ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠬᠤᠷᠠᠯᠳᠤᠪᠠ  ᠪᠦ᠋ ᠰᠢᠶᠤᠤ ᠯᠢᠨ ᠡᠸᠦ ᠶᠠᠩ ᠰᠢᠶᠤᠤ ᠬᠤᠢ ᠴᠣᠬᠤᠯᠠᠪᠤᠷᠢ ᠥᠭᠴᠡᠢ
ᠨᠡᠶᠢᠲᠡᠯᠡᠭᠰᠡᠨ ᠴᠠᠭ᠄
2020/3/2
     2 ᠰᠠᠷ᠎ᠠ ᠶᠢᠨ 28᠎ ᠤ ᠡᠳᠦᠷ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠸᠢᠳᠢᠣ᠋ ᠬᠤᠷᠠᠯ ᠤᠨ ᠬᠡᠯᠪᠡᠷᠢ ᠪᠠᠷ ᠬᠤᠷᠠᠯᠳᠤᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠤᠤ ᠯᠢᠨ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠬᠤᠶ ᠬᠤᠷᠠᠯ ᠳᠤ ᠴᠣᠬᠤᠯᠠᠪᠤᠷᠢ ᠥᠭᠴᠡᠢ᠃      ᠪᠦ᠋ ᠰᠢᠶᠤᠤ ᠯᠢᠨ ᠴᠣᠬᠤᠯᠠᠪᠤᠷᠢ ᠳᠠᠭᠠᠨ᠂ 2019 ᠣᠨ ᠳᠤ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠶᠡᠷᠦᠩᠬᠡᠶ ᠱᠦᠵᠢ ᠰᠢ ᠶᠢᠨ ᠫᠢᠩ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠷᠡᠰ ᠰᠢᠭᠤᠷᠬᠠᠶ ᠪᠠᠷ ᠥᠭᠡᠷᠡᠴᠢᠯᠡᠯᠲᠡ ᠬᠢᠵᠦ᠂ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠪᠦᠲᠦᠮᠵᠢ ᠣᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃ ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠪᠠ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠰᠡᠬᠦᠯ ᠬᠤᠷᠢᠶᠠᠬᠤ ᠵᠢᠯ ᠪᠣᠯᠤᠨ᠎ᠠ᠂ ᠪᠦᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠎ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠎ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠦᠨᠡᠨ ᠬᠦ ᠴᠢᠩᠭᠠᠳᠬᠠᠨ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠮᠡᠳᠡᠯᠭᠡ ᠶᠢᠨ ᠥᠮᠴᠢᠯᠡᠯ ᠤᠨ ᠡᠷᠬᠡ ᠪᠠ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ  ᠶᠢᠨ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠬᠠᠮᠤᠭ ᠤᠨ ᠢᠳᠡ ᠠᠪᠬᠤ ᠵᠠᠩᠭᠢᠯᠠᠭ᠎ᠠ ᠶᠢᠨ ᠱᠠᠲᠤᠨ ᠳᠤ ᠪᠤᠢ᠂ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠥᠴᠢᠷ ᠤᠨ ᠬᠢᠨ ᠦᠢᠯᠡᠳᠦᠯ ᠴᠢᠳᠠᠪᠬᠢ ᠪᠠᠨ ᠭᠦᠢᠴᠡᠳ ᠪᠠᠳᠠᠷᠠᠭᠤᠯᠵᠤ᠂ ᠶᠠᠰᠤ ᠴᠢᠨᠠᠷ ᠢ ᠪᠠᠲᠤᠯᠠᠬᠤ᠂ ᠦᠨ᠎ᠡ ᠬᠠᠩᠰᠢ ᠶᠢ ᠪᠠᠲᠤᠯᠠᠬᠤ᠂ ᠬᠠᠩᠭᠠᠯᠭ᠎ᠠ ᠶᠢ ᠪᠠᠲᠤᠯᠠᠬᠤ᠂ ᠡᠮᠬᠢ ᠲᠢᠭᠯᠢᠮ ᠢ ᠪᠠᠲᠤᠯᠠᠬᠤ ᠵᠡᠷᠭᠡ ᠡᠯ᠎ᠡ ᠵᠦᠢᠯ ᠤᠨ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠡᠡᠯᠠᠯᠳᠠ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠬᠡᠵᠥ ᠵᠢᠭᠠᠵᠥ ᠭᠠᠷᠭᠠᠪᠠ᠃      ᠡᠸᠤ ᠶᠠᠩ ᠰᠢᠶᠤᠤ ᠬᠤᠶ ᠴᠣᠬᠤᠯᠠᠪᠤᠷᠢ ᠳᠠᠭᠠᠨ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠳᠤᠮᠳᠠ ᠰᠠᠨᠠᠭᠠᠴᠢᠯᠠᠭ᠎ᠠ ᠠᠴᠠ ᠪᠠᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳᠦᠯᠲᠡᠶ ᠲᠥᠯᠥᠪᠵᠢᠭᠦᠯᠬᠦ ᠠᠵᠢᠯ ᠢ ᠨᠠᠷᠢᠨ ᠬᠢᠨᠠᠮᠠᠭᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠥ ᠦᠢᠯᠡᠳᠪᠦᠷᠢᠯᠡᠯ ᠢᠶᠠᠨ ᠰᠡᠷᠭᠦᠭᠡᠬᠦ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂  ᠬᠢᠵᠢᠭ ᠤᠨ ᠪᠠᠶᠢᠳᠠᠯ ᠎ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠪᠠ ᠦᠨ᠎ᠡ ᠬᠠᠩᠰᠢ ᠶᠢᠨ ᠲᠣᠭᠲᠠᠭᠤᠨ ᠪᠠᠶᠢᠳᠠᠯ ᠢ ᠰᠠᠶᠢᠲᠤᠷ ᠬᠠᠮᠠᠭᠠᠯᠠᠬᠤ ᠮᠥᠷᠲᠡᠭᠡᠨ ᠪᠠᠰᠠ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠶᠢᠨ ᠬᠢᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠭᠰᠡᠨ ᠤᠷᠢᠲᠠᠯ ᠳᠣᠤᠷ᠎ᠠ ᠡᠵᠡᠩᠨᠡᠯᠲᠡ ᠶᠢᠨ ᠡᠮᠬᠢ ᠲᠢᠭᠯᠢᠮ ᠢᠶᠠᠨ ᠡᠮᠬᠢ ᠵᠢᠷᠤᠮ ᠲᠠᠢ ᠪᠠᠷ ᠰᠡᠷᠭᠦᠭᠡᠬᠦ ᠶᠢ ᠵᠢᠭᠠᠨ ᠵᠢᠯᠤᠭᠤᠳᠬᠤ ᠬᠡᠷᠡᠭᠲᠡᠶ ᠬᠡᠪᠡ᠃      2020 ᠣᠨ ᠳᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠪᠠᠷ ᠭᠤᠤᠯᠳᠠᠭᠤᠯᠬᠤ︾᠎ ᠶᠢ ᠪᠠᠷᠢᠮᠲᠠᠯᠠᠵᠥ᠂ ︽ᠭᠤᠷᠪᠠᠨ ᠶᠡᠭᠡ ᠬᠠᠷᠠᠯᠲᠠ︾᠎ ᠶᠢᠨ ᠲᠣᠭᠤᠷᠢᠨ ᠳᠤ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠵᠤ᠂ ᠢᠳᠡᠭᠡᠨ᠂ ᠡᠮ ᠤᠨ ᠵᠦᠢᠯᠡᠰ᠂ ᠣᠨᠴᠠ ᠲᠥᠷᠥᠯ ᠤᠨ ᠲᠤᠨᠤᠭ ᠲᠥᠬᠦᠭᠡᠷᠦᠮᠵᠢ᠂ ᠴᠢᠬᠤᠯᠠ ᠠᠵᠤ ᠦᠢᠯᠡᠳᠪᠦᠷᠢ  ᠶᠢᠨ ᠦᠶ᠋ᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠬᠢᠨ᠂ ︽ᠢᠳᠡᠵᠦ ᠡᠮᠦᠰᠬᠦ ᠶᠠᠪᠤᠵᠤ ᠰᠠᠭᠤᠬᠤ︾ ᠳᠥᠷᠪᠡᠨ ᠶᠡᠭᠡ ᠬᠦᠷᠢᠶᠠᠨ ᠎ ᠤ ᠴᠡᠭᠴᠡᠯᠡᠨ ᠵᠠᠰᠠᠯᠳᠠ ᠶᠢ ᠪᠥᠬᠦ ᠬᠦᠴᠦᠨ ᠢᠶᠠᠷ ᠠᠬᠢᠭᠤᠯᠵᠤ᠂ ︽ᠦᠪᠦᠷ ᠮᠣᠩᠭᠤᠯ︾ ᠦᠰᠦᠭ ᠤᠨ ᠲᠡᠮᠳᠡᠭ ᠤᠨ ᠭᠡᠷᠡᠴᠢᠯᠡᠯ ᠬᠢᠬᠦ᠂ ︽ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠤᠨ ᠬᠥᠭᠵᠢᠯᠲᠡ︾ ᠵᠡᠷᠭᠡ ︽ᠳᠥᠷᠪᠡᠨ ᠶᠡᠭᠡ ᠠᠵᠢᠯᠯᠠᠭ᠎ᠠ︾᠎ ᠶᠢ ᠭᠦᠨᠵᠡᠭᠡᠶ ᠥᠷᠨᠢᠭᠦᠯᠤᠨ᠂ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠥᠭᠵᠢᠯᠲᠡ ᠪᠠ ᠬᠠᠮᠠᠭᠠᠯᠠᠯᠲᠠ ᠶᠢᠨ ᠠᠵᠢᠯ ᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠲᠦᠪ ᠭᠤᠤᠯᠴᠢ ᠥᠷᠢᠰᠥᠯᠳᠦᠭᠡᠨ ᠢ ᠬᠠᠮᠠᠭᠠᠯᠠᠨ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠠᠵᠢᠯ ᠢ ᠬᠦᠴᠦᠯᠡᠨ ᠴᠢᠩᠭᠠᠳᠬᠠᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠢᠨᠠᠯᠲᠠ ᠬᠠᠮᠢᠶᠠᠷᠤᠯᠲᠠ ᠶᠢᠨ ᠦᠢᠯᠡᠳᠦᠯ ᠴᠢᠳᠠᠪᠬᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠪᠥᠬᠦ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠎ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号