ᠮᠠ ᠰᠢᠤᠸᠠᠢ ᠵᠢᠶᠦ᠋ᠨ ᠪᠤᠭᠤᠳᠤ ᠬᠤᠳᠠ ᠳᠤ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠳᠡ ᠬᠢᠬᠦ ᠳᠡᠭᠡᠨ ᠴᠢᠬᠤᠯᠠᠴᠢᠯᠠᠬᠰᠠᠠ ᠨᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠢᠬᠦ ᠬᠡᠷᠡᠭᠳᠡᠢ
ᠨᠡᠶᠢᠲᠡᠯᠡᠭᠰᠡᠨ ᠴᠠᠭ᠄
2020/3/2
     3 ᠰᠠᠷ᠎ᠠ ᠶᠢᠨ 1᠎ ᠤ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠪᠤᠭᠤᠳᠤ ᠬᠤᠳᠠ ᠳᠤ ᠬᠦᠷᠴᠦ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠳᠤ ᠪᠠᠶᠢᠴᠠᠭᠠᠨ ᠰᠤᠳᠤᠯᠤᠯᠳᠡ ᠬᠢᠪᠡ᠃      ᠮᠠ ᠰᠢᠤᠸᠠᠢ ᠵᠢᠶᠦ᠋ᠨ ᠤᠷᠢᠳ ᠬᠤᠵᠢᠳ ᠳ᠋ᠦᠩ ᠡᡁᠧ ᠨᠢᠰᠬᠡᠯ ᠤᠨ ᠪᠠᠭᠤᠳᠠᠯ ᠤᠨ ᠠᠭᠠᠷ ᠤᠨ ᠴᠡᠷᠢᠭ ᠤᠨ ᠡᠭᠴᠡ ᠪᠤᠰᠬᠤ ᠨᠢᠰᠬᠡᠯ ᠤᠨ ᠰᠠᠭᠤᠭ᠎ᠠ ᠵᠤᠭᠰᠤᠭᠠᠯ᠂ ᠦᠪᠡᠷᠳᠡᠭᠡᠨ ᠵᠠᠰᠠᠬᠤ ᠤᠷᠤᠨ ᠤ ᠰᠦᠩ ᠬᠠᠯᠢᠶ᠎ᠠ ᠶᠢ ᠰᠡᠷᠬᠡᠶᠢᠯᠡᠬᠦ ᠡᠮᠤᠨ᠎ᠡ ᠹᠷᠤᠨᠲ ᠤᠨ ᠵᠢᠯᠤᠭᠤᠳᠬᠤ ᠭᠠᠵᠠᠷ᠂ ᠰᠢᠶᠤᠤ ᠪᠠᠢ ᠡᡁᠧ ᠲᠠᠯᠠᠩ ᠤᠨ ᠬᠡᠰᠡᠭ ᠲᠤ ᠬᠦᠷᠴᠦ᠂ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠵᠥ ᠠᠶᠤᠯ ᠲᠦᠭᠰᠢᠬᠦᠷᠢ ᠶᠢ ᠠᠷᠢᠯᠭᠠᠬᠤ ᠳᠤ ᠤᠷᠤᠯᠴᠠᠵᠥ ᠪᠠᠶᠢᠭ᠎ᠠ ᠠᠭᠠᠷ ᠤᠨ ᠴᠡᠷᠢᠭ ᠤᠨ ᠨᠢᠰᠬᠡᠯ ᠤᠨ ᠲᠤᠭᠤᠢᠢᠯᠠᠩ ᠤᠨ ᠲᠤᠭᠤᠷᠢᠨ ᠪᠠᠶᠢᠴᠠᠭᠠᠬᠤ ᠵᠢᠵᠢᠬᠦᠷ ᠪᠤᠯᠤᠨ ᠬᠠᠳᠤᠨ ᠭᠤᠤᠯ ᠤᠨ ᠰᠦᠩ ᠬᠠᠯᠢᠶ᠎ᠠ ᠶᠢᠨ ᠪᠠᠶᠢᠳᠠᠯ᠂ ᠡᠳ᠋ ᠪᠤᠳᠠᠰ ᠤᠨ ᠬᠠᠳᠠᠭᠠᠯᠠᠯᠳᠠ᠂ ᠬᠢᠨᠠᠨ ᠬᠡᠮᠵᠢᠵᠥ ᠤᠷᠢᠳᠴᠢᠯᠠᠨ ᠰᠡᠷᠡᠮᠵᠢᠯᠡᠬᠦᠯᠬᠦ᠂ ᠠᠶᠤᠯ ᠠᠴᠠ ᠠᠪᠤᠷᠠᠬᠤ ᠡᠩᠨᠡᠭᠡ ᠶᠢ ᠵᠤᠬᠢᠶᠠᠨ ᠪᠠᠶᠢᠭᠤᠯᠤᠬᠰᠠᠠ ᠵᠡᠷᠬᠡ ᠪᠠᠶᠢᠳᠠᠯ ᠢ ᠤᠢᠢᠯᠠᠭᠠᠵᠥ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠡᠮᠤᠨ᠎ᠡ ᠠᠴᠠ ᠠᠭᠠᠷ ᠤᠨ ᠴᠡᠷᠢᠭ ᠤᠨ ᠨᠢᠰᠬᠡᠯ ᠤᠨ ᠲᠤᠭᠤᠢᠢᠯᠠᠩ ᠤᠨ ᠲᠠᠷᠤᠭ᠎ᠠ ᠪᠠᠶᠢᠯᠳᠤᠬᠴᠢ ᠪᠤᠯᠤᠨ ᠰᠦᠩ ᠬᠠᠯᠢᠶ᠎ᠠ ᠶᠢ ᠰᠡᠷᠬᠡᠶᠢᠯᠡᠬᠦ ᠡᠮᠤᠨ᠎ᠡ ᠹᠷᠤᠨᠲ ᠤᠨ ᠠᠵᠢᠯᠳᠠᠳ ᠢ ᠡᠷᠭᠢᠨ ᠦᠵᠡᠵᠦ ᠲᠤᠬᠤᠨᠢᠭᠤᠯᠪᠠ᠃      ᠮᠠ ᠰᠢᠤᠸᠠᠢ ᠵᠢᠶᠦ᠋ᠨ᠂ ᠬᠠᠳᠤᠨ ᠭᠤᠤᠯ ᠤᠨ ᠰᠦᠩ ᠬᠠᠯᠢᠶ᠎ᠠ ᠶᠢ ᠰᠡᠷᠬᠡᠶᠢᠯᠡᠬᠦ ᠠᠵᠢᠯ ᠪᠤᠯ ᠵᠢᠯ ᠪᠤᠯᠭᠠᠨ ᠡᠷᠬᠡᠪᠰᠢ ᠰᠠᠶᠢᠳᠤᠷ ᠬᠢᠬᠦ ᠴᠢᠬᠤᠯᠠ ᠠᠵᠢᠯ ᠪᠤᠯᠤᠨ᠎ᠠ᠂ ᠡᠯ᠎ᠡ ᠬᠠᠮᠢᠶ᠎ᠠ ᠪᠦᠬᠦᠢ ᠭᠠᠵᠠᠷ ᠤᠷᠤᠨ ᠪᠤᠯᠤᠨ ᠨᠢᠬᠡᠴᠢ ᠶᠢᠨ ᠬᠢᠨ ᠶᠡᠷᠤᠩᠬᠡᠢ ᠱᠦᠵᠢ ᠰᠢ ᠶᠢᠨ ᠫᠢᠩ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠲᠤᠬᠠᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠰᠠᠨᠠᠭᠠᠰᠢᠷᠠᠨ ᠵᠤᠪᠠᠨᠢᠬᠤ ᠤᠬᠠᠮᠰᠠᠷ ᠢᠶᠠᠨ ᠦᠨᠡᠨ ᠬᠦ ᠴᠢᠩᠭᠠᠷᠠᠭᠤᠯᠵᠥ᠂ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠳᠤᠳᠠᠢ ᠨᠠᠶᠢᠳᠠᠪᠤᠷᠢᠵᠢᠭᠤᠯᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠤᠯᠤᠨ ᠰᠦᠩ ᠬᠠᠯᠢᠶ᠎ᠠ ᠶᠢ ᠰᠡᠷᠬᠡᠶᠢᠯᠡᠬᠦ ᠦᠶᠡᠷ ᠢ ᠰᠡᠷᠬᠡᠶᠢᠯᠡᠬᠦ ᠡᠯ᠎ᠡ ᠵᠦᠢᠯ ᠤᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠰᠠᠶᠢᠳᠤᠷ ᠬᠢᠬᠦ ᠬᠡᠷᠡᠭᠳᠡᠢ᠃ ᠰᠦᠩ ᠬᠠᠯᠢᠶ᠎ᠠ ᠶᠢ ᠰᠡᠷᠬᠡᠶᠢᠯᠡᠵᠥ ᠪᠠᠴᠢᠮ ᠪᠠᠶᠢᠳᠠᠯ ᠢ ᠠᠷᠭᠠᠴᠠᠭᠠᠬᠤ ᠲᠦᠰᠦᠯ ᠤᠨ ᠨᠠᠶᠢᠳᠠᠪᠤᠷᠢᠵᠢᠭᠤᠯᠤᠯᠳᠠ ᠪᠤᠯᠤᠨ ᠬᠦᠳᠡᠯᠥᠩᠬᠦᠢ ᠲᠤᠬᠢᠷᠠᠭᠤᠯᠤᠯᠳᠠ ᠶᠢ ᠰᠠᠶᠢᠳᠤᠷ ᠠᠳᠬᠤᠵᠥ᠂ ᠬᠢᠨᠠᠨ ᠬᠡᠮᠵᠢᠵᠥ ᠤᠷᠢᠳᠴᠢᠯᠠᠨ ᠰᠡᠷᠡᠮᠵᠢᠯᠡᠬᠦᠯᠬᠦ ᠶᠢ ᠴᠢᠩᠭᠠᠳᠬᠠᠵᠥ᠂ ᠡᠳᠤᠷ ᠲᠤᠳᠤᠮ ᠤᠨ ᠲᠤᠭᠤᠷᠢᠨ ᠪᠠᠶᠢᠴᠠᠭᠠᠯᠳᠠ ᠶᠢ ᠰᠠᠶᠢᠳᠤᠷ ᠬᠢᠵᠥ᠂ ᠰᠦᠩ ᠬᠠᠯᠢᠶ᠎ᠠ ᠠᠮᠠᠷᠬᠠᠨ ᠡᠬᠦᠰᠳᠡᠭ ᠭᠤᠤᠯ ᠤᠨ ᠬᠡᠰᠡᠭ᠂ ᠪᠠᠭᠤᠷᠠᠢ ᠲᠠᠯᠠᠩ᠂ ᠠᠶᠤᠯ ᠲᠠᠢ ᠠᠵᠢᠯ ᠠᠶᠤᠯ ᠲᠠᠢ ᠬᠡᠰᠡᠭ᠂ ᠲᠠᠯᠠᠩ ᠢ ᠨᠡᠪᠲᠡᠯᠦᠭᠰᠡᠨ ᠪᠠᠷᠢᠯᠭ᠎ᠠ ᠵᠡᠷᠬᠡ ᠭᠤᠤᠯᠳᠠᠯᠭ᠎ᠠ ᠲᠠᠢ ᠤᠷᠤᠨ ᠪᠦᠰᠡ ᠶᠢ ᠭᠤᠤᠯᠳᠠᠯᠭ᠎ᠠ ᠲᠠᠢ ᠲᠤᠭᠤᠷᠢᠨ ᠪᠠᠶᠢᠴᠠᠭᠠᠵᠥ ᠵᠢᠵᠢᠬᠦᠷᠯᠡᠨ ᠰᠠᠬᠢᠬᠤ ᠪᠠᠨ ᠴᠢᠩᠭᠠᠳᠬᠠᠵᠥ᠂ ᠲᠤᠳᠠᠭᠤᠳᠠᠯ ᠭᠤᠭᠤᠵᠢᠬᠳᠠᠯ ᠢ ᠲᠦᠷᠬᠡᠨ ᠨᠦᠬᠦᠪᠦᠷᠢᠯᠡᠬᠦ ᠬᠡᠷᠡᠭᠳᠡᠢ᠃ ᠶᠠᠷᠢᠯᠴᠠᠵᠥ ᠰᠤᠳᠤᠯᠤᠨ ᠮᠠᠭᠠᠳᠯᠠᠬᠤ ᠪᠤᠯᠤᠨ ᠮᠡᠳᠡᠭᠡ ᠵᠠᠩᠬᠢ ᠶᠢᠨ ᠨᠡᠪᠳᠡᠷᠡᠯᠴᠡᠭᠡ ᠪᠠᠨ ᠴᠢᠩᠭᠠᠷᠠᠭᠤᠯᠵᠥ᠂ ᠠᠶᠤᠯᠳᠤ ᠪᠠᠶᠢᠳᠠᠯ ᠢᠯᠡᠷᠡᠪᠡᠯ ᠴᠠᠭ ᠲᠤᠬᠠᠢ ᠳᠤᠨᠢ ᠵᠠᠪᠳᠤᠨ ᠬᠠᠮᠠᠭᠠᠯᠠᠵᠥ᠂ ᠬᠦᠮᠤᠨ ᠪᠤᠯᠤᠨ ᠲᠠᠯᠠᠩ ᠤᠨ ᠠᠮᠤᠷ ᠲᠦᠪᠰᠢᠨ ᠢ ᠦᠨᠡᠨ ᠬᠦ ᠪᠠᠳᠤᠯᠠᠬᠤ ᠬᠡᠷᠡᠭᠳᠡᠢ᠃ ᠠᠵᠢᠯ ᠤᠨ ᠬᠠᠷᠢᠭᠤᠴᠠᠯᠭ᠎ᠠ ᠶᠢ ᠪᠦᠬᠦ ᠲᠡᠯ᠎ᠡ ᠪᠠᠷ ᠪᠤᠳᠠᠳᠠᠶᠢᠵᠢᠭᠤᠯᠵᠥ᠂ ᠠᠵᠢᠯ ᠎ ᠢ ᠠᠳᠬᠤᠬᠤ ᠬᠦᠮᠤᠨ ᠲᠠᠢ᠂ ᠠᠰᠠᠭᠤᠳᠠᠯ ᠢ ᠬᠠᠮᠢᠶᠠᠷᠬᠤ ᠬᠦᠮᠥᠨ ᠲᠠᠢ ᠪᠠᠶᠢᠬᠤ ᠶᠢ ᠪᠡᠶᠡᠯᠡᠬᠦᠯᠵᠥ᠂ ᠬᠢᠵᠢᠭ ᠢ ᠰᠡᠷᠬᠡᠶᠢᠯᠡᠬᠦ ᠰᠦᠩ ᠬᠠᠯᠢᠶ᠎ᠠ ᠶᠢ ᠰᠡᠷᠬᠡᠶᠢᠯᠡᠬᠦ ᠳᠤ ᠠᠰᠠᠭᠤᠳᠠᠯ ᠭᠠᠷᠬᠤ ᠦᠬᠡᠢ ᠪᠠᠶᠢᠬᠤ ᠶᠢ ᠦᠨᠠᠨ ᠬᠦ ᠪᠠᠳᠤᠯᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号