ᠮᠠᠨ ᠤ ᠣᠷᠣᠨ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠠᠷᠠᠳ ᠣᠯᠠᠨ ᠤ ︽ᠬᠤᠯᠢᠰᠢᠨ ᠢᠳᠡᠭᠡᠨ︾᠎ ᠢ ᠲᠣᠭᠲᠠᠪᠤᠷᠢᠵᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/3/2
     ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠮᠠᠨ ᠤ ᠣᠷᠣᠨ ︽ᠬᠤᠯᠢᠰᠢᠨ ᠢᠳᠡᠭᠡᠨ︾᠎ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠠᠭᠤᠯᠭ᠎ᠠ ᠪᠠᠨ ᠪᠣᠯᠭᠠᠨ ᠠᠳᠬᠤᠵᠤ᠂ ᠠᠷᠭ᠎ᠠ ᠪᠦᠬᠦᠨ ᠢ ᠰᠦᠪᠡᠭᠴᠢᠯᠡᠨ ︽ᠬᠤᠯᠢᠰᠢᠨ ᠢᠳᠡᠭᠡᠨ︾᠎ ᠤ ᠬᠠᠩᠭᠠᠯᠭ᠎ᠠ ᠶᠢ ᠪᠠᠲᠤᠯᠠᠪᠠ᠃ ᠣᠳᠣᠬᠠᠨ ᠳᠤ᠂ ᠪᠥᠬᠦ ᠣᠷᠣᠨ ᠤ ︽ᠬᠤᠯᠢᠰᠢᠨ ᠢᠳᠡᠭᠡᠨ︾᠎ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠦᠨᠳᠦᠰᠦᠨ ᠳᠤ ᠪᠠᠨ ᠲᠣᠭᠲᠠᠭᠤᠨ ᠪᠠᠶᠢᠨ᠎ᠠ᠃      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠮᠠᠨ ᠤ ᠣᠷᠣᠨ ︽ᠬᠤᠯᠢᠰᠢᠨ ᠢᠳᠡᠭᠡᠨ︾᠎ ᠤ ᠪᠦᠲᠦᠭᠡᠭᠳᠡᠬᠦᠨ ᠤ ᠦᠢᠯᠡᠳᠪᠦᠷᠢᠯᠡᠯ᠂ ᠬᠡᠷᠡᠭᠴᠡᠭᠡ᠂ ᠬᠠᠩᠭᠠᠯᠭ᠎ᠠ᠂ ᠦᠨ᠎ᠡ ᠬᠠᠩᠰᠢ ᠶᠢᠨ ᠪᠠᠶᠢᠳᠠᠯ ᠤᠨ ᠲᠣᠬᠢᠷᠠᠭᠤᠯᠤᠯᠲᠠ ᠶᠢ ᠴᠢᠩᠭᠠᠳᠬᠠᠵᠤ᠂ ︽ᠬᠤᠯᠢᠰᠢᠨ ᠢᠳᠡᠭᠡᠨ ︾᠎ ᠤ ᠪᠦᠲᠦᠭᠡᠭᠳᠡᠬᠦᠨ ᠤ ᠦᠢᠯᠡᠳᠪᠦᠷᠢᠯᠡᠬᠦ᠂ ᠴᠢᠨᠠᠷ ᠢ ᠪᠠᠲᠤᠯᠠᠬᠤ᠂ ᠬᠠᠩᠭᠠᠬᠤ ᠡᠳᠦᠷ ᠬᠤᠭᠤᠴᠠᠭ᠎ᠠ ᠶᠢ ᠲᠣᠬᠢᠷᠠᠭᠤᠯᠵᠦ᠂ ᠭᠠᠷᠤᠯᠲᠠ ᠶᠢᠨ ᠣᠷᠣᠨ ᠪᠠ ᠪᠣᠷᠣᠯᠠᠭᠤᠯᠬᠤ ᠣᠷᠣᠨ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠬᠠᠷᠢᠯᠴᠠᠨ ᠵᠣᠯᠭᠠᠯᠴᠠᠭᠤᠯᠬᠤ ᠲᠣᠭᠳᠠᠭᠤᠨ ᠬᠠᠷᠢᠴᠠᠭ᠎ᠠ ᠶᠢ ᠪᠠᠶᠢᠭᠤᠯᠵᠦ᠂ ︽ᠬᠤᠯᠢᠰᠢᠨ ᠢᠳᠡᠭᠡᠨ︾᠎ ᠤ ᠬᠠᠩᠭᠠᠯᠭ᠎ᠠ ᠶᠢ ᠲᠣᠭᠲᠠᠭᠤᠨ ᠪᠠᠶᠢᠯᠭᠠᠵᠤ᠂ ᠠᠵᠤ ᠦᠢᠯᠡᠰ ᠤᠨ ᠬᠥᠭᠵᠢᠯᠲᠡ ᠡᠷᠡᠭᠦᠯ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨ ᠬᠦ ᠪᠠᠲᠤᠯᠠᠪᠠ᠃ ᠣᠳᠣᠬᠠᠨ ᠳᠤ᠂ ᠪᠥᠬᠦ ᠣᠷᠣᠨ ᠳᠤ 30 ᠲᠦᠮᠡᠨ ᠮᠥ ᠪᠡᠯᠡᠳᠬᠡᠮᠵᠢᠲᠦ ᠬᠦᠯᠡᠮᠵᠢ ᠶᠢᠨ ᠢᠳᠡᠰᠢᠨ ᠨᠣᠭᠤᠭ᠎ᠠ ᠪᠠᠶᠢᠵᠤ᠂ ᠣᠶᠢᠷ᠎ᠠ ᠶᠢᠨ 2 ᠰᠠᠷ᠎ᠠ ᠶᠢᠨ ᠤᠨᠠᠯᠲᠠ ᠨᠢ 46 ᠲᠦᠮᠡᠨ ᠲᠣᠨ ᠳᠤ ᠬᠦᠷᠬᠦ ᠪᠦᠭᠡᠳ ᠪᠠᠰᠠ 20 ᠲᠦᠮᠡᠨ ᠲᠣᠨ ᠲᠥᠮᠥᠰᠥ ᠶᠢ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ ᠲᠤ ᠭᠠᠷᠭᠠᠬᠤ ᠪᠣᠯᠤᠨ᠎ᠠ᠃ ᠤᠯᠠᠭᠠᠨᠬᠠᠳᠠ ᠬᠤᠲᠠ ᠶᠢ ᠭᠠᠷᠭᠠᠪᠠᠯ᠂ ᠪᠤᠰᠤᠳ ᠠᠶᠢᠮᠠᠭ ᠬᠤᠲᠠ ᠭᠤᠤᠯᠳᠠᠭᠤ ᠭᠠᠳᠠᠷ ᠣᠷᠣᠨ ᠠᠴᠠ ᠰᠢᠯᠵᠢᠭᠦᠯᠦᠨ ᠣᠷᠤᠭᠤᠯᠬᠤ ᠳᠤ ᠲᠦᠰᠢᠭᠯᠡᠨ᠂ ᠡᠯ᠎ᠡ ᠭᠠᠵᠠᠷ ᠤᠨ ᠪᠠᠷᠠᠭ᠎ᠠ ᠣᠷᠣᠭᠤᠯᠬᠤ ᠵᠠᠮ ᠱᠤᠭᠤᠮ ᠰᠠᠭᠠᠳ ᠥᠬᠡᠶ ᠪᠠᠶᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠨ᠎ᠠ᠃      ᠪᠦᠬᠦ ᠣᠷᠣᠨ ᠤ ᠡᠯ᠎ᠡ ᠭᠠᠵᠠᠷ ᠤᠨ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠦᠢᠯᠡᠳᠪᠦᠷᠢᠯᠡᠯ ᠤᠨ ᠮᠡᠷᠭᠡᠵᠢᠯ ᠤᠨ ᠵᠢᠯᠣᠭᠤᠳᠤᠯᠭ᠎ᠠ ᠪᠣᠯᠤᠨ ᠦᠢᠯᠡᠴᠢᠯᠡᠭᠡ ᠶᠢ ᠦᠨᠡᠨ ᠬᠦ ᠰᠠᠶᠢᠲᠤᠷ ᠬᠢᠵᠦ᠂ ᠡᠯ᠎ᠡ ᠭᠠᠵᠠᠷ ᠢ ᠵᠢᠯᠣᠭᠤᠳᠣᠨ ᠡᠪᠦᠯ ᠤᠨ ᠤᠯᠠᠷᠢᠯ ᠤᠨ ᠦᠢᠯᠡᠳᠪᠦᠷᠢᠯᠡᠯ ᠤᠨ 30 ᠲᠦᠮᠡᠨ ᠮᠦ ᠪᠡᠯᠡᠳᠬᠡᠮᠵᠢᠲᠦ ᠬᠦᠯᠡᠮᠵᠢ ᠶᠢᠨ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠪᠴᠢᠲᠤ ᠨᠣᠭᠤᠭ᠎ᠠ ᠪᠣᠯᠤᠨ ᠲᠦᠷᠭᠡᠨ ᠤᠷᠭᠤᠬᠤ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠢ ᠵᠣᠬᠢᠰᠲᠠᠶ ᠨᠡᠮᠡᠭᠳᠡᠭᠦᠯᠦᠨ᠂ ᠢᠳᠡᠰᠢᠨ ᠨᠣᠭᠤᠭ᠎ᠠ ᠶᠢᠨ ᠲᠣᠭᠲᠠᠭᠤᠨ ᠬᠠᠩᠭᠠᠯᠲᠠ ᠶᠢ ᠪᠠᠲᠤᠯᠠᠵᠤ ᠪᠣᠢ᠃ ᠡᠯ᠎ᠡ ᠭᠠᠵᠠᠷ ᠤᠳ ᠬᠠᠪᠤᠷ ᠤᠨ ᠤᠯᠠᠷᠢᠯ ᠤᠨ ᠮᠠᠯ ᠠᠵᠤ ᠠᠬᠤᠶ ᠶᠢᠨ ᠦᠢᠯᠡᠳᠪᠦᠷᠢᠯᠡᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠲᠥᠯ ᠲᠣᠰᠴᠤ ᠪᠤᠶᠢᠵᠢᠭᠤᠯᠬᠤ ᠠᠵᠢᠯ ᠢ ᠰᠠᠶᠢᠲᠤᠷ ᠠᠳᠬᠤᠨ᠂ ᠮᠠᠯ ᠵᠢᠭᠦᠷᠲᠡᠨ ᠤ ᠪᠣᠷᠣᠯᠠᠭᠤᠯᠭ᠎ᠠ ᠶᠢ ᠴᠠᠭ ᠲᠤᠬᠠᠶ ᠳᠤᠨᠢ ᠰᠠᠶᠢᠲᠤᠷ ᠬᠢᠵᠦ᠂ ᠮᠢᠬ᠎ᠠ ᠥᠨᠳᠡᠭᠡ ᠰᠦᠨ ᠤ ᠭᠠᠷᠤᠯᠲᠠ ᠶᠢᠨ ᠦᠢᠯᠡᠳᠪᠦᠷᠢᠯᠡᠯ ᠬᠠᠩᠭᠠᠯᠭ᠎ᠠ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ ᠪᠠᠶᠢᠨ᠎ᠠ᠃     ︽ᠬᠤᠯᠢᠰᠢᠨ ᠢᠳᠡᠭᠡᠨ︾᠎ ᠤ ᠦᠢᠯᠡᠳᠪᠦᠷᠢᠯᠡᠯ ᠤᠨ ᠬᠠᠩᠭᠠᠯᠭ᠎ᠠ ᠶᠢ ᠪᠠᠲᠤᠯᠠᠬᠤ ᠶᠢ ᠤᠯᠠᠮ ᠰᠠᠶᠢᠲᠤᠷ ᠠᠳᠬᠤᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠢᠳᠡᠪᠬᠢᠲᠡᠶ ᠪᠠᠷ ᠠᠷᠭ᠎ᠠ ᠬᠡᠮᠵᠢᠶ᠎ᠡ ᠠᠪᠴᠤ᠂ ︽ᠬᠤᠯᠢᠰᠢᠨ ᠢᠳᠡᠭᠡᠨ︾᠎ ᠢ ᠦᠢᠯᠡᠳᠪᠦᠷᠢᠯᠡᠵᠦ ᠳᠡᠶᠢᠯᠬᠦ᠂ ᠲᠡᠭᠡᠭᠡᠪᠦᠷᠢᠯᠡᠵᠦ ᠳᠡᠶᠢᠯᠬᠦ᠂ ᠬᠠᠩᠭᠠᠵᠤ ᠳᠡᠶᠢᠯᠬᠦ ᠶᠢ ᠥᠨᠡᠨ ᠬᠦ ᠪᠠᠲᠤᠯᠠᠪᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠨᠢ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ᠂ ᠳᠣᠲᠣᠭᠠᠳᠤ ᠶᠢ ᠬᠠᠮᠠᠭᠠᠯᠠᠬᠤ ᠲᠢᠩᠬᠢᠮ ᠲᠠᠢ ᠬᠠᠮᠲᠤᠷᠠᠨ ︽︿ᠬᠤᠯᠢᠰᠢᠨ ᠢᠳᠡᠭᠡᠨ﹀ ᠪᠣᠯᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠡᠪ ᠤᠨ ᠭᠦᠢᠯᠭᠡᠭᠡᠨ ᠤ ᠡᠮᠬᠢ ᠳᠢᠭᠯᠢᠮ ᠢ ᠥᠨᠡᠨ ᠬᠦ ᠪᠠᠲᠤᠯᠠᠬᠤ ᠲᠤᠬᠠᠶ ᠪᠠᠴᠢᠮ ᠮᠡᠳᠡᠭᠳᠡᠯ︾᠎ ᠢ ᠨᠡᠶᠢᠲᠡᠯᠡᠵᠦ᠂ ᠠᠮᠢᠳᠤ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠦᠢᠯᠡᠳᠪᠦᠷᠢᠯᠡᠯ ᠤᠨ ᠬᠡᠷᠡᠭᠰᠡᠯ ᠤᠨ ᠲᠡᠭᠡᠭᠡᠪᠦᠷᠢ ᠶᠢᠨ ᠲᠡᠷᠭᠡ ᠬᠥᠰᠬᠡ ᠳᠤ ︽ᠰᠠᠭᠠᠳ ᠦᠭᠡᠶ ᠨᠡᠪᠲᠡᠷᠡᠬᠦ ᠵᠠᠮ︾᠎ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠬᠡᠷᠡᠭᠰᠡᠯ ᠢ ᠰᠠᠭᠠᠳ ᠦᠭᠡᠶ ᠰᠢᠯᠵᠢᠭᠦᠯᠦᠨ ᠲᠡᠭᠡᠭᠡᠪᠦᠷᠢᠯᠡᠬᠦ ᠶᠢ ᠪᠠᠲᠤᠯᠠᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号