ᠦᠪᠡᠷᠳᠡᠬᠡᠨ ᠵᠠᠰᠠᠬᠤ ᠤᠷᠤᠨ ᠤ 7 ᠰᠠᠯᠠᠭ᠎ᠠ ᠮᠦᠴᠢᠷ ᠬᠠᠮᠳᠤᠷᠠᠨ 10 ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠲᠤᠭᠳᠠᠭᠠᠵᠦ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠢ ᠲᠡᠮᠵᠢᠪᠡ
ᠨᠡᠶᠢᠲᠡᠯᠡᠭᠰᠡᠨ ᠴᠠᠭ᠄
2020/3/2
     ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ︽ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠭ᠎ᠠ ᠶᠢᠨ ᠠᠵᠦ ᠠᠬᠤᠢᠢᠯᠠᠯ ᠪᠠ ᠬᠢᠵᠢᠭ ᠤᠨ ᠪᠠᠶᠢᠳᠠᠯ ᠤᠨ ᠨᠦᠯᠦᠭᠡᠯᠡᠯ ᠢᠶᠠᠷ ᠦᠢᠯᠡᠳᠪᠦᠷᠢᠯᠡᠯ ᠡᠵᠡᠩᠨᠡᠯᠳᠡ ᠨᠢ ᠬᠦᠴᠢᠷᠳᠡᠯᠲᠠᠢ ᠲᠤᠮᠳᠠ ᠪᠠᠭ᠎ᠠ ᠠᠵᠦ ᠠᠬᠤᠢᠢᠯᠠᠯ ᠤᠨ ᠡᠷᠡᠬᠦᠯ ᠢᠶᠠᠷ ᠬᠦᠭᠵᠢᠬᠦ ᠶᠢ ᠲᠡᠮᠵᠢᠬᠦ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠶᠢᠨ ᠲᠤᠬᠠᠢ ᠮᠡᠳᠡᠭᠳᠡᠯ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠦ᠂ ᠮᠠᠨ ᠤ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠳ᠋ ᠪᠤᠳᠠᠰ ᠤᠨ ᠠᠵᠦ ᠠᠬᠤᠢᠢᠯᠠᠯ ᠤᠨ ᠦᠢᠯᠡᠳᠪᠦᠷᠢᠯᠡᠯ ᠢ ᠠᠬᠢᠭᠤᠯᠤᠨ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠬᠤᠷᠢᠬᠯᠠᠯᠳᠠ ᠶᠢᠨ ᠳᠠᠶᠢᠯᠠᠯᠳᠤᠭᠠᠨ ᠤ ᠢᠯᠠᠯᠳᠠ ᠶᠢ ᠤᠯᠬᠤ ᠳᠤ ᠬᠦᠴᠦ ᠨᠡᠮᠡᠷᠢᠯᠡᠬᠦ ᠶᠢᠨ ᠲᠦᠯᠦᠬᠡ᠂ ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠲᠢᠩᠬᠢᠮ ᠲᠦᠷᠦᠬᠦᠯᠡᠨ ᠬᠦᠭᠵᠢᠬᠦᠯᠦᠯᠳᠡ ᠪᠠ ᠦᠬᠡᠷᠡᠴᠢᠯᠡᠯᠳᠡ᠂ ᠡᠳ᠋ ᠤᠨ ᠵᠠᠰᠠᠬ᠂ ᠡᠷᠡᠬᠦᠯ ᠬᠠᠮᠠᠭᠠᠯᠠᠯ ᠪᠠ ᠡᠷᠡᠬᠦᠯ ᠮᠡᠨᠳᠤ᠂ ᠬᠢᠨᠠᠨ ᠪᠤᠳᠤᠬᠤ᠂ ᠵᠠᠬ᠎ᠠ ᠲᠡᠯᠬᠡᠬᠦᠷ ᠤᠨ ᠬᠢᠨᠠᠯᠳᠠ ᠬᠠᠮᠢᠶᠠᠷᠤᠯᠳᠠ᠂ ᠡᠮ ᠤᠨ ᠵᠦᠢᠯᠡᠰ ᠲᠤ ᠬᠢᠨᠠᠯᠳᠠ ᠲᠠᠯᠪᠢᠬᠤ ᠡᠯ᠎ᠠ ᠰᠠᠯᠠᠭ᠎ᠠ ᠮᠦᠴᠢᠷ ᠲᠠᠢ ᠬᠠᠮᠳᠤᠷᠠᠵᠦ 10 ᠵᠦᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠲᠤᠭᠳᠠᠭᠠᠵᠦ᠂ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠦᠢᠯᠡᠳᠪᠦᠷᠢᠯᠡᠬᠦ ᠭᠤᠤᠯᠳᠠᠯᠭ᠎ᠠ ᠲᠠᠢ ᠠᠵᠦ ᠠᠬᠤᠢᠢᠯᠠᠯ᠂ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠲᠤ ᠬᠡᠷᠡᠭᠰᠡᠬᠦ ᠲᠦᠬᠦᠬᠡᠢ ᠲᠤᠰᠠᠯᠠᠬᠤ ᠮᠠᠲ᠋ᠧᠷᠢᠶᠠᠯ ᠦᠢᠯᠡᠳᠪᠦᠷᠢᠯᠡᠬᠦ ᠭᠤᠤᠯᠳᠠᠯᠭ᠎ᠠ ᠲᠠᠢ ᠠᠵᠦ ᠠᠬᠤᠢᠢᠯᠠᠯ ᠳᠤ ᠲᠡᠮᠵᠢᠯᠬᠡ ᠦᠵᠡᠬᠦᠯᠦᠭᠰᠡᠨ ᠪᠠᠶᠢᠨ᠎ᠠ᠃ ᠡᠳᠡᠬᠡᠷ ᠲᠦᠷᠦ ᠶᠢᠨ ᠪᠤᠳᠤᠯᠭ᠎ᠠ ᠶᠢ 1 ᠰᠠᠷ᠎ᠠ ᠶᠢᠨ 25᠎ ᠤ ᠡᠳᠦᠷ ᠦᠪᠡᠷᠳᠡᠬᠡᠨ ᠵᠠᠰᠠᠬᠤ ᠤᠷᠤᠨ ᠠᠴᠠ ᠤᠯᠠᠨ ᠨᠡᠶᠢᠳᠡ ᠶᠢᠨ ᠬᠦᠨᠳᠤ ᠶᠡᠭᠡ ᠬᠡᠨᠡᠳᠳᠡ ᠡᠬᠦᠰᠬᠦ ᠡᠷᠡᠬᠦᠯ ᠬᠠᠮᠠᠭᠠᠯᠠᠯ ᠤᠨ ᠬᠡᠷᠡᠭ ᠤᠨ ᠨᠢᠬᠡᠳᠦᠬᠡᠷ ᠲᠡᠰ ᠤᠨ ᠠᠵᠢᠯᠯᠠᠭ᠎ᠠ ᠶᠢ ᠡᠬᠢᠯᠡᠬᠦᠯᠦᠭᠰᠡᠨ ᠠᠴᠠ ᠬᠡᠷᠡᠭᠵᠢᠬᠦᠯᠵᠦ᠂ ᠬᠢᠵᠢᠭ ᠤᠨ ᠪᠠᠶᠢᠳᠠᠯ ᠲᠠᠭᠤᠰᠤᠬᠰᠨᠨ ᠎ ᠤ ᠲᠠᠷᠠᠭ᠎ᠠ ᠠᠶᠠᠨᠳᠠᠭᠠᠨ ᠬᠦᠴᠦᠨ ᠦᠭᠡᠢ ᠪᠤᠯᠭᠠᠨ᠎ᠠ᠃      ᠨᠢᠬᠡ᠂ ᠠᠵᠦ ᠠᠬᠤᠢᠢᠯᠠᠯ ᠤᠨ ᠮᠡᠷᠬᠡᠵᠢᠯ ᠤᠨ ᠦᠬᠡᠷᠡᠴᠢᠯᠡᠨ ᠰᠠᠶᠢᠵᠢᠷᠠᠭᠤᠯᠤᠯᠳᠠ ᠬᠢᠬᠦ᠂ ᠦᠢᠯᠡᠳᠪᠦᠷᠢᠯᠡᠯ ᠢᠶᠠᠨ ᠦᠷᠬᠡᠳᠬᠡᠨ ᠬᠠᠩᠭᠠᠯᠭ᠎ᠠ ᠪᠠᠨ ᠨᠡᠮᠡᠭᠳᠡᠬᠦᠯᠬᠦ ᠶᠢ ᠲᠡᠮᠵᠢᠨ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ ᠮᠡᠷᠬᠡᠵᠢᠯ ᠤᠨ ᠦᠬᠡᠷᠡᠴᠢᠯᠡᠨ ᠰᠠᠶᠢᠵᠢᠷᠠᠭᠤᠯᠤᠯᠳᠠ ᠬᠢᠬᠦ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠵᠤᠭᠤᠰ ᠤᠨ ᠲᠤᠭ᠎ᠠ ︵ᠲᠦᠬᠦᠬᠡᠷᠦᠮᠵᠢ ᠬᠤᠳᠠᠯᠳᠤᠨ ᠠᠪᠤᠬᠰᠠᠨ ᠰᠦᠢᠳᠬᠡᠯ ᠢ ᠪᠠᠭᠳᠠᠭᠠᠨ᠎ᠠ︶᠎ ᠶᠢᠨ 30%᠂ ᠨᠢᠬᠡ ᠲᠦᠷᠦᠯ ᠵᠦᠢᠯ ᠳᠤ ᠬᠠᠮᠤᠬ ᠤᠨ ᠶᠡᠭᠡ ᠳᠡᠭᠡᠨ 500 ᠲᠦᠮᠡᠨ ᠲᠦᠬᠦᠷᠢᠭ ᠢ ᠳᠠᠪᠠᠭᠤᠯᠬᠤ ᠦᠭᠡᠢ ᠪᠠᠷ ᠨᠥᠬᠦᠪᠦᠷᠢ ᠥᠭᠭᠦᠨ᠎ᠡ᠃      ᠬᠤᠶᠠᠷ᠂ ᠠᠵᠦ ᠠᠬᠤᠢᠢᠯᠠᠯ ᠤᠨ ᠪᠦᠬᠦ ᠤᠷᠤᠨ ᠤ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠲᠠᠬᠢ ᠪᠤᠳᠠᠳᠠᠢ ᠬᠤᠪᠢ ᠨᠡᠮᠡᠷᠢ ᠶᠢ ᠦᠨᠳᠦᠰᠦᠯᠡᠵᠦ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ ᠭᠠᠭᠴᠠ ᠤᠳᠠᠭ᠎ᠠ ᠱᠠᠩᠨᠠᠨ᠂ ᠨᠢᠬᠡ ᠠᠵᠦ ᠠᠬᠤᠢᠢᠯᠠᠯ ᠳᠤ ᠤᠯᠭᠤᠬᠤ ᠱᠠᠩᠨᠠᠯ ᠢ ᠬᠠᠮᠤᠬ ᠤᠨ ᠶᠡᠭᠡ ᠳᠡᠭᠡᠨ 100 ᠲᠦᠮᠡᠨ ᠲᠦᠬᠦᠷᠢᠭ ᠢ ᠳᠠᠪᠠᠭᠤᠯᠬᠤ ᠦᠭᠡᠢ᠃      ᠭᠤᠷᠪᠠ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠤ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ 5000 ᠲᠦᠮᠡᠨ ᠲᠦᠬᠦᠷᠢᠭ ᠤᠨ ᠲᠤᠮᠳᠠ ᠪᠠᠭ᠎ᠠ ᠠᠵᠦ ᠠᠬᠤᠢᠢᠯᠠᠯ ᠤᠨ ︽ᠬᠠᠪᠰᠤᠷᠤᠨ ᠲᠠᠭᠠᠭᠠᠬᠤ ᠵᠢᠬᠡᠯᠡᠯᠬᠡ︾᠎ ᠶᠢᠨ ᠪᠡᠯᠡ ᠮᠦᠩᠬᠦ ᠲᠤᠬᠢᠷᠠᠭᠤᠯᠵᠦ᠂ ᠠᠵᠦ ᠠᠬᠤᠢᠢᠯᠠᠯ ᠤᠨ ᠪᠡᠯᠡ ᠬᠤᠷᠠᠮᠳᠤᠭᠤᠯᠬᠤ ᠳᠤ ᠪᠠᠳᠤᠯᠠᠨ ᠲᠠᠭᠠᠭᠠᠯᠳᠠ ᠬᠢᠬᠦ ᠶᠢ ᠲᠤᠰᠬᠠᠢ ᠲᠦᠷᠦᠯ ᠢᠶᠠᠷ ᠲᠡᠮᠵᠢᠨ᠂ ᠠᠵᠦ ᠠᠬᠤᠢᠢᠯᠠᠯ ᠤᠨ ᠪᠡᠯᠡ ᠬᠤᠷᠠᠮᠳᠤᠭᠤᠯᠬᠤ ᠦᠪᠡᠷ ᠤᠨ ᠦᠷᠳᠡᠭ ᠢ ᠪᠠᠭᠤᠷᠠᠭᠤᠯᠤᠨ᠎ᠠ᠃      ᠲᠦᠷᠪᠡ᠂ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠭ᠎ᠠ ᠶᠢᠨ ᠠᠵᠦ ᠠᠬᠤᠢᠢᠯᠠᠯ ᠤᠨ ᠬᠦᠷᠢᠶ᠎ᠠ ᠬᠡᠪᠴᠢᠶᠡᠨ ᠳᠤ ᠤᠷᠤᠬᠤ ᠪᠠᠷ ᠢᠳᠡᠪᠬᠢᠳᠡᠢ ᠴᠢᠷᠮᠠᠶᠢᠵᠦ᠂ ᠤᠯᠤᠰ ᠤᠨ ᠲᠤᠰᠬᠠᠢ ᠲᠦᠷᠦᠯ ᠤᠨ ᠲᠠᠬᠢᠨ ᠵᠢᠬᠡᠯᠡᠯᠬᠡ ᠪᠠ ᠬᠦᠦ ᠮᠦᠩᠬᠦ ᠶᠢᠨ ᠨᠦᠬᠦᠪᠦᠷᠢ ᠦᠭᠬᠦ ᠲᠡᠮᠵᠢᠯᠬᠡ ᠶᠢ ᠬᠠᠪᠰᠤᠷᠤᠨ ᠨᠠᠶᠢᠳᠠᠪᠤᠷᠢᠵᠢᠭᠤᠯᠤᠨ᠎ᠠ᠃ ᠤᠯᠤᠰ ᠤᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠭᠤᠤᠯᠳᠠᠯᠭ᠎ᠠ ᠲᠠᠢ ᠪᠠᠳᠤᠯᠠᠭ᠎ᠠ ᠶᠢᠨ ᠠᠵᠦ ᠠᠬᠤᠢᠢᠯᠠᠯ ᠤᠨ ᠬᠦᠷᠢᠶ᠎ᠠ ᠬᠡᠪᠴᠢᠶᠡᠨ ᠳᠤ ᠤᠷᠤᠬᠰᠠᠨ ᠦᠬᠡᠢ ᠪᠠᠴᠢᠮ ᠬᠡᠷᠡᠭᠰᠡᠬᠦ ᠡᠮᠴᠢᠯᠡᠬᠡᠨ ᠳᠤ ᠬᠡᠷᠡᠭᠰᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ︵ᠦᠪᠡᠷᠳᠡᠬᠡᠨ ᠵᠠᠰᠠᠬᠤ ᠤᠷᠤᠨ ᠤ ᠲᠤᠳᠤᠨᠠᠬᠢ ᠡᠮᠴᠢᠯᠡᠬᠡᠨ ᠳᠤ ᠬᠡᠷᠡᠭᠰᠡᠬᠦ ᠠᠮᠠᠪᠴᠢ᠂ ᠡᠮᠴᠢᠯᠡᠬᠡᠨ ᠳᠤ ᠬᠡᠷᠡᠭᠰᠡᠬᠦ ᠰᠡᠷᠬᠡᠶᠢᠯᠡᠯᠳᠡ ᠶᠢᠨ ᠬᠤᠪᠴᠠᠰᠤ᠂ ᠡᠮᠴᠢᠯᠡᠬᠡᠨ ᠳᠤ ᠬᠡᠷᠡᠭᠰᠡᠬᠦ ᠲᠤᠰᠠᠭᠠᠷᠯᠠᠯᠳᠠ ᠶᠢᠨ ᠬᠤᠪᠴᠠᠰᠤ ᠵᠡᠷᠬᠡ ᠡᠮᠴᠢᠯᠡᠬᠡᠨ ᠳᠤ ᠬᠡᠷᠡᠭᠰᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠢ ᠵᠢᠭᠠᠵᠦ᠂ ᠲᠤᠷᠤᠬᠰᠢ ᠪᠠᠨ ᠠᠳᠠᠯᠢ︶ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ ᠲᠡᠬᠦᠨ ᠤ 2020 ᠣᠨ ᠳᠤ ᠰᠢᠨ᠎ᠠ ᠪᠠᠷ ᠨᠡᠮᠡᠭᠳᠡᠭᠰᠡᠨ ᠵᠢᠬᠡᠯᠡᠯᠬᠡ ᠳᠤ ᠪᠤᠳᠠᠳᠠᠢ ᠤᠯᠤᠬᠰᠠᠨ ᠵᠢᠬᠡᠯᠡᠯᠬᠡ ᠶᠢᠨ ᠬᠦᠦ ᠨᠤᠷᠮ᠎ᠠ ᠶᠢᠨ 50%᠎ ᠪᠠᠷ ᠬᠦᠦ ᠮᠦᠩᠬᠦ ᠶᠢᠨ ᠨᠦᠬᠦᠪᠦᠷᠢ ᠦᠭᠴᠤ᠂ ᠬᠦᠦ ᠮᠦᠩᠬᠦ ᠶᠢᠨ ᠨᠦᠬᠦᠪᠦᠷᠢ ᠶᠢᠨ ᠴᠠᠬ ᠤᠨ ᠬᠢᠵᠠᠭᠠᠷᠯᠠᠯ ᠎ ᠢ ᠵᠠᠷᠴᠢᠮ ᠲᠡᠬᠡᠷ᠎ᠠ ᠪᠠᠨ 1 ᠵᠢᠯ ᠠᠴᠠ ᠬᠡᠲᠦᠷᠡᠭᠦᠯᠬᠦ ᠦᠭᠡᠢ᠃      ᠲᠠᠪᠤ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ ᠪᠠᠴᠢᠮ ᠬᠡᠷᠡᠭᠰᠡᠬᠦ ᠡᠮᠴᠢᠯᠡᠬᠡᠨ ᠤ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠤᠨ ᠪᠤᠳᠠᠳᠠᠢ ᠲᠤᠭᠠᠴᠠᠬᠰᠠᠨ ᠠᠵᠢᠯᠳᠠᠨ ᠤ ᠴᠠᠯᠢᠩ ᠤᠨ 20%᠎ ᠪᠠᠷ ᠰᠠᠷ᠎ᠠ ᠪᠠᠷ ᠨᠥᠬᠦᠪᠦᠷᠢ ᠥᠭᠭᠦᠨ᠎ᠡ᠂ ᠨᠢᠬᠡ ᠠᠵᠦ ᠠᠬᠤᠢᠢᠯᠠᠯ ᠳᠤ ᠦᠭᠬᠦ ᠰᠠᠷ᠎ᠠ ᠶᠢᠨ ᠨᠦᠬᠦᠪᠦᠷᠢ ᠶᠢ ᠬᠠᠮᠤᠬ ᠤᠨ ᠶᠡᠭᠡ ᠳᠡᠭᠡᠨ 30 ᠲᠦᠮᠡᠨ ᠲᠦᠬᠦᠷᠢᠭ ᠎ ᠢ ᠲᠠᠪᠠᠭᠤᠯᠬᠤ ᠦᠬᠡᠢ ᠪᠠᠶᠢᠵᠦ᠂ ᠠᠵᠦ ᠠᠬᠤᠢᠢᠯᠠᠯ ᠤᠨ ᠠᠵᠢᠯᠳᠠᠨ ᠬᠡᠷᠡᠭᠡᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃      ᠵᠢᠷᠭᠤᠭ᠎ᠠ᠂ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠠᠵᠦ ᠦᠢᠯᠡᠰ ᠢ ᠬᠦᠭᠵᠢᠬᠦᠯᠬᠦ ᠲᠤᠰᠬᠠᠢ ᠲᠦᠷᠦᠯ ᠤᠨ ᠪᠡᠯᠡ ᠮᠦᠩᠬᠦ ᠠᠴᠠ ᠪᠠᠴᠢᠮ ᠬᠡᠷᠡᠭᠰᠡᠬᠦ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠤᠨ ᠲᠦᠬᠦᠬᠡᠢ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠬᠦᠨ ᠢᠶᠠᠨ ᠭᠠᠳᠠᠬᠰᠢ ᠪᠠᠨ ᠲᠡᠬᠡᠬᠡᠪᠦᠷᠢᠯᠡᠬᠦ ᠵᠠᠮ ᠬᠠᠷᠢᠯᠴᠠᠭ᠎ᠠ ᠲᠡᠬᠡᠬᠡᠪᠦᠷᠢ ᠶᠢᠨ ᠰᠦᠢᠳᠬᠡᠯ ᠤᠨ 30%᠎ ᠪᠠᠷ ᠰᠠᠷ᠎ᠠ ᠪᠠᠷ ᠨᠦᠬᠦᠪᠦᠷᠢ ᠦᠭᠬᠦᠨ᠂ ᠨᠢᠬᠡ ᠠᠵᠦ ᠠᠬᠤᠢᠢᠯᠠᠯ ᠳᠤ ᠦᠭᠬᠦ ᠰᠠᠷ᠎ᠠ ᠶᠢᠨ ᠨᠦᠬᠦᠪᠦᠷᠢ ᠶᠢ ᠬᠠᠮᠤᠬ ᠤᠨ ᠶᠡᠭᠡ ᠳᠡᠭᠡᠨ 30 ᠲᠦᠮᠡᠨ ᠲᠦᠬᠦᠷᠢᠭ ᠢ ᠲᠠᠪᠠᠭᠤᠯᠬᠤ ᠦᠬᠡᠢ ᠪᠠᠶᠢᠵᠦ᠂ ᠠᠵᠦ ᠠᠬᠤᠢᠢᠯᠠᠯ ᠤᠨ ᠪᠠᠷᠠᠭᠠᠨ ᠤ ᠬᠦᠢᠯᠬᠡᠬᠡ ᠶᠢᠨ ᠥᠪᠡᠷ ᠤᠨ ᠥᠷᠲᠡᠭ ᠢ ᠪᠠᠭᠤᠷᠠᠭᠤᠯᠤᠨ᠎ᠠ᠃      ᠲᠤᠯᠤᠭ᠎ᠠ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠠᠬᠢ ᠠᠵᠦ ᠠᠬᠤᠢᠢᠯᠠᠯ ᠤᠨ ᠢᠯᠡᠬᠦᠦ ᠦᠢᠯᠡᠳᠪᠦᠷᠢᠯᠡᠭᠰᠡᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠳᠤ ᠬᠡᠷᠡᠭᠰᠡᠬᠦ ᠡᠮᠴᠢᠯᠡᠬᠡᠨ ᠳᠤ ᠬᠡᠷᠡᠭᠯᠡᠬᠦ ᠡᠳ᠋ ᠪᠤᠳᠠᠰ ᠲᠤ ᠤᠯᠤᠰ ᠤᠨ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠡᠳ᠋ ᠤᠨ ᠵᠠᠰᠠᠬ ᠤᠨ ᠶᠠᠮᠤᠨ᠂ ᠠᠵᠦ ᠦᠢᠯᠡᠳᠪᠦᠷᠢ ᠪᠠ ᠮᠡᠳᠡᠭᠡ ᠵᠠᠩᠬᠢᠵᠢᠯᠳᠠ ᠶᠢᠨ ᠶᠠᠮᠤᠨ ᠠᠴᠠ ᠲᠠᠷᠤᠮᠠᠯᠯᠠᠨ ᠲᠠᠷᠬᠠᠭᠠᠬᠰᠠᠨ ︽ᠵᠠᠰᠠᠬ ᠤᠨ ᠤᠷᠳᠤᠨ ᠤ ᠨᠦᠬᠡᠴᠡᠯᠡᠬᠦ ᠦᠢᠯᠡᠳᠦᠯ ᠢ ᠪᠠᠳᠠᠷᠠᠭᠤᠯᠤᠨ ᠬᠢᠵᠢᠭ ᠤᠨ ᠪᠠᠶᠢᠳᠠᠯ ᠢ ᠠᠷᠭᠠᠴᠠᠭᠠᠬᠤ ᠪᠠᠴᠢᠮ ᠬᠡᠷᠡᠭᠰᠡᠬᠦ ᠡᠳ᠋ ᠪᠤᠳᠠᠰ ᠤᠨ ᠦᠢᠯᠡᠳᠪᠦᠷᠢᠯᠡᠯ ᠢ ᠨᠡᠮᠡᠭᠳᠡᠬᠦᠯᠦᠨ ᠬᠠᠩᠭᠠᠯᠭ᠎ᠠ ᠶᠢ ᠨᠡᠮᠡᠭᠳᠡᠬᠦᠯᠬᠦ ᠮᠡᠳᠡᠭᠳᠡᠯ︾ ︵ᠬᠦᠭᠵᠢᠬᠦᠯᠦᠯᠳᠡ ᠪᠡ ᠦᠬᠡᠷᠡᠴᠢᠯᠡᠯᠳᠡ ᠡᠷᠬᠢᠯᠳᠡ ﹇2020﹈ 184 ᠲᠤᠭᠠᠳᠤ︶᠎ ᠳᠤ ᠲᠤᠭᠳᠠᠭᠠᠬᠰᠠᠨ ︽ᠵᠠᠰᠠᠬ ᠤᠨ ᠤᠷᠳᠤᠨ ᠠᠴᠠ ᠪᠠᠳᠤᠯᠠᠵᠦ ᠬᠤᠳᠠᠯᠳᠤᠨ ᠠᠪᠴᠤ ᠨᠦᠬᠡᠴᠡᠯᠡᠭᠰᠡᠨ ᠦᠢᠯᠡᠳᠬᠦᠨ ᠤ ᠭᠠᠷᠴᠠᠬ ︵ᠨᠢᠬᠡᠳᠦᠬᠡᠷ ᠪᠦᠯᠦᠭ︶︾ ᠶᠤᠰᠤᠭᠠᠷ᠂ ᠵᠠᠰᠠᠬ ᠤᠨ ᠤᠷᠳᠤᠨ ᠠᠴᠠ ᠬᠤᠳᠠᠯᠳᠤᠨ ᠠᠪᠴᠤ ᠨᠦᠬᠡᠴᠡᠯᠡᠨ᠎ᠠ᠃ ᠬᠢᠵᠢᠭ ᠤᠨ ᠪᠠᠶᠢᠳᠠᠯ ᠲᠡᠭᠤᠰᠤᠬᠰᠠᠨ ᠤ ᠲᠠᠷᠠᠭ᠎ᠠ᠂ ᠡᠯ᠎ᠠ ᠱᠠᠳᠤᠨ ᠤ ᠵᠠᠰᠠᠬ ᠤᠨ ᠤᠷᠳᠤᠨ ᠠᠴᠠ ᠰᠢᠯᠢᠳᠡᠭ ᠢ ᠰᠤᠩᠭᠤᠨ ᠬᠡᠰᠡᠭ ᠠᠵᠦ ᠠᠬᠤᠢᠢᠯᠠᠯ ᠢ ᠡᠮᠴᠢᠯᠡᠬᠡᠨ ᠳᠤ ᠬᠡᠷᠡᠭᠰᠡᠬᠦ ᠡᠳ᠋ ᠪᠤᠳᠠᠰ ᠢ ᠬᠤᠳᠠᠯᠳᠤᠨ ᠠᠪᠴᠤ ᠨᠦᠬᠡᠴᠡᠯᠡᠬᠦ ᠬᠦᠷᠢᠶ᠎ᠠ ᠬᠡᠪᠴᠢᠶᠡᠨ ᠳᠤ ᠤᠷᠤᠭᠤᠯᠬᠤ ᠶᠢ ᠵᠤᠷᠢᠬᠵᠢᠭᠤᠯᠤᠨ᠎ᠠ᠃      ᠨᠠᠢᠮᠠ᠂ ᠰᠢᠨ᠎ᠠ ᠪᠠᠷ ᠨᠤᠳᠤᠬᠰᠢᠬᠰᠠᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠᠴᠢᠮ ᠬᠡᠷᠡᠭᠰᠡᠬᠦ ᠡᠳ᠋ ᠪᠤᠳᠠᠰ ᠦᠢᠯᠡᠳᠪᠦᠷᠢᠯᠡᠬᠦ ᠲᠦᠷᠦᠯ ᠵᠦᠢᠯ ᠳᠤ᠂ ᠠᠳᠠᠯᠢ ᠱᠠᠳᠤᠨ ᠤ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠠᠯᠠᠭ᠎ᠠ ᠮᠦᠴᠢᠷ ᠠᠴᠠ ᠬᠢᠨᠠᠨ ᠲᠤᠬᠳᠠᠭᠠᠯᠳᠠ ᠬᠢᠭᠰᠡᠨ ᠤ ᠲᠠᠷᠠᠭ᠎ᠠ᠂ ︽ᠠᠮᠠᠯᠠᠯᠳᠠ ᠶᠢᠨ ᠲᠦᠷᠢᠮ︾ ︽ᠤᠷᠤᠯᠠᠨ ᠬᠦᠢᠴᠡᠳᠬᠡᠬᠦ ᠲᠦᠷᠢᠮ︾᠎ ᠢ ᠪᠦᠬᠦ ᠲᠠᠯ᠎ᠠ ᠪᠠᠷ ᠬᠡᠷᠡᠭᠵᠢᠬᠦᠯᠦᠨ᠂ ᠲᠤᠭᠳᠠᠭᠠᠯ ᠶᠤᠰᠤᠭᠠᠷ ᠭᠠᠷᠳᠠᠮ ᠢ ᠨᠦᠬᠦᠨ ᠬᠦᠢᠴᠡᠳᠬᠡᠵᠦ ᠪᠤᠯᠤᠨ᠎ᠠ᠃      ᠶᠢᠰᠦ᠂ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ᠂ ᠡᠳ᠋ ᠤᠨ ᠵᠠᠰᠠᠬ ᠤᠨ ᠴᠢᠨᠠᠷᠳᠠᠢ ᠪᠡᠯᠡ ᠮᠦᠩᠬᠦ ᠶᠢ ᠬᠡᠷᠡᠭᠯᠡᠨ ᠬᠢᠵᠢᠭ ᠢ ᠰᠡᠷᠬᠡᠶᠢᠯᠡᠨ ᠡᠵᠡᠮᠳᠡᠬᠦ ᠬᠠᠮᠢᠶ᠎ᠠ ᠪᠦᠬᠦᠢ ᠡᠳ᠋ ᠪᠤᠳᠠᠰ᠂ ᠢᠨᠵᠧᠨᠧᠷᠢᠩ ᠪᠠ ᠦᠢᠯᠡᠴᠢᠯᠡᠭᠡ ᠶᠢ ᠬᠤᠳᠠᠯᠳᠤᠨ ᠠᠪᠤᠭᠰᠠᠨ ᠢ ᠵᠠᠰᠠᠬ ᠤᠨ ᠤᠷᠳᠤᠨ ᠠᠴᠠ ᠬᠤᠳᠠᠯᠳᠤᠨ ᠠᠪᠬᠤ ᠬᠠᠤᠯᠢ ᠳᠤ ᠲᠤᠭᠳᠠᠭᠠᠬᠰᠠᠨ ᠬᠡᠯᠪᠡᠷᠢ ᠪᠠ ᠲᠠᠷᠠᠭᠠᠯᠠᠯ ᠢ ᠬᠡᠷᠡᠭᠵᠢᠬᠦᠯᠬᠦ ᠦᠬᠡᠢ ᠪᠠᠶᠢᠵᠦ ᠪᠤᠯᠤᠨ᠎ᠠ᠂ ᠭᠠᠳᠠᠭᠠᠳᠤ ᠠᠴᠠ ᠤᠷᠤᠭᠤᠯᠤᠬᠰᠠᠨ ᠡᠳ᠋ ᠪᠤᠳᠠᠰ ᠢ ᠬᠤᠳᠠᠯᠳᠤᠨ ᠠᠪᠬᠤ ᠳᠤ ᠬᠢᠨᠠᠨ ᠵᠦᠪᠰᠢᠶᠡᠷᠡᠬᠦᠯᠬᠦ ᠴᠢᠬᠤᠯᠠ ᠦᠭᠡᠢ᠃      ᠠᠷᠪᠠ᠂ ︽ᠨᠢᠬᠡ ᠨᠢᠬᠡ ᠲᠠᠢ ᠬᠠᠷᠠᠭᠠᠯᠵᠠᠬᠰᠠᠨ︾ ᠬᠠᠪᠰᠤᠷᠤᠨ ᠲᠡᠳᠬᠦᠬᠦ ︽ᠴᠡᠭ ᠴᠡᠭ ᠲᠠᠢ ᠬᠠᠷᠠᠭᠠᠯᠵᠠᠬᠰᠠᠨ︾ ᠠᠵᠦ ᠠᠬᠤᠢᠢᠯᠠᠯ ᠳᠤ ᠦᠢᠯᠡᠴᠢᠯᠡᠬᠦ ᠠᠵᠢᠯᠯᠠᠭ᠎ᠠ ᠶᠢ ᠦᠷᠬᠦᠯᠵᠢᠯᠡᠨ ᠦᠷᠨᠢᠬᠦᠯᠵᠦ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠡᠮᠴᠢᠯᠡᠬᠡᠨ ᠳᠤ ᠬᠡᠷᠡᠭᠰᠡᠬᠦ ᠡᠳ᠋ ᠪᠤᠳᠠᠰ ᠦᠢᠯᠡᠳᠪᠦᠷᠢᠯᠡᠬᠦ ᠠᠵᠦ ᠠᠬᠤᠢᠢᠯᠠᠯ ᠤᠨ ᠲᠦᠬᠦᠬᠡᠢ ᠮᠠᠲ᠋ᠧᠷᠢᠶᠠᠯ ᠢ ᠬᠠᠩᠭᠠᠬᠤ᠂ ᠡᠳ᠋ ᠪᠤᠳᠠᠰ ᠢ ᠲᠡᠬᠡᠬᠡᠪᠦᠷᠢᠯᠡᠬᠦ᠂ ᠠᠵᠢᠯᠳᠠᠨ ᠬᠡᠷᠡᠭᠯᠡᠬᠦ ᠵᠡᠷᠬᠡ ᠠᠰᠠᠭᠤᠳᠠᠯ ᠢ ᠴᠠᠬ ᠲᠤᠬᠠᠢ ᠳᠤᠨᠢ ᠵᠤᠬᠢᠴᠠᠭᠤᠯᠤᠨ ᠰᠢᠢᠳᠪᠦᠷᠢᠯᠡᠵᠦ᠂ ᠠᠵᠦ ᠠᠬᠤᠢᠢᠯᠠᠯ ᠤᠨ ᠦᠢᠯᠡᠳᠪᠦᠷᠢᠯᠡᠯ ᠢᠶᠠᠨ ᠲᠤᠬᠳᠠᠪᠤᠷᠢᠵᠢᠭᠤᠯᠬᠤ ᠶᠢ ᠪᠠᠳᠤᠯᠠᠨ᠎ᠠ᠃      ᠤᠯᠤᠰ ᠠᠴᠠ ᠨᠢᠬᠡᠨᠳᠡ ᠲᠤᠬᠳᠠᠭᠠᠬᠰᠠᠨ ᠡᠳ᠋ ᠤᠨ ᠵᠠᠰᠠᠬ᠂ ᠮᠦᠩᠬᠦᠨ ᠬᠦᠢᠯᠬᠡᠬᠡᠨ᠂ ᠭᠠᠶᠢᠯᠢ ᠵᠡᠷᠬᠡ ᠲᠡᠮᠵᠢᠯᠬᠡ ᠶᠢᠨ ᠲᠦᠷᠦ ᠶᠢᠨ ᠪᠤᠳᠤᠯᠭ᠎ᠠ ᠪᠠ ᠦᠪᠡᠷᠳᠡᠬᠡᠨ ᠵᠠᠰᠠᠬᠤ ᠤᠷᠤᠨ ᠠᠴᠠ ᠨᠢᠬᠡᠨᠳᠡ ᠲᠤᠭᠳᠠᠭᠠᠬᠰᠠᠨ ᠠᠵᠦ ᠠᠬᠤᠢᠢᠯᠠᠯ ᠤᠨ ᠬᠦᠭᠵᠢᠯᠳᠡ ᠶᠢ ᠲᠡᠮᠵᠢᠬᠦ ᠪᠤᠰᠤᠳ ᠲᠠᠯ᠎ᠠ ᠶᠢᠨ ᠲᠦᠷᠦ ᠶᠢᠨ ᠪᠤᠳᠤᠯᠭ᠎ᠠ ᠶᠢ ᠬᠠᠮᠳᠤ ᠳᠤᠨᠢ ᠵᠢᠷᠤᠮᠯᠠᠨ ᠬᠡᠷᠡᠭᠵᠢᠬᠦᠯᠦᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号