ᠥᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠤᠨᠢᠨ ᠮᠡᠳᠡᠭᠡᠨ ᠤ ᠠᠯᠪᠠᠨ ᠭᠡᠷ ᠰᠢᠨ᠎ᠠ ᠲᠢᠳᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠥᠭᠤᠳᠬᠤ ᠭᠠᠵᠠᠷ ᠤᠨ ᠲᠥᠴᠢᠨ ᠲᠠᠪᠤᠳᠤᠭᠠᠷ ᠤᠳᠠᠭ᠎ᠠ ᠶᠢᠨ ᠰᠤᠨᠢᠨ ᠮᠡᠳᠡᠭᠡ ᠨᠠᠶᠢᠳᠠᠯᠠᠬᠦ ᠬᠤᠷᠠᠯ ᠬᠤᠷᠠᠯᠳᠤᠭᠤᠯᠵᠠᠢ
ᠨᠡᠶᠢᠲᠡᠯᠡᠭᠰᠡᠨ ᠴᠠᠭ᠄
2020/3/20
     3 ᠰᠠᠷ᠎ᠠ ᠶᠢᠨ 19᠎ ᠤ ᠥᠳᠡ ᠶᠢᠨ ᠡᠮᠥᠨ᠎ᠠ᠂ ᠥᠪᠡᠷᠳᠡᠭᠡᠨ ᠵᠠᠰᠠᠬᠤ ᠤᠷᠤᠨ ᠤ ᠰᠢᠨ᠎ᠠ ᠲᠢᠳᠢᠮᠯᠢᠭ ᠠᠭᠤᠰᠬᠢᠨ ᠥᠷᠪᠢᠰᠥᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ ᠲᠥᠴᠢᠨ ᠲᠠᠪᠤᠳᠤᠭᠠᠷ ᠤᠳᠠᠭ᠎ᠠ ᠎ ᠶᠢᠨ ᠰᠤᠨᠢᠨ ᠮᠡᠳᠡᠭᠡ ᠨᠡᠶᠢᠳᠠᠯᠠᠬᠦ ᠬᠤᠷᠠᠯ ᠬᠢᠵᠠᠢ᠃ ᠬᠤᠷᠠᠯ ᠲᠡᠭᠡᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠳᠠᠷᠤᠭ᠎ᠠ ᠰᠦᠨ ᠳ᠋ᠧ ᠵᠢᠶᠦ᠋ᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠴᠧᠨ ᠰᠠᠷᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶᠠᠨ ᠤ ᠳᠡᠳ᠋ ᠳᠠᠷᠤᠭ᠎ᠠ ᠰᠦᠬᠡ᠂ ᠥᠪᠥᠷ ᠮᠣᠩᠭᠤᠯ ᠤᠨ ᠬᠢᠵᠢᠭ ᠢ ᠶᠡᠷᠥᠩᠭᠡᠶᠢᠯᠠᠨ ᠰᠡᠷᠭᠡᠶᠢᠯᠡᠨ ᠡᠵᠡᠮᠳᠡᠬᠦ ᠲᠥᠪ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠭᠠᠵᠠᠷ ᠤᠨ ᠡᠷᠬᠢᠯᠡᠭᠴᠢ ᠡᠮᠴᠢ ᠸᠠᠩ ᠬᠠᠶ ᠯᠢᠩ᠂ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶᠠᠨ ᠤ ᠡᠮᠨᠡᠯᠭᠡ ᠎ ᠶᠢᠨ ᠬᠤᠷᠢᠶᠠᠨ ᠤ ᠰᠡᠷᠡᠯ ᠤᠨ ᠰᠠᠯᠠᠭᠠᠨ ᠤ ᠡᠷᠬᠢᠯᠡᠭᠴᠢ ᠡᠮᠴᠢ ᠮᠧᠩ ᠴᠢᠩ ᠯᠠᠨ ᠰᠤᠷᠪᠤᠯᠵᠢᠯᠠᠬᠴᠢ ᠶᠢᠨ ᠠᠰᠠᠭᠤᠯᠳᠠ ᠶᠢ ᠬᠠᠷᠢᠭᠤᠯᠪᠠ᠃      ᠰᠤᠷᠪᠤᠯᠵᠢᠯᠠᠬᠴᠢ᠄ ᠣᠳᠣᠬᠠᠨ ᠳᠤ᠂ ᠮᠠᠨ ᠤ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠠ ᠪᠥᠷ ᠡᠮᠨᠡᠯᠭᠡ ᠠᠴᠠ ᠭᠠᠷᠪᠠ᠂ ᠥᠪᠥᠷ ᠮᠣᠩᠭᠤᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠮᠴᠢᠯᠡᠭᠡᠨ ᠤ ᠠᠪᠤᠷᠠᠨ ᠵᠠᠰᠠᠬᠤ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠳᠠᠷᠤᠭ᠎ᠠ ᠪᠤᠯᠤᠬᠰᠠᠨ ᠤ ᠬᠤᠪᠢ ᠳᠤ᠂ ᠲᠠ ᠡᠮ ᠡᠮᠨᠡᠯᠭᠡ ᠶᠢᠨ ᠠᠪᠤᠷᠠᠨ ᠵᠠᠰᠠᠬᠤ ᠲᠠᠯ᠎ᠠ ᠪᠠᠷ ᠬᠠᠮᠤᠭ ᠤᠨ ᠭᠦᠨ ᠲᠥᠷᠥᠭᠳᠡᠯ ᠲᠠᠢ ᠵᠦᠢᠯ ᠴᠢᠨᠢ ᠶᠠᠭᠤ ᠪᠣᠶ︖      ᠰᠦᠨ ᠳ᠋ᠧ ᠵᠢᠶᠦ᠋ᠨ᠄ ᠥᠪᠡᠷᠲᠡᠭᠡᠨ ᠵᠠᠰᠠᠬᠤ ᠣᠷᠣᠨ ᠠᠯᠤᠰ ᠡᠵᠡᠮᠰᠢᠯᠲᠦ ᠡᠮᠴᠢᠯᠡᠭᠡᠨ ᠤ ᠲᠥᠪ ᠢᠶᠠᠷ ᠳᠠᠮᠵᠢᠨ ᠥᠪᠡᠷᠲᠡᠭᠡᠨ ᠵᠠᠰᠠᠬᠤ ᠣᠷᠣᠨ ᠤ ᠡᠯ᠎ᠠ ᠠᠶᠢᠮᠠᠭ ᠬᠤᠲᠠ ᠶᠢᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠡᠳᠦᠷ ᠪᠦᠷᠢ ᠠᠳᠠᠭ ᠲᠠᠭᠠᠨ ᠨᠢᠭᠡ ᠤᠳᠠᠭ᠎ᠠ ᠠᠯᠤᠰ ᠡᠵᠡᠮᠰᠢᠯ ᠢᠶᠠᠷ ᠣᠨᠣᠰᠢᠯᠠᠵᠤ ᠡᠪᠡᠳᠴᠢᠨ ᠤ ᠪᠠᠶᠢᠳᠠᠯ ᠢ ᠬᠠᠷᠢᠯᠴᠠᠨ ᠥᠢᠯᠠᠭᠠᠯᠴᠠᠵᠥ᠂ ᠣᠨᠣᠰᠢᠯᠠᠨ ᠡᠮᠨᠡᠬᠦ ᠲᠥᠰᠦᠯ ᠢ ᠴᠠᠭ ᠲᠤᠬᠠᠶ ᠳᠤᠨᠢ ᠵᠥᠪᠳᠡᠯᠴᠡᠨ ᠲᠣᠬᠢᠷᠠᠭᠤᠯᠪᠠ᠃ ᠣᠯᠠᠨ ᠰᠢᠨᠵᠢᠯᠡᠭᠡᠨ ᠤ ᠰᠠᠯᠠᠭᠠᠨ ᠤ ᠬᠠᠮᠲᠤᠷᠠᠭᠰᠠᠨ ᠡᠮᠴᠢᠯᠡᠭᠡ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠣᠨᠣᠰᠢᠯᠠᠨ ᠡᠮᠨᠡᠬᠦ ᠳᠤᠮᠳᠠ ᠢᠳᠡᠪᠬᠢᠲᠡᠢ ᠦᠢᠯᠡᠳᠦᠯ ᠦᠵᠡᠭᠦᠯᠵᠡᠢ᠃      ᠭᠠᠳᠠᠷ ᠣᠷᠣᠨ ᠤ ᠲᠤᠷᠰᠢᠯᠭ᠎ᠠ ᠪᠠᠷ ᠲᠣᠯᠢ ᠪᠣᠯᠭᠠᠪᠠ᠃ ᠬᠤᠪᠧᠶ᠂ ᠵᠧᠵᠢᠶᠠᠩ᠂ ᠭᠤᠸᠠᠩᠳᠦ᠋ᠩ᠂ ᠪᠡᠭᠡᠵᠢᠩ᠂ ᠨᠢᠩᠰᠢᠶᠠ ᠵᠡᠷᠭᠡ ᠭᠠᠵᠠᠷ ᠤᠷᠤᠨ ᠤ ᠡᠮᠴᠢᠯᠡᠭᠡᠨ ᠤ ᠠᠪᠤᠷᠠᠨ ᠵᠠᠰᠠᠭᠰᠠᠨ ᠲᠤᠷᠰᠢᠯᠭ᠎ᠠ ᠪᠠᠷ ᠴᠠᠭ ᠲᠤᠬᠠᠶ ᠳᠤᠨᠢ ᠲᠣᠯᠢ ᠪᠣᠯᠭᠠᠵᠤ᠂ ᠠᠯᠤᠰ ᠡᠵᠡᠮᠰᠢᠯᠲᠦ ᠭᠤᠷᠪᠠᠨ ᠲᠠᠯ᠎ᠠ ᠪᠠᠷ ᠢᠶᠠᠨ ᠬᠠᠮᠲᠤᠷᠠᠨ ᠣᠨᠣᠰᠢᠯᠠᠬᠤ ᠪᠠᠷ ᠳᠠᠮᠵᠢᠭᠤᠯᠤᠨ᠂ ᠠᠪᠤᠷᠠᠨ ᠵᠠᠰᠠᠭᠰᠠᠨ ᠲᠤᠷᠰᠢᠯᠭ᠎ᠠ ᠪᠠᠨ ᠬᠠᠷᠢᠯᠴᠠᠨ ᠬᠤᠪᠢᠶᠠᠯᠴᠠᠵᠠᠢ᠃      ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠳᠤᠭᠤᠶᠢᠯᠠᠩ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠮᠡᠷᠭᠡᠵᠢᠯᠲᠡᠨ ᠤ ᠬᠤᠷᠠᠯ ᠬᠤᠷᠠᠯᠳᠤᠭᠤᠯᠵᠤ᠂ ᠬᠠᠮᠢᠶ᠎ᠠ ᠪᠦᠬᠦᠢ ᠠᠰᠠᠭᠤᠳᠠᠯ ᠤᠨ ᠲᠤᠬᠠᠶ ᠬᠠᠮᠲᠤ ᠶᠢᠨ ᠲᠠᠨᠢᠯᠲᠠ ᠲᠠᠢ ᠪᠣᠯᠵᠤ᠂ ᠪᠦᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠠᠪᠤᠷᠠᠨ ᠵᠠᠰᠠᠬᠤ ᠠᠵᠢᠯ ᠢ ᠵᠢᠯᠣᠭᠤᠳᠴᠠᠢ᠃      ᠰᠤᠷᠪᠤᠯᠵᠢᠯᠠᠬᠴᠢ᠄ ᠮᠤᠩᠭᠤᠯ ᠡᠮ ᠡᠮᠨᠡᠯᠭᠡ ᠪᠤᠯ ᠮᠠᠨ ᠤ ᠤᠷᠤᠨ ᠤ ᠤᠨᠴᠠᠯᠢᠬ ᠪᠤᠯᠤᠨ᠎ᠠ᠃ ᠥᠢᠯᠠᠭᠠᠬᠰᠠᠨ ᠎ ᠢᠶᠠᠷ᠂ ᠮᠤᠩᠭᠤᠯ ᠡᠮ ᠡᠮᠨᠡᠯᠭᠡ ᠰᠢᠨ᠎ᠠ ᠲᠢᠳᠢᠮᠯᠢᠭ ᠠᠭᠤᠰᠬᠢᠨ ᠥᠷᠪᠢᠰᠥᠯ ᠢ ᠡᠮᠨᠡᠨ ᠵᠠᠰᠠᠬᠤ ᠳᠤ ᠢᠳᠡᠪᠬᠢᠳᠠᠢ ᠥᠢᠯᠡᠳᠥᠯ ᠥᠵᠡᠬᠦᠯᠪᠠ᠃ ᠡᠨᠡ ᠲᠤᠬᠠᠢ ᠲᠠᠨᠢᠯᠴᠠᠭᠤᠯᠤᠭᠠᠳ ᠥᠭᠭᠦᠨ᠎ᠠ ᠤᠤ︖      ᠴᠧᠨ ᠰᠠᠷᠠᠨ᠎ᠠ᠄ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠡᠭᠦᠰᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠣᠩᠭᠤᠯ ᠡᠮ ᠡᠮᠨᠡᠯᠭᠡ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠵᠠᠰᠠᠬᠤ ᠠᠵᠢᠯ ᠳᠤ ᠣᠷᠣᠯᠴᠠᠬᠤ ᠶᠢ ᠶᠡᠭᠡ ᠪᠠᠷ ᠳᠠᠮᠵᠢᠪᠠ᠃      ᠲᠦᠩᠯᠢᠶᠣᠤ ᠬᠤᠳᠠ᠂ ᠰᠢᠯᠢ ᠶᠢᠨ ᠭᠤᠣᠯ ᠠᠶᠢᠮᠠᠭ᠂ ᠪᠤᠭᠤᠲᠤ ᠬᠤᠳᠠ᠂ ᠪᠠᠶᠠᠨᠨᠠᠭᠤᠷ ᠬᠤᠳᠠ᠂ ᠬᠢᠩᠭᠠᠨ ᠠᠶᠢᠮᠠᠭ᠂ ᠤᠯᠠᠭᠠᠨᠴᠠᠪ ᠬᠤᠳᠠ ᠣᠨᠣᠰᠢᠯᠠᠭᠰᠠᠨ ᠡᠪᠡᠳᠴᠢᠨ ᠤ ᠵᠢᠱᠢᠶ᠎ᠡ ᠳᠤ ᠪᠥᠷ ᠮᠣᠩᠭᠤᠯ ᠡᠮ ᠡᠮᠨᠡᠯᠭᠡ ᠶᠢ ᠬᠡᠷᠡᠭᠯᠡᠵᠦ ᠡᠮᠨᠡᠨ ᠵᠠᠰᠠᠵᠠᠢ᠃ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ 2020 ᠣᠨ ᠤ 1 ᠰᠠᠷ᠎ᠠ ᠶᠢᠨ 25᠎ ᠤ ᠣᠷᠣᠶ ᠲᠦᠩᠯᠢᠶᠣᠤ ᠬᠤᠲᠠ ᠶᠢᠨ ᠠᠩᠬᠠᠳᠠᠭᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠭᠳᠠᠬᠰᠠᠨ ᠡᠪᠡᠳᠴᠢᠨ ᠤ ᠵᠢᠱᠢᠶ᠎ᠡ ᠶᠢ ᠭᠥᠯᠢᠶᠡᠨ ᠠᠪᠤᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠡᠶᠢᠲᠡᠯᠡᠭᠰᠡᠨ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠮᠣᠩᠭᠤᠯ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠵᠦ ᠣᠨᠣᠰᠢᠯᠠᠨ ᠡᠮᠨᠡᠬᠦ ᠮᠡᠷᠭᠡᠵᠢᠯ ᠤᠨ ᠵᠢᠯᠣᠭᠤᠳᠬᠤ ᠲᠥᠰᠦᠯ︾ ᠶᠣᠰᠤ ᠪᠠᠷ᠂ ᠮᠣᠩᠭᠤᠯ ᠡᠮ ᠢᠶᠠᠷ ᠡᠮᠨᠡᠨ ᠵᠠᠰᠠᠵᠠᠢ᠃ ᠡᠭᠦᠨ ᠤ ᠬᠠᠮᠲᠤ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠬᠠᠷᠢᠶᠠᠲᠤ ᠡᠮᠨᠡᠯᠭᠡ ᠶᠢᠨ ᠬᠤᠷᠢᠶ᠎ᠠ ᠮᠣᠩᠭᠤᠯ ᠡᠮᠨᠡᠯᠭᠡ ᠶᠢᠨ ᠣᠨᠣᠰᠢᠯᠠᠨ ᠡᠮᠨᠡᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠤᠯᠠᠮᠵᠢᠯᠠᠯᠲᠤ ᠮᠣᠩᠭᠤᠯ ᠡᠮ ᠡᠮᠨᠡᠯᠭᠡ ᠶᠢᠨ ᠥᠪᠡᠷᠮᠢᠴᠡ ᠳᠠᠪᠠᠭᠤᠯᠢᠭ ᠢ ᠪᠠᠳᠠᠷᠠᠭᠤᠯᠬᠤ ᠶᠢᠨ ᠬᠠᠮᠲᠤ ᠧᠦ᠋ᠷᠣᠫᠠ ᠡᠮᠨᠡᠯᠭᠡ ᠶᠢᠨ ᠲᠤᠰᠬᠠᠶ ᠮᠡᠷᠭᠡᠵᠢᠯᠲᠡᠨ ᠲᠠᠢ ᠬᠠᠮᠲᠤ ᠪᠠᠷ ᠰᠤᠳᠤᠯᠵᠤ᠂ ᠮᠣᠩᠭᠤᠯ ᠧᠦ᠋ᠷᠣᠫᠠ ᠡᠮᠨᠡᠯᠭᠡ ᠶᠢ ᠤᠶᠠᠯᠳᠤᠭᠤᠯᠤᠭᠰᠠᠨ ᠣᠨᠣᠰᠢᠯᠠᠨ ᠡᠮᠨᠡᠬᠦ ᠲᠥᠰᠦᠯ ᠢ ᠲᠣᠭᠲᠠᠭᠠᠵᠤ᠂ ᠢᠯᠡᠳᠲᠡ ᠦᠷ᠎ᠡ ᠪᠦᠲᠦᠮᠵᠢ ᠣᠯᠪᠠ᠃      ᠲᠦᠩᠯᠢᠶᠣᠤ ᠬᠤᠲᠠ ᠶᠢᠨ 7 ᠡᠪᠡᠳᠴᠢᠨ ᠤ ᠵᠢᠱᠢᠶ᠎ᠡ᠂ ᠪᠤᠭᠤᠲᠤ ᠬᠤᠲᠠ ᠶᠢᠨ 2 ᠡᠪᠡᠳᠴᠢᠨ ᠤ ᠵᠢᠱᠢᠶ᠎ᠡ ᠴᠥᠮ ᠮᠣᠩᠭᠤᠯ ᠧᠦ᠋ᠷᠣᠫᠠ ᠡᠮᠨᠡᠯᠭᠡ ᠶᠢ ᠤᠶᠠᠯᠳᠤᠭᠤᠯᠤᠨ ᠡᠮᠨᠡᠨ ᠵᠠᠰᠠᠵᠠᠢ᠃ ᠮᠣᠩᠭᠤᠯ ᠡᠮ ᠡᠮᠨᠡᠯᠭᠡ ᠶᠢᠨ ᠡᠮᠴᠢᠯᠡᠭᠡᠨ ᠤ 8 ᠰᠡᠵᠢᠭᠯᠡᠯᠲᠡᠶ ᠡᠪᠡᠳᠴᠢᠨ ᠤ ᠵᠢᠱᠢᠶ᠎ᠡ ᠨᠢ ᠨᠢᠭᠡᠨᠲᠡ ᠪᠥᠷ ᠡᠮᠨᠡᠯᠭᠡ ᠠᠴᠠ ᠭᠠᠷᠪᠠ᠃      ᠰᠤᠷᠪᠤᠯᠵᠢᠯᠠᠬᠴᠢ᠄ ᠲᠤᠰ ᠤᠳᠠᠭᠠᠨ ᠤ ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠢ ᠡᠮᠨᠡᠨ ᠵᠠᠰᠠᠬᠤ ᠳᠤᠮᠳᠠ᠂ ᠬᠢᠲᠠᠳ ᠧᠦ᠋ᠷᠣᠫᠠ ᠡᠮᠨᠡᠯᠭᠡ ᠨᠢ ᠳᠤᠮᠳᠠᠳᠤ ᠤᠯᠤᠰ ᠤᠨ ᠬᠢᠵᠢᠭ ᠢ ᠡᠰᠡᠷᠭᠦᠴᠡᠬᠦ ᠲᠥᠰᠦᠯ ᠤᠨ ᠭᠢᠯᠠᠰ ᠴᠡᠭ ᠪᠣᠯᠵᠠᠶ᠃ ᠪᠦᠬᠦ ᠤᠯᠤᠰ ᠤᠨ ᠬᠤᠪᠧᠶ ᠮᠤᠵᠢ ᠠᠴᠠ ᠪᠤᠰᠤᠳ ᠭᠠᠵᠠᠷ ᠣᠷᠣᠨ ᠤ ᠬᠢᠲᠠᠳ ᠡᠮ ᠡᠮᠨᠡᠯᠭᠡ ᠶᠢᠨ ᠠᠪᠤᠷᠠᠨ ᠵᠠᠰᠠᠬᠤ ᠳᠤ ᠭᠡᠷᠡᠭᠯᠡᠭᠰᠡᠨ ᠬᠡᠮᠵᠢᠶ᠎ᠠ 96%᠎ ᠠᠴᠠ ᠳᠡᠭᠡᠭᠰᠢ ᠶᠢ ᠡᠵᠡᠯᠡᠵᠥ᠂ ᠬᠤᠪᠧᠶ ᠮᠤᠵᠢᠢ ᠶᠢᠨ ᠭᠠᠵᠠᠷ ᠣᠷᠣᠨ ᠤ ᠬᠢᠲᠠᠳ ᠡᠮ ᠡᠮᠨᠡᠯᠭᠡ ᠶᠢ ᠭᠡᠷᠡᠭᠯᠡᠭᠰᠡᠨ ᠨᠣᠷᠮ᠎ᠠ ᠴᠤ 91%᠎ ᠠᠴᠠ ᠳᠡᠭᠡᠭᠰᠢ ᠳᠤ ᠬᠦᠷᠴᠡᠶ᠃ ᠲᠡᠬᠡᠪᠡᠯ ᠮᠠᠨ ᠤ ᠣᠷᠣᠨ ᠤ ᠬᠢᠲᠠᠳ ᠡᠮ ᠡᠮᠨᠡᠯᠭᠡ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠡᠮᠨᠡᠨ ᠵᠠᠰᠠᠭᠰᠠᠨ ᠪᠠᠶᠢᠳᠠᠯ ᠢ ᠲᠠᠨᠢᠯᠴᠠᠭᠤᠯᠤᠨ᠎ᠠ ᠤᠤ︖      ᠰᠦᠬᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢᠶᠠᠷ ᠣᠨᠣᠰᠢᠯᠠᠬᠰᠠᠨ ᠡᠪᠡᠳᠴᠢᠨ ᠤ ᠵᠢᠱᠢᠶ᠎ᠡ 75 ᠪᠠᠶᠢᠵᠤ᠂ 1 ᠵᠢᠷᠮᠦᠰᠦᠨ ᠪᠥᠰᠡᠬᠦᠢ ᠠᠴᠠ ᠭᠠᠳᠠᠨ᠎ᠠ᠂ ᠪᠤᠰᠤᠳ 74 ᠣᠨᠣᠰᠢᠯᠠᠭᠰᠠᠨ ᠡᠪᠡᠳᠴᠢᠨ ᠤ ᠵᠢᠱᠢᠶ᠎ᠡ ᠳᠤ ᠮᠣᠩᠭᠤᠯ ᠧᠦ᠋ᠷᠣᠫᠠ ᠡᠮᠨᠡᠯᠭᠡ ᠶᠢ ᠤᠶᠠᠯᠳᠤᠭᠤᠯᠬᠤ᠂ ᠬᠢᠲᠠᠳ ᠧᠦ᠋ᠷᠣᠫᠠ ᠡᠮᠨᠡᠯᠭᠡ ᠶᠢ ᠤᠶᠠᠯᠳᠤᠭᠤᠯᠬᠤ ᠡᠮᠴᠢᠯᠡᠭᠡ ᠬᠢᠵᠦ᠂ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ ᠳᠤ ᠭᠡᠷᠡᠭᠯᠡᠭᠰᠡᠨ ᠨᠣᠷᠮ᠎ᠠ 98.7%᠎ ᠳᠤ ᠬᠥᠷᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠬᠤ ᠠᠩᠬᠠᠨ ᠤ ᠦᠶ᠎ᠡ ᠳᠤ᠂ ᠮᠣᠩᠭᠤᠯ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠢ ᠪᠠᠭᠲᠠᠭᠠᠭᠰᠠᠨ ᠡᠮ ᠡᠮᠨᠡᠯᠭᠡ ᠶᠢᠨ ᠠᠪᠤᠷᠠᠨ ᠵᠠᠰᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠷᠢᠳᠴᠢᠯᠠᠨ ᠰᠡᠷᠭᠡᠶᠢᠯᠡᠬᠦ᠂ ᠡᠮ ᠡᠮᠨᠡᠯᠭᠡ ᠶᠢᠨ ᠠᠪᠤᠷᠠᠨ ᠵᠠᠰᠠᠬᠤ ᠵᠡᠷᠭᠡ ᠪᠥᠬᠦ ᠶᠠᠪᠤᠴᠠ ᠳᠤ ᠮᠡᠷᠭᠡᠵᠢᠯ ᠤᠨ ᠳᠡᠮᠵᠢᠯᠭᠡ ᠦᠵᠡᠭᠦᠯᠪᠡ᠃ ᠡᠯ᠎ᠡ ᠲᠣᠭᠲᠠᠭᠰᠠᠨ ᠴᠡᠭ ᠤᠨ ᠡᠮᠨᠡᠯᠭᠡ ᠎ ᠶᠢᠨ ᠬᠤᠷᠢᠶᠠᠨ ᠤ ᠡᠮᠴᠢᠯᠡᠭᠡᠨ ᠤ ᠳᠤᠭᠤᠶᠢᠯᠠᠩ ᠳᠤ ᠮᠣᠩᠭᠤᠯ ᠬᠢᠲᠠᠳ ᠡᠮᠨᠡᠯᠭᠡ ᠶᠢᠨ ᠲᠤᠰᠬᠠᠶ ᠮᠡᠷᠭᠡᠵᠢᠯᠲᠡᠨ ᠢ ᠤᠷᠢᠨ ᠭᠡᠷᠡᠭᠯᠡᠵᠥ᠂ ᠮᠣᠩᠭᠤᠯ ᠬᠢᠲᠠᠳ ᠡᠮᠨᠡᠯᠭᠡ ᠪᠠ ᠧᠦ᠋ᠷᠣᠫᠠ ᠡᠮᠨᠡᠯᠭᠡ ᠬᠠᠮᠲᠤ ᠪᠠᠷ ᠣᠷᠣᠯᠴᠠᠵᠤ᠂ ᠪᠥᠬᠦ ᠶᠠᠪᠤᠴᠠ ᠳᠤ ᠬᠠᠮᠵᠢᠯᠴᠠᠨ᠂ ᠡᠮᠴᠢᠯᠡᠭᠡᠨ ᠤ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠪᠡ᠃      ᠰᠤᠷᠪᠤᠯᠵᠢᠯᠠᠬᠴᠢ᠄ ᠮᠠᠨ ᠤ ᠤᠷᠤᠨ ᠤ ᠡᠮᠨᠡᠯᠭᠡ ᠳᠤ ᠰᠠᠭᠤᠬᠤ ᠡᠪᠡᠳᠴᠢᠨ ᠤ ᠵᠢᠱᠢᠶ᠎ᠠ ᠥᠬᠡᠢ ᠪᠤᠯᠪᠠ᠃ ᠲᠡᠭᠡᠪᠡᠯ᠂ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠠᠵᠢᠯ ᠴᠤ ᠳᠠᠭᠤᠰᠤᠭᠰᠠᠨ ᠤᠤ︖      ᠰᠦᠨ ᠳ᠋ᠧ ᠵᠢᠶᠦ᠋ᠨ᠄ ᠮᠠᠨ ᠤ ᠤᠷᠤᠨ ᠤ ᠡᠮᠨᠡᠯᠭᠡ ᠳᠤ ᠰᠠᠭᠤᠬᠤ ᠡᠪᠡᠳᠴᠢᠨ ᠤ ᠵᠢᠱᠢᠶ᠎ᠠ ᠥᠬᠡᠢ ᠪᠤᠯᠤᠬᠰᠠᠨ ᠨᠢ ᠬᠢᠵᠢᠭ ᠤᠨ ᠠᠶᠤᠯ ᠲᠦᠭᠰᠢᠭᠦᠷᠢ ᠶᠢ ᠠᠷᠢᠯᠭᠠᠭᠰᠠᠨ ᠶᠠᠪᠤᠳᠠᠯ ᠪᠢᠰᠢ᠂ ᠮᠠᠨ ᠤ ᠠᠵᠢᠯ ᠪᠠᠰᠠ ᠦᠷᠭᠦᠯᠵᠢᠯᠡᠭᠰᠡᠭᠡᠷ ᠪᠠᠶᠢᠨ᠎ᠠ᠃ ᠨᠢᠭᠡ ᠳᠤ᠂ ᠡᠮᠨᠡᠯᠭᠡ ᠠᠴᠠ ᠭᠠᠷᠤᠭᠰᠠᠨ ᠡᠪᠡᠳᠴᠢᠲᠡᠨ ᠤ ᠡᠷᠡᠭᠦᠯ ᠮᠡᠨᠳᠦ ᠶᠢᠨ ᠬᠠᠮᠢᠶᠠᠷᠤᠯᠲᠠ ᠪᠠ ᠮᠦᠷᠳᠡᠨ ᠰᠤᠷᠪᠤᠯᠵᠢᠯᠠᠬᠤ ᠵᠡᠷᠭᠡ ᠶᠢ ᠪᠠᠭᠲᠠᠭᠠᠨ᠎ᠠ᠃ ᠮᠠᠨ ᠤ ᠥᠪᠥᠷ ᠮᠣᠩᠭᠤᠯ ᠳᠤ ᠡᠮᠨᠡᠯᠭᠡ ᠠᠴᠠ ᠭᠠᠷᠤᠭᠰᠠᠨ ᠤ ᠳᠠᠷᠠᠭ᠎ᠠ ᠪᠠᠰᠠ ᠬᠤᠶᠠᠷ ᠭᠠᠷᠠᠭ ᠠᠨᠠᠭᠠᠬᠤ ᠤᠬᠠᠭᠠᠨ ᠤ ᠠᠵᠢᠬᠯᠠᠯᠳᠠ ᠬᠢᠵᠦ ᠪᠤᠢ᠃ ᠡᠮᠨᠡᠯᠭᠡ ᠠᠴᠠ ᠭᠠᠷᠤᠭᠰᠠᠨ ᠤ ᠳᠠᠷᠠᠭ᠎ᠠ ᠬᠤᠶᠠᠷ ᠭᠠᠷᠠᠭ᠂ ᠳᠥᠷᠪᠡᠨ ᠭᠠᠷᠠᠭ᠂ ᠭᠤᠷᠪᠠᠨ ᠰᠠᠷ᠎ᠠ᠂ ᠬᠠᠭᠠᠰ ᠵᠢᠯ ᠪᠤᠯᠭᠠᠨ ᠳᠤ ᠪᠥᠬᠡᠮ ᠬᠥᠴᠢᠯ ᠤᠨ ᠪᠠᠶᠢᠴᠠᠭᠠᠯᠳᠠ ᠬᠢᠬᠦ ᠶᠢᠨ ᠬᠠᠮᠲᠤ ᠴᠡᠭᠡᠵᠢᠨ ᠬᠡᠰᠡᠭ ᠤᠨ CT᠂ ᠴᠢᠰᠤᠨ ᠤ ᠡᠷᠬᠢᠯᠳᠠ᠂ ᠴᠢᠰᠤᠨ ᠤ ᠬᠦᠴᠢᠯᠲᠥ᠋ᠷᠥᠭᠴᠢ ᠶᠢᠨ ᠬᠠᠨᠤᠴᠠ ᠵᠡᠷᠭᠡ ᠶᠢ ᠪᠠᠶᠢᠴᠠᠭᠠᠨ᠎ᠠ᠃ ᠬᠤᠶᠠᠷ ᠲᠤ᠂ ᠬᠢᠯᠢ ᠶᠢᠨ ᠭᠠᠳᠠᠨ᠎ᠠ ᠪᠠ ᠣᠷᠣᠨ ᠤ ᠭᠠᠳᠠᠨ᠎ᠠ ᠠᠴᠠ ᠡᠪᠡᠳᠴᠢᠨ ᠤ ᠵᠢᠱᠢᠶ᠎ᠠ ᠶᠢ ᠲᠠᠭᠠᠭᠤᠯᠵᠥ ᠢᠷᠡᠬᠦ ᠶᠢ ᠴᠢᠩᠭ᠎ᠠ ᠰᠡᠷᠭᠡᠶᠢᠯᠡᠨ᠎ᠠ᠃ ᠣᠳᠣᠬᠠᠨ ᠳᠤ ᠰᠢᠨ᠎ᠡ ᠲᠢᠲᠢᠮᠯᠢᠭ ᠠᠭᠤᠰᠬᠢᠨ ᠥᠷᠪᠢᠰᠥᠯ ᠤᠨ ᠬᠢᠵᠢᠭ ᠤᠨ ᠪᠠᠶᠢᠳᠠᠯ ᠪᠥᠬᠦ ᠪᠥᠮᠪᠥᠷᠴᠡᠭ ᠲᠤ ᠶᠡᠭᠡ ᠪᠠᠷ ᠳᠡᠯᠭᠡᠷᠡᠵᠦ᠂ ᠥᠪᠥᠷ ᠮᠣᠩᠭᠤᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠮᠥᠨ ᠯᠡ ᠰᠤᠯᠠᠷᠠᠭᠤᠯᠬᠤ ᠥᠬᠡᠶ᠃ ᠭᠤᠷᠪᠠ ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠥᠷᠰᠥ ᠰᠢᠩᠭᠡᠭᠡᠯᠳᠠ ᠎ ᠶᠢᠨ ᠤᠬᠠᠭᠠᠨ ᠤ ᠳ᠋ᠠᠶᠢᠲ᠋ᠠ ᠬᠥᠮᠥᠷᠭᠡ ᠶᠢ ᠪᠠᠶᠢᠭᠤᠯᠵᠤ᠂ ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠲᠤᠭ᠎ᠠ ᠪᠠᠷᠢᠮᠲᠠ ᠶᠢᠨ ᠰᠤᠳᠤᠯᠭᠠᠨ ᠳᠤ ᠳᠡᠮᠵᠢᠯᠭᠡ ᠬᠠᠩᠭᠠᠨ᠎ᠠ᠃      ᠰᠤᠷᠪᠤᠯᠵᠢᠯᠠᠬᠴᠢ᠄ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠡᠵᠡᠮᠳᠡᠬᠦ ᠠᠵᠢᠯ ᠳᠤ ᠪᠣᠳᠠᠲᠠᠶ ᠪᠠᠷ ᠶᠠᠭᠤ ᠬᠢᠬᠦ ᠪᠣᠶ︖ ᠨᠢᠭᠡᠳᠦᠭᠡᠷ ᠹᠷᠣᠨᠲ ᠤᠨ ᠡᠮᠴᠢ ᠰᠤᠪᠢᠯᠠᠭᠴᠢ ᠳᠤ ᠬᠠᠯᠳᠠᠪᠤᠷᠢᠯᠠᠯ ᠢ ᠡᠵᠡᠮᠳᠡᠬᠦ ᠮᠡᠳᠡᠯᠭᠡ ᠪᠠ ᠤᠷ᠎ᠠ ᠴᠢᠳᠠᠪᠤᠷᠢ ᠶᠢ ᠬᠡᠷᠬᠢᠨ ᠡᠵᠡᠮᠰᠢᠭᠦᠯᠬᠦ ᠪᠣᠶ︖ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠳᠤ ᠡᠩ ᠤᠨ ᠡᠪᠡᠳᠴᠢᠲᠡᠨ ᠤ ᠡᠪᠡᠳᠴᠢᠨ ᠦᠵᠡᠭᠦᠯᠬᠦ ᠠᠮᠤᠷ ᠲᠦᠪᠰᠢᠨ ᠢ ᠬᠡᠷᠬᠢᠨ ᠪᠠᠲᠤᠯᠠᠬᠤ ᠪᠣᠢ︖      ᠮᠸᠡᠭ ᠴᠢᠩ ᠯᠠᠨ᠄ ᠪᠦᠬᠦ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢᠶᠠᠷ ᠤᠨᠤᠰᠢᠯᠠᠬᠳᠠᠬᠰᠠᠨ 75 ᠡᠪᠡᠳᠴᠢᠨ ᠤ ᠵᠢᠱᠢᠶ᠎ᠠ ᠶᠢ ᠬᠦᠯᠢᠶᠡᠨ ᠠᠪᠴᠤ ᠡᠮᠨᠡᠨ ᠵᠠᠰᠠᠭᠰᠠᠨ ᠡᠮᠴᠢ ᠰᠤᠪᠢᠯᠠᠭᠴᠢᠳ ᠪᠠ ᠬᠤᠪᠸᠢ ᠶᠢ ᠲᠥᠷᠭᠡᠨ ᠲᠤᠰᠠᠯᠠᠬᠤ ᠡᠮᠴᠢᠯᠡᠬᠡᠨ ᠤ ᠠᠩᠭᠢ ᠶᠢᠨ 847 ᠬᠥᠮᠥᠰ ᠲᠤ ᠨᠢᠭᠡ ᠴᠦ ᠬᠠᠯᠳᠠᠪᠤᠷᠢᠯᠠᠯ ᠦᠭᠡᠢ᠃      ᠡᠨᠡ ᠤᠳᠠᠭ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠠᠪᠤᠴᠠ ᠳᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠪᠠ ᠨᠢᠬᠡᠳᠤᠭᠡᠷ ᠲᠠᠰ ᠤᠨ ᠠᠵᠢᠯᠯᠠᠭ᠎ᠠ ᠶᠢ ᠥᠷᠨᠢᠬᠦᠯᠪᠠ︔ ᠪᠦᠬᠦ ᠠᠵᠢᠯᠲᠠᠨ ᠤ ᠪᠣᠯᠪᠠᠰᠤᠷᠠᠯ ᠪᠠ ᠡᠮᠨᠡᠯᠭᠡ ᠶᠢᠨ ᠠᠵᠢᠯᠲᠠᠨ ᠤ ᠪᠣᠯᠪᠠᠰᠤᠷᠠᠯ ᠢ ᠴᠢᠩᠭ᠎ᠠ ᠠᠳᠬᠤᠪᠠ︔ ᠡᠪᠡᠳᠴᠢᠲᠡᠨ ᠤ ᠡᠮᠴᠢᠯᠡᠭᠦᠯᠬᠦ ᠬᠠᠮᠢᠶᠠᠷᠤᠯᠲᠠ ᠶᠢ ᠴᠢᠩᠭᠠᠳᠬᠠᠵᠥ᠂ ᠤᠷᠢᠳᠴᠢᠯᠠᠨ ᠪᠠᠶᠢᠴᠠᠭᠠᠵᠤ ᠰᠠᠯᠭᠠᠨ ᠡᠮᠨᠡᠬᠦ ᠠᠵᠢᠯ ᠢ ᠰᠠᠶᠢᠲᠤᠷ ᠬᠢᠵᠦ᠂ ᠡᠩ ᠎ ᠤᠨ ᠡᠪᠡᠳᠴᠢᠲᠡᠨ ᠤ ᠡᠮᠨᠡᠯᠭᠡ ᠳᠤ ᠰᠠᠭᠤᠵᠤ ᠡᠷᠭᠢᠵᠦ ᠦᠵᠡᠬᠦ ᠬᠠᠮᠢᠶᠠᠷᠤᠯᠲᠠ ᠶᠢ ᠴᠢᠩᠭᠠᠳᠬᠠᠪᠠ︔ ᠡᠮᠨᠡᠯᠭᠡ ᠶᠢᠨ ᠠᠵᠢᠯᠲᠠᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠢ ᠬᠢᠨᠠᠨ ᠬᠡᠮᠵᠢᠬᠦ ᠪᠠ ᠡᠪᠡᠳᠴᠢᠲᠡᠨ ᠤ ᠬᠠᠯᠳᠠᠪᠤᠷᠢᠯᠠᠯ ᠢ ᠬᠢᠨᠠᠨ ᠬᠡᠮᠵᠢᠬᠦ ᠠᠵᠢᠯ ᠢ ᠴᠢᠩᠭᠠᠳᠬᠠᠵᠥ᠂ ᠡᠮᠨᠡᠯᠭᠡ ᠶᠢᠨ ᠠᠵᠢᠯᠲᠠᠨ ᠤ ᠡᠷᠡᠭᠦᠯ ᠮᠡᠨᠳᠦ ᠶᠢᠨ ᠳᠠᠩᠰᠠ ᠡᠪᠬᠡᠮᠡᠯ ᠢ ᠪᠠᠶᠢᠭᠤᠯᠵᠤ᠂ ᠡᠮᠨᠡᠯᠭᠡ ᠶᠢᠨ ᠠᠵᠢᠯᠲᠠᠨ ᠤ ᠪᠡᠶ᠎ᠡ ᠶᠢᠨ ᠳᠤᠯᠠᠭᠠᠨ ᠪᠠ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠶ ᠳᠤᠨᠢ ᠬᠢᠨᠠᠨ ᠬᠡᠮᠵᠢᠵᠠᠢ︔ ᠡᠪᠡᠳᠴᠢᠲᠡᠨ ᠤ ᠡᠷᠡᠭᠦᠯ ᠮᠡᠨᠳᠦ ᠶᠢᠨ ᠬᠥᠮᠦᠵᠢᠯ ᠢ ᠴᠢᠩᠭᠠᠳᠬᠠᠪᠠ︔ ᠡᠮᠴᠢᠯᠡᠭᠡᠨ ᠤ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢ ᠴᠢᠩᠭᠠᠳᠬᠠᠪᠠ᠃      ᠲᠠᠷᠠᠭᠠᠴᠢ ᠶᠢᠨ ᠠᠯᠬᠤᠮ ᠤᠨ ᠠᠵᠢᠯ ᠤᠨ ᠭᠤᠤᠯᠳᠠᠯᠭ᠎ᠠ ᠬᠡᠪᠡᠯ᠄ ᠡᠮᠴᠢᠯᠡᠭᠡᠨ ᠤ ᠪᠠᠶᠢᠭᠤᠯᠤᠮᠵᠢ ᠶᠢᠨ ᠬᠡᠪ ᠎ ᠤᠨ ᠣᠨᠣᠰᠢᠯᠠᠨ ᠡᠮᠨᠡᠬᠦ ᠠᠵᠢᠯ ᠢ ᠰᠡᠷᠭᠦᠭᠡᠵᠦ᠂ ᠰᠡᠷᠭᠡᠶᠢᠯᠡᠨ ᠡᠵᠡᠮᠳᠡᠬᠦ ᠠᠵᠢᠯ ᠢ ᠮᠥᠨ ᠰᠤᠯᠠᠷᠠᠭᠤᠯᠬᠤ ᠥᠬᠡᠶ᠃      ᠰᠤᠷᠪᠤᠯᠵᠢᠯᠠᠬᠴᠢ᠄ ᠬᠢᠵᠢᠭ ᠡᠭᠦᠰᠦᠭᠰᠡᠨ ᠠᠴᠠ ᠨᠠᠭᠠᠰᠢ ᠮᠠᠨ ᠤ ᠣᠷᠣᠨ ᠶᠠᠮᠠᠷ ᠶᠠᠮᠠᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠭᠰᠠᠨ ᠪᠤᠢ︖ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠶᠠᠮᠠᠷ ᠲᠣᠬᠢᠷᠠᠭᠤᠯᠤᠯᠲᠠ ᠬᠢᠭᠰᠡᠨ ᠪᠣᠶ︖      ᠸᠠᠩ ᠬᠠᠶ ᠯᠢᠩ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 1 ᠰᠠᠷ᠎ᠠ ᠶᠢᠨ 24᠎ ᠤ ᠡᠳᠦᠷ ᠠᠩᠬᠠᠳᠠᠭᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠡᠪᠡᠳᠴᠢᠨ ᠤ ᠵᠢᠱᠢᠶ᠎ᠡ ᠶᠢ ᠣᠨᠣᠰᠢᠯᠠᠵᠤ᠂ ᠣᠲᠣ ᠪᠣᠯᠲᠠᠯ᠎ᠠ᠂ 38710 ᠬᠥᠮᠥᠨ ᠳᠤ ᠪᠥᠭᠡᠮ ᠬᠦᠴᠢᠯ ᠤᠨ ᠥᠯᠢᠭᠡᠷ ᠬᠡᠪ ᠤᠨ ᠪᠠᠶᠢᠴᠠᠭᠠᠯᠳᠠ ᠬᠢᠵᠥ᠂ ᠨᠡᠶᠢᠲᠡ 75 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠠᠢ᠃ ᠡᠬᠦᠨ ᠳᠤ᠂ 11 ᠠᠶᠢᠮᠠᠭ ᠬᠤᠲᠠ ᠶᠢᠨ 29 ᠬᠤᠰᠢᠭᠤ ᠰᠢᠶᠠᠨ ᠲᠣᠭᠤᠷᠢᠭ ᠲᠤ ᠲᠠᠷᠬᠠᠭᠠᠬᠳᠠᠵᠤ᠂ 1 ᠨᠠᠰᠤ ᠪᠠᠷᠠᠬᠰᠠᠨ ᠡᠪᠡᠳᠴᠢᠨ ᠤ ᠵᠢᠱᠢᠶ᠎ᠡ ᠭᠠᠷᠴᠠᠢ᠃      1 ᠰᠠᠷ᠎ᠠ ᠶᠢᠨ 24᠎ ᠤ ᠡᠳᠦᠷ ᠠᠴᠠ 2 ᠰᠠᠷ᠎ᠠ ᠶᠢᠨ 18᠎ ᠤ ᠡᠳᠦᠷ ᠪᠣᠯᠲᠠᠯ᠎ᠠ ︵2 ᠰᠠᠷ᠎ᠠ ᠶᠢᠨ 10᠎ ᠤ ᠡᠳᠦᠷ ᠢ ᠪᠠᠭᠳᠠᠭᠠᠬᠤ ᠥᠭᠡᠢ︶ ᠴᠥᠮ ᠰᠢᠨ᠎ᠠ ᠪᠠᠷ ᠨᠡᠮᠡᠭᠳᠡᠭᠰᠡᠨ ᠡᠪᠡᠳᠴᠢᠨ ᠤ ᠵᠢᠱᠢᠶ᠎ᠡ ᠶᠢᠨ ᠮᠡᠳᠡᠭᠦᠯᠦᠯᠲᠡ ᠲᠠᠢ᠂ ᠬᠠᠮᠤᠭ ᠤᠨ ᠣᠯᠠᠨ ᠳᠠᠭᠠᠨ ᠡᠳᠤᠷ ᠲᠤ 7 ︵2 ᠰᠠᠷ᠎ᠠ ᠶᠢᠨ 2᠎ ᠤᠨ ᠡᠳᠦᠷ︶᠎ ᠳᠤ ᠬᠦᠷᠴᠡᠶ᠃      ᠮᠡᠳᠡᠭᠦᠯᠦᠯᠲᠡ ᠳᠤ ᠲᠣᠳᠣᠷᠬᠠᠶ ᠭᠡᠷᠡᠴᠢᠯᠡᠭᠰᠡᠨ ᠡᠪᠡᠳᠴᠢᠨ ᠤ ᠵᠢᠱᠢᠶ᠎ᠡ ᠳᠤ᠂ ᠡᠷᠡᠭᠲᠡᠶ ᠡᠮᠡᠭᠲᠡᠶ ᠶᠢᠨ ᠡᠪᠡᠳᠴᠢᠨ ᠤ ᠵᠢᠱᠢᠶ᠎ᠡ ᠶᠢᠨ ᠲᠤᠭ᠎ᠠ ᠨᠢ ᠦᠨᠳᠦᠰᠦᠨ ᠳᠡᠭᠡᠨ ᠠᠳᠠᠯᠢ᠂ ᠡᠷᠡᠭᠲᠡᠶ ᠡᠮᠡᠭᠲᠡᠶ ᠶᠢᠨ ᠬᠦᠢᠰᠦ ᠶᠢᠨ ᠢᠯᠭᠠᠯ ᠎ ᠤᠨ ᠬᠠᠷᠢᠴᠠᠯ ᠨᠢ 1.08᠄ 1 ᠪᠣᠯᠤᠨ᠎ᠠ︔ ᠨᠠᠰᠤ ᠪᠠᠷ ᠬᠠᠮᠤᠭ ᠪᠠᠭ᠎ᠠ ᠨᠢ 1 ᠨᠠᠰᠤᠳᠠᠢ᠂ ᠬᠠᠮᠤᠭ ᠶᠡᠭᠡ ᠨᠢ 85 ᠨᠠᠰᠤᠳᠠᠢ᠂ ᠳᠤᠮᠳᠠᠴᠢ ᠪᠠᠷ 45 ᠨᠠᠰᠤ᠂ ᠭᠤᠣᠯᠳᠠᠭᠤ 30 — 69 ᠨᠠᠰᠤᠨ ᠤ ᠳᠤᠭᠤᠶᠢᠯᠠᠩ ᠳᠤ ᠲᠥᠪᠯᠡᠷᠡᠵᠦ᠂ 74.7%᠎ ᠶᠢ ᠡᠵᠡᠯᠡᠵᠠᠢ︔ ᠡᠷᠬᠢᠯᠡᠭᠰᠡᠨ ᠠᠵᠢᠯ ᠨᠢ ᠲᠠᠷᠢᠶᠠᠴᠢᠨ᠂ ᠠᠵᠢᠯ ᠠᠴᠠ ᠪᠠᠨ ᠠᠮᠠᠷᠠᠭᠰᠠᠨ ᠪᠠ ᠠᠵᠢᠯ ᠎ ᠠᠴᠠ ᠪᠠᠨ ᠪᠠᠭᠤᠭᠰᠠᠨ ᠬᠥᠮᠦᠰ᠂ ᠺᠠᠳ᠋ᠷ ᠠᠵᠢᠯᠳᠠᠨ᠂ ᠭᠡᠷ ᠠᠳᠠᠯ ᠠᠬᠤᠢ ᠶᠢᠨ ᠠᠵᠢᠯ ᠵᠢᠴᠢ ᠠᠵᠢᠯ ᠬᠦᠯᠢᠶᠡᠵᠦ ᠪᠠᠶᠢᠭ᠎ᠠ ᠵᠢᠴᠢ ᠪᠤᠰᠤᠳ ᠠᠵᠢᠯ ᠮᠡᠷᠭᠡᠵᠢᠯ ᠢᠶᠠᠷ ᠭᠤᠤᠯ ᠪᠣᠯᠭᠠᠵᠤ᠂ ᠲᠤᠰ ᠲᠥᠷᠥᠯ ᠤᠨ ᠬᠥᠮᠥᠰ 76%᠎ ᠶᠢ ᠡᠵᠡᠯᠡᠪᠠ᠃      ᠪᠥᠬᠦ ᠣᠷᠣᠨ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠨᠡᠶᠢᠲᠡ 15 ᠤᠳᠠᠭ᠎ᠠ ᠭᠠᠷᠴᠤ᠂ ᠬᠡᠷ ᠪᠦᠯᠢ ᠶᠢᠨ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠠᠴᠠ ᠨᠡᠶᠢᠲᠡ 56 ᠣᠨᠣᠰᠢᠯᠠᠭᠰᠠᠨ ᠡᠪᠡᠳᠴᠢᠨ ᠤ ᠵᠢᠱᠢᠶ᠎ᠡ ᠶᠢ ᠮᠡᠳᠡᠭᠦᠯᠵᠦ᠂ ᠪᠥᠬᠦ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ 74.7%᠎ ᠶᠢ ᠡᠵᠡᠯᠡᠵᠦ᠂ ᠪᠥᠬᠦ ᠣᠷᠣᠨ ᠤ ᠬᠢᠩᠭᠠᠨ ᠠᠶᠢᠮᠠᠭ ᠪᠣᠯᠤᠨ ᠠᠯᠠᠱᠨ ᠠᠶᠢᠮᠠᠭ ᠠᠴᠠ ᠪᠤᠰᠤᠳ 10 ᠠᠶᠢᠮᠠᠭ ᠬᠤᠲᠠ ᠶᠢᠨ 14 ᠰᠢᠶᠠᠨ ᠲᠣᠭᠤᠷᠢᠭ ᠲᠤ ᠲᠠᠷᠬᠠᠵᠤ᠂ ᠬᠢᠵᠢᠭ ᠲᠤ ᠬᠤᠯᠪᠣᠭᠳᠠᠭᠰᠠᠨ ᠬᠤᠰᠢᠭᠤ ᠰᠢᠶᠠᠨ ᠤ 48.3%᠎ ᠶᠢ ᠡᠵᠡᠯᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号