ ᠪᠠᠶᠢᠭᠤᠯᠬᠤ᠂ ᠤᠷᠴᠢᠨ ᠲᠤᠭᠤᠷᠢᠨ ᠤ ᠨᠦᠯᠤᠬᠡ ᠶᠢᠨ ᠦᠨᠡᠯᠠᠯᠳᠠ ᠬᠢᠬᠦ᠂ ᠠᠭᠤᠷᠬᠠᠢ ᠶᠢᠨ ᠤᠢᠢᠯᠡᠰ ᠤᠨ ᠡᠷᠬᠡ ᠶᠢᠨ ᠬᠦᠢᠴᠡᠳᠬᠡᠯ ᠬᠢᠬᠦ᠂ ᠠᠭᠤᠷᠬᠠᠢ ᠶᠢᠨ ᠤᠢᠢᠯᠡᠰ ᠤᠨ ᠡᠷᠬᠡ ᠶᠢᠨ ᠠᠰᠢᠬ ᠢ ᠰᠢᠢᠳᠪᠤᠷᠢᠯᠡᠬᠦ ᠵᠡᠷᠬᠡ ᠠᠵᠢᠯ ᠤᠨ ᠶᠠᠪᠤᠴᠠ ᠳᠠᠬᠢ ᠬᠠᠤᠯᠢ ᠲᠦᠷᠢᠮ ᠠᠴᠠ ᠵᠦᠷᠢᠴᠡᠭᠰᠡᠨ ᠰᠦᠪᠡᠭᠴᠢ ᠶᠢ ᠲᠤᠰᠬᠠᠨ᠎ᠠ︔      ᠲᠦᠷᠪᠡ ᠳᠤ᠂ ᠵᠠᠰᠠᠬ ᠤᠨ ᠤᠷᠳᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠠᠵᠢᠯᠳᠠᠨ ᠤ ᠡᠳᠤᠷ ᠲᠤᠳᠤᠮ ᠤᠨ ᠬᠢᠨᠠᠨ ᠬᠠᠮᠢᠶᠠᠷᠤᠯᠳᠠ᠂ ᠬᠠᠤᠯᠢ ᠲᠦᠷᠢᠮ ᠠᠴᠠ ᠵᠦᠷᠢᠴᠡᠭᠰᠡᠨ ᠲᠦᠷᠢᠮ ᠲᠤᠭᠳᠠᠭᠠᠯ ᠠᠴᠠ ᠵᠦᠷᠢᠴᠡᠭᠰᠡᠨ ᠤᠢᠢᠯᠡᠳᠪᠤᠷᠢᠯᠡᠯ ᠳᠤ ᠴᠤᠬᠢᠯᠳᠠ ᠦᠭᠬᠦ᠂ ᠵᠠᠰᠠᠬ ᠵᠠᠬᠢᠷᠭᠠᠨ ᠤ ᠬᠠᠤᠯᠢ ᠭᠡᠷᠡᠭᠵᠢᠬᠦᠯᠬᠦ ᠵᠡᠷᠬᠡ ᠠᠵᠢᠯ ᠎ ᠤᠨ ᠲᠠᠯ᠎ᠠ ᠪᠠᠷ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠬᠰᠠᠨ᠂ ᠡᠷᠬᠡ ᠠᠰᠢᠬ ᠢᠶᠠᠨ ᠲᠤᠷ᠎ᠠ ᠪᠠᠷ ᠢᠶᠠᠨ ᠭᠡᠷᠡᠭᠯᠡᠭᠰᠡᠨ ᠵᠡᠷᠬᠡ ᠠᠰᠠᠭᠤᠳᠠᠯ ᠤᠨ ᠰᠦᠪᠡᠭᠴᠢ ᠶᠢ ᠲᠤᠰᠬᠠᠨ᠎ᠠ︔      ᠲᠠᠪᠤ ᠳᠤ᠂ ᠨᠡᠬᠦᠷᠡᠰᠤᠨ ᠠᠭᠤᠷᠬᠠᠢ ᠶᠢᠨ ᠠᠮᠤᠷ ᠲᠦᠪᠰᠢᠨ ᠤ ᠠᠳᠡᠯ ᠤᠨ ᠠᠷᠤ ᠳᠠᠬᠢ ᠬᠠᠷᠢᠭᠤᠴᠠᠯᠭ᠎ᠠ ᠠᠯᠳᠠᠵᠤ ᠲᠤᠰᠢᠶᠠᠯ ᠢᠶᠠᠨ ᠭᠤᠳᠤᠭᠠᠬᠰᠠᠨ᠂ ᠢᠯᠵᠠᠷᠠᠯ ᠤᠨ ᠠᠰᠠᠭᠤᠳᠠᠯ ᠤᠨ ᠰᠦᠪᠡᠭᠴᠢ ᠶᠢ ᠲᠤᠰᠬᠠᠨ᠎ᠠ︔      ᠵᠢᠷᠭᠤᠭ᠎ᠠ ᠳᠤ᠂ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠤ ᠬᠤᠯᠪᠤᠬᠳᠠᠬᠰᠠᠨ ᠪᠤᠰᠤᠳ ᠰᠦᠪᠡᠭᠴᠢ ᠎ ᠶᠢ ᠲᠤᠰᠬᠠᠬᠤ ᠶᠢ ᠪᠠᠭᠳᠠᠭᠠᠨ᠎ᠠ᠃      ᠬᠤᠶᠠᠷ᠂ ᠢᠯᠠᠴᠢᠯᠠᠨ ᠮᠡᠳᠡᠬᠦᠯᠬᠦ ᠠᠷᠭ᠎ᠠ ᠬᠡᠯᠪᠡᠷᠢ      ᠵᠠᠬᠢᠳᠠᠯ ᠢᠯᠡᠬᠡᠬᠦ ᠬᠠᠶ᠋ᠢᠬ᠄ ᠬᠦᠬᠡᠬᠤᠳᠠ ᠶᠢᠨ ᠰᠢᠨ᠎ᠠ ᠬᠤᠳᠠ ᠲᠤᠭᠤᠷᠢᠬ ᠤᠨ ᠬᠤᠶᠢᠳᠤ ᠵᠡᠬᠡᠯᠢ ᠶᠢᠨ ᠴᠢᠩ ᠴᠧᠩ ᠭᠤᠳᠤᠮᠵᠢ ᠶᠢᠨ 1 ᠳ᠋ᠤᠬᠡᠷ ᠨᠤᠮᠧᠷ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠬ ᠬᠤᠷᠢᠶᠠᠮᠤ      ᠰᠢᠤᠳᠠᠨ ᠨᠤᠮᠧᠷ᠄ 010015      ᠰᠤᠷᠪᠤᠯᠵᠢᠯᠠᠭ᠎ᠠ ᠬᠦᠯᠢᠶᠡᠨ ᠠᠪᠬᠤ ᠭᠠᠵᠠᠷ᠄ ᠬᠦᠬᠡᠬᠤᠳᠠ ᠶᠢᠨ ᠰᠢᠨ᠎ᠠ ᠬᠤᠳᠠ ᠲᠤᠭᠤᠷᠢᠬ ᠤᠨ ᠬᠤᠶᠢᠳᠤ ᠵᠡᠬᠡᠯᠢ ᠶᠢᠨ ᠴᠢᠩ ᠴᠧᠩ ᠭᠤᠳᠤᠮᠵᠢ ᠶᠢᠨ 1 ᠳ᠋ᠤᠬᠡᠷ ᠨᠤᠮᠧᠷ      ᠢᠯᠡᠴᠢᠯᠡᠨ ᠮᠡᠳᠡᠬᠦᠯᠬᠦ ᠤᠳᠠᠰᠤ᠄ 12388 ︵ᠪᠦᠬᠦ ᠤᠷᠤᠨ ᠤ ᠨᠢᠬᠡᠳᠤᠯᠳᠠᠢ ᠢᠯᠡᠴᠢᠯᠡᠨ ᠮᠡᠳᠡᠬᠦᠯᠬᠦ ᠤᠳᠠᠰᠤ ᠶᠢᠨ ᠨᠤᠮᠧᠷ᠂ ᠤᠷᠤᠨ ᠤ ᠭᠠᠳᠠᠨ᠎ᠠ ᠠᠴᠠ ᠤᠳᠠᠰᠤ ᠶᠠᠪᠤᠭᠤᠯᠬᠤ ᠳᠤ ᠤᠷᠤᠨ ᠤ ᠨᠤᠮᠧᠷ ᠢ ᠡᠮᠤᠨ᠎ᠠ ᠨᠢ ᠨᠡᠮᠡᠨ᠎ᠠ︶      ᠰᠦᠯᠵᠢᠶᠠᠨ ᠲᠡᠬᠡᠷ᠎ᠠ ᠢᠯᠡᠴᠢᠯᠡᠨ ᠮᠡᠳᠡᠬᠦᠯᠬᠦ ᠬᠠᠶ᠋ᠢᠬ᠄ neimeng.12388.gov.cn      ᠨᠡᠶᠢᠬᠡᠮ ᠤᠨ ᠡᠯ᠎ᠠ ᠡᠳᠡᠬᠡᠳ᠂ ᠦᠷᠬᠡᠨ ᠤᠯᠠᠨ ᠠᠷᠠᠳ ᠲᠦᠮᠡᠨ ᠨᠡᠬᠦᠷᠡᠰᠤᠨ ᠤ ᠡᠬᠢ ᠪᠠᠶᠠᠯᠢᠬ ᠤᠨ ᠬᠦᠷᠢᠶᠠᠨ ᠳᠠᠬᠢ ᠲᠦᠷᠢᠮ ᠳᠤᠬᠳᠠᠭᠠᠯ ᠠᠴᠠ ᠵᠦᠷᠢᠴᠡᠵᠥ ᠬᠠᠤᠯᠢ ᠠᠴᠠ ᠵᠦᠷᠢᠴᠡᠭᠰᠡᠨ ᠠᠰᠠᠭᠤᠳᠠᠯ ᠤᠨ ᠰᠦᠪᠡᠭᠴᠢ ᠎ ᠶᠢ ᠦᠨᠡᠨ ᠮᠦᠨ ᠢᠶᠠᠷ ᠨᠢ ᠢᠳᠡᠪᠬᠢᠳᠠᠢ ᠲᠤᠰᠬᠠᠬᠤ ᠶᠢ ᠬᠦᠰᠡᠵᠤ ᠪᠠᠶᠢᠨ᠎ᠠ᠃ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠢᠨ ᠢᠯᠡᠴᠢᠯᠠᠨ ᠮᠡᠳᠡᠬᠦᠯᠦᠭᠰᠡᠨ ᠬᠦᠮᠤᠨ ᠪᠠ ᠢᠯᠡᠴᠢᠯᠡᠨ ᠮᠡᠳᠡᠬᠦᠯᠦᠭᠰᠡᠨ ᠠᠭᠤᠯᠭ᠎ᠠ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠬᠠᠤᠯᠢ ᠶᠤᠰᠤᠭᠠᠷ ᠢᠯᠡᠴᠢᠯᠡᠨ ᠮᠡᠳᠡᠬᠦᠯᠦᠭᠰᠡᠨ ᠬᠦᠮᠤᠨ ᠤ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠨ᠎ᠠ᠃      ᠳᠤᠮᠳᠠᠳᠤ ᠤᠯᠤᠰ ᠤᠨ ᠡᠪ ᠬᠠᠮᠳᠤ ᠨᠠᠮ ᠤᠨ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ      ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠢᠨᠠᠨ ᠪᠠᠶᠢᠴᠠᠭᠠᠬᠤ ᠵᠦᠪᠯᠡᠯ                              2020 ᠣᠨ ᠤ 2 ᠰᠠᠷ᠎ᠠ ᠶᠢᠨ 28᠎ ᠤ ᠡᠳᠤᠷ
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号