| ᠥᠪᠥᠷ ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ | ᠥᠷᠨᠢᠭᠦᠯᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ︹ | 2019︺ 24 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠣᠷᠣᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠰᠠᠶᠢᠲᠤᠷ ᠬᠢᠬᠦ ᠶᠢᠨ ᠲᠤᠰᠠᠳᠠ᠂ ᠡᠳᠦᠭᠡ ᠬᠤᠯᠪᠣᠭᠳᠠᠯ ᠪᠥᠬᠦᠶ | ᠤᠴᠢᠷ ᠢ ᠳᠣᠤᠷᠠᠬᠢ ᠮᠡᠲᠦ ᠮᠡᠳᠡᠭᠳᠡᠪᠡ᠃ | ᠨᠢᠭᠡ᠂ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠳᠠᠪᠰᠢᠨ ᠣᠷᠤᠭᠰᠠᠨ ᠤ ᠳᠠᠷᠠᠭ᠎ᠠ | ᠦᠷᠨᠢᠭᠦᠯᠦᠭᠰᠡᠨ ᠤᠯᠤᠰ ᠤᠨ ᠪᠠᠶᠢᠳᠠᠯ ᠤᠯᠤᠰ ᠤᠨ ᠬᠦᠴᠦᠨ ᠪᠣᠯᠣᠨ ᠣᠷᠣᠨ ᠤ ᠪᠠᠶᠢᠳᠠᠯ ᠣᠷᠣᠨ ᠤ ᠬᠦᠴᠦᠨ ᠤ | ᠨᠢᠭᠡᠨ ᠴᠢᠬᠤᠯᠠ ᠶᠡᠭᠡ ᠪᠠᠶᠢᠴᠠᠭᠠᠯᠲᠠ ᠪᠣᠯᠤᠨ᠎ᠠ᠃ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ᠂ | ᠮᠠᠨ ᠤ ᠣᠷᠣᠨ ᠤ ᠬᠥᠮᠦᠨ ᠠᠮᠠ ᠶᠢᠨ ᠬᠤᠪᠢᠷᠠᠯᠲᠠ ᠶᠢᠨ ᠬᠠᠨᠳᠤᠯᠭᠠᠳᠤ ᠣᠨᠴᠠᠯᠢᠭ ᠢ ᠲᠣᠳᠣᠷᠬᠠᠶ ᠣᠶᠢᠯᠠᠭᠠᠵᠤ᠂ | ᠮᠠᠨ ᠤ ᠣᠷᠣᠨ ᠤ ᠬᠦᠮᠦᠨ ᠠᠮᠠ ᠶᠢᠨ ᠲᠤᠭ᠎ᠠ ᠬᠡᠮᠵᠢᠶ᠎ᠡ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ | ᠣᠷᠣᠨ ᠰᠠᠭᠤᠴᠠ ᠵᠡᠷᠭᠡ ᠲᠠᠯ᠎ᠠ ᠶᠢᠨ ᠪᠠᠶᠢᠳᠠᠯ ᠢ ᠪᠠᠶᠢᠴᠠᠭᠠᠨ ᠲᠣᠳᠣᠯᠠᠵᠤ᠂ ᠬᠥᠮᠦᠨ ᠠᠮᠠ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ | ᠬᠥᠮᠦᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ᠂ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ | ᠲᠣᠭᠲᠠᠭᠠᠬᠤ ᠳᠤ ᠰᠢᠨᠵᠢᠯᠡᠬᠦ ᠤᠬᠠᠭᠠᠨᠴᠢ ᠵᠥᠪ ᠣᠨᠣᠪᠴᠢᠲᠠᠶ ᠪᠥᠭᠡᠳ ᠬᠦᠴᠦᠨ ᠲᠡᠭᠦᠯᠳᠡᠷ ᠪᠦᠬᠦᠢ ᠲᠤᠭ᠎ᠠ | ᠪᠦᠷᠢᠳᠬᠡᠯ ᠤᠨ ᠮᠡᠳᠡᠭᠡ ᠵᠠᠩᠭᠢ ᠶᠢᠨ ᠳᠡᠮᠵᠢᠯᠭᠡ ᠬᠠᠩᠭᠠᠬᠤ ᠪᠣᠯᠣᠨ᠎ᠠ᠃ ᠡᠭᠦᠨ ᠤ ᠬᠠᠮᠲᠤ᠂ ᠲᠤᠭ᠎ᠠ ᠪᠦᠷᠢᠳᠬᠡᠯ ᠤᠨ | ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠬᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ | ᠲᠤᠭᠤᠰᠢᠯᠠᠭᠤᠯᠬᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ | ᠰᠢᠨ᠎ᠡ ᠠᠶᠠᠨ ᠢ ᠡᠬᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠬᠤᠶᠠᠷ᠂ ᠨᠡᠶᠢᠳᠡᠮ ᠪᠠᠶᠢᠴᠠᠭᠠᠭᠳᠠᠬᠤ ᠡᠲᠡᠭᠡᠳ᠂ ᠠᠭᠤᠯᠭ᠎ᠠ ᠪᠠ ᠴᠠᠭ ᠬᠤᠭᠤᠴᠠᠭ᠎ᠠ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠭᠳᠠᠬᠤ ᠡᠲᠡᠭᠡᠳ ᠪᠣᠯ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠪᠠᠷ ᠲᠣᠭᠲᠠᠭᠰᠠᠨ ᠴᠠᠭ ᠲᠠᠬᠢ ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠬᠢᠯᠢ ᠲᠤᠳᠤᠷᠠᠬᠢ ᠪᠠᠶᠢᠭᠠᠯᠢ ᠬᠥᠮᠦᠨ ᠵᠢᠴᠢ ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠬᠢᠯᠢ ᠶᠢᠨ ᠭᠠᠳᠠᠨ᠎ᠠ ᠪᠠᠶᠢᠭ᠎ᠠ ᠪᠣᠯᠪᠠᠴᠤ ᠰᠠᠭᠤᠷᠢᠰᠢᠭ᠎ᠠ ᠦᠭᠡᠶ ᠳᠤᠮᠳᠠᠳᠤ ᠤᠯᠤᠰ ᠤᠨ ᠠᠷᠠᠳ | ᠢᠷᠭᠡᠨ ᠪᠣᠯᠤᠨ᠎ᠠ᠂ ᠡᠭᠦᠨ ᠳᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠳᠤ ᠲᠦᠷ | ᠰᠠᠭᠠᠲᠠᠭᠰᠠᠨ ᠬᠢᠯᠢ ᠶᠢᠨ ᠭᠠᠳᠠᠨᠠᠬᠢ ᠬᠥᠮᠦᠰ ᠢ ᠪᠠᠭᠳᠠᠭᠠᠬᠤ ᠦᠭᠡᠶ᠃ | ᠨᠡᠶᠢᠳᠡᠮ ᠪᠠᠶᠢᠴᠠᠭᠠᠯᠲᠠ ᠳᠤ ᠭᠤᠣᠯᠳᠠᠭᠤ ᠬᠥᠮᠦᠨ ᠠᠮᠠ ᠪᠠ ᠰᠠᠭᠤᠭᠠᠯᠢ ᠡᠷᠦᠬᠡ ᠶᠢᠨ ᠦᠨᠳᠦᠰᠦᠨ | ᠪᠠᠶᠢᠳᠠᠯ ᠳᠤ ᠪᠠᠶᠢᠴᠠᠭᠠᠯᠲᠠ ᠬᠢᠨ᠎ᠡ᠂ ᠠᠭᠤᠯᠭ᠎ᠠ ᠳᠤ ᠨᠢ᠄ ᠣᠪᠣᠭ ᠨᠡᠷ᠎ᠡ᠂ ᠡᠷᠬᠡᠳᠦ ᠠᠷᠠᠳ ᠤᠨ ᠪᠡᠶ᠎ᠡ ᠶᠢᠨ | ᠦᠨᠡᠮᠯᠠᠯ ᠤᠨ ᠨᠣᠮᠧᠷ᠂ ᠬᠦᠢᠰᠦ ᠢᠯᠭᠠᠯ᠂ ᠨᠠᠰᠤ᠂ ᠦᠨᠳᠦᠰᠦᠲᠡᠨ᠂ ᠰᠤᠷᠭᠠᠨ ᠬᠥᠮᠦᠵᠢᠯ ᠬᠦᠷᠲᠡᠭᠰᠡᠨ ᠬᠡᠮᠵᠢᠶ᠎ᠡ᠂ | ᠠᠵᠢᠯ ᠲᠥᠷᠥᠯ᠂ ᠡᠷᠬᠢᠯᠡᠭᠰᠡᠨ ᠠᠵᠢᠯ᠂ ᠨᠠᠭᠦᠵᠦ ᠰᠢᠯᠵᠢᠭᠰᠡᠨ᠂ ᠣᠷᠤᠭᠯᠠᠵᠤ ᠬᠦᠩᠭᠡᠵᠢᠭᠰᠡᠨ᠂ ᠨᠠᠰᠤ ᠪᠠᠷᠠᠭᠰᠠᠨ᠂ | ᠣᠷᠣᠨ ᠰᠠᠭᠤᠴᠠ ᠶᠢᠨ ᠪᠠᠶᠢᠳᠠᠯ ᠵᠡᠷᠭᠡ ᠶᠢ ᠪᠠᠭᠳᠠᠭᠠᠨ᠎ᠠ᠃ | ᠨᠡᠶᠢᠳᠡᠮ ᠪᠠᠶᠢᠴᠠᠭᠠᠯᠲᠠ ᠶᠢᠨ ᠪᠠᠷᠢᠮᠵᠢᠶ᠎ᠠ ᠪᠣᠯᠭᠠᠬᠤ ᠪᠠᠷ ᠲᠣᠭᠲᠠᠭᠰᠠᠨ ᠴᠠᠭ ᠪᠣᠯ 2020 ᠣᠨ ᠤ 11 | ᠳ᠋ᠦ᠋ᠭᠡᠷ ᠰᠠᠷ᠎ᠠ ᠶᠢᠨ 1 ᠤ ᠡᠳᠦᠷ ᠤᠨ ᠲᠡᠭ ᠴᠠᠭ ᠪᠣᠯᠤᠨ᠎ᠠ᠃ | ᠭᠤᠷᠪᠠ᠂ ᠵᠣᠬᠢᠶᠠᠨ ᠪᠠᠶᠢᠭᠤᠯᠵᠤ ᠬᠡᠷᠡᠭᠵᠢᠭᠦᠯᠬᠦ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠶᠢ ᠴᠢᠩᠭᠠᠳᠬᠠᠬᠤ ᠬᠡᠷᠡᠭᠲᠡᠶ᠃ ᠳᠣᠯᠣᠳᠤᠭᠠᠷ ᠤᠳᠠᠭᠠᠨ ᠤ | ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠬᠤᠯᠪᠣᠭᠳᠠᠬᠤ ᠬᠦᠷᠢᠶ᠎ᠡ ᠬᠡᠪᠴᠢᠶ᠎ᠡ ᠥᠷᠭᠡᠨ᠂ | ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ ᠤᠨ ᠱᠠᠭᠠᠷᠳᠠᠯᠭ᠎ᠠ ᠥᠨᠳᠥᠷ᠂ ᠠᠵᠢᠯ ᠤᠨ ᠬᠦᠴᠢᠷᠳᠡᠯ ᠶᠡᠭᠡ | ᠪᠠᠶᠢᠵᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠤᠬᠠᠭᠤᠯᠤᠨ ᠳᠠᠶᠢᠴᠢᠯᠠᠬᠤ ᠪᠠ ᠵᠣᠬᠢᠶᠠᠨ ᠪᠠᠶᠢᠭᠤᠯᠵᠤ | ᠬᠡᠷᠡᠭᠵᠢᠭᠦᠯᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ | ᠵᠠᠰᠠᠬᠤ ᠣᠷᠣᠨ ᠠᠴᠠ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ︵ᠳᠠᠭᠠᠯᠳᠤᠭᠤᠯᠤᠯ ᠳᠤ ᠦᠵᠡ︶ ᠢ ᠪᠠᠶᠢᠭᠤᠯᠵᠤ᠂ ᠪᠦᠬᠦ | ᠣᠷᠣᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠠᠪᠤᠴᠠ ᠳᠠᠬᠢ ᠴᠢᠬᠤᠯᠠ | ᠶᠡᠭᠡ ᠠᠰᠠᠭᠤᠳᠠᠯ ᠤᠳ ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠭᠤᠯᠤᠨ᠎ᠠ᠃ | ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ | ᠲᠤᠭ᠎ᠠ ᠪᠦᠷᠢᠳᠬᠡᠯ ᠤᠨ ᠲᠣᠪᠴᠢᠶ᠎ᠠ ᠳᠤ ᠲᠤᠬᠢᠷᠠᠭᠤᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠪᠣᠳᠠᠲᠠᠶ ᠬᠠᠷᠢᠭᠤᠴᠠᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠨᠢ 2020 ᠣᠨ ᠤ 1 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ 2020 ᠣᠨ ᠤ 2 ᠳ᠋ᠤᠭᠠᠷ | ᠰᠠᠷ᠎ᠠ ᠶᠢᠨ ᠰᠡᠭᠦᠯᠴᠢ ᠠᠴᠠ ᠡᠮᠦᠨ᠎ᠡ ᠵᠤᠬᠢᠬᠤᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ | ᠠᠯᠪᠠᠨ ᠭᠡᠷ ᠢ ᠪᠠᠶᠢᠭᠤᠯᠵᠤ᠂ ᠲᠣᠰ ᠭᠠᠵᠠᠷ ᠣᠷᠣᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠳᠤ | ᠲᠣᠬᠢᠶᠠᠯᠳᠤᠭᠰᠠᠨ ᠬᠦᠴᠢᠷᠳᠡᠯ ᠪᠠ ᠠᠰᠠᠭᠤᠳᠠᠯ ᠤᠳ ᠢ ᠴᠠᠭ ᠲᠤᠬᠠᠶ ᠳᠤ ᠨᠢ ᠰᠢᠢᠳᠪᠦᠷᠢᠯᠡᠬᠦ ᠬᠡᠷᠡᠭᠲᠡᠶ᠃ ᠡᠯ᠎ᠡ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠨᠢ 2020 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠠᠴᠠ | ᠡᠮᠦᠨ᠎ᠡ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ ᠪᠠᠶᠢᠭᠤᠯᠵᠤ᠂ ᠭᠠᠴᠠᠭ᠎ᠠ | ᠲᠣᠰᠬᠤᠨ ︵ᠰᠠᠭᠤᠭᠠᠯᠢ ᠠᠷᠠᠳ ︶ ᠤ ᠵᠥᠪᠯᠡᠯ ᠨᠢ 2020 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠤᠭᠤᠶᠢᠯᠠᠩ ᠢ ᠪᠠᠶᠢᠭᠤᠯᠵᠤ᠂ ᠲᠣᠰ ᠬᠠᠷᠢᠶ᠎ᠠ | ᠲᠤᠭᠤᠷᠢᠭ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢᠶᠠᠨ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠣᠨ᠂ ᠭᠠᠴᠠᠭ᠎ᠠ ᠲᠣᠰᠬᠤᠨ ︵ᠰᠠᠭᠤᠭᠠᠯᠢ ᠠᠷᠠᠳ ︶ ᠤ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠦ᠂ | ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠳᠤ ᠨᠡᠶᠢᠭᠡᠮ ᠤᠨ ᠬᠦᠴᠦᠨ ᠢ ᠥᠷᠭᠡᠨ ᠢᠶᠠᠷ ᠬᠥᠲᠥᠯᠥᠨ | ᠵᠢᠯᠣᠭᠤᠳᠴᠤ ᠳᠠᠶᠢᠴᠢᠯᠠᠬᠤ ᠪᠠ ᠵᠣᠬᠢᠶᠠᠨ ᠪᠠᠶᠢᠭᠤᠯᠵᠤ ᠪᠠᠶᠢᠭᠠᠳ ᠢᠳᠡᠪᠬᠢᠲᠡᠶ ᠣᠷᠣᠯᠴᠠᠭᠤᠯᠬᠤ ᠶᠢᠨ ᠬᠠᠮᠲᠤ | ᠬᠢᠨᠠᠮᠠᠭᠠᠶ ᠬᠠᠮᠵᠢᠯᠴᠠᠭᠤᠯᠤᠨ ᠰᠠᠶᠢᠲᠤᠷ ᠬᠢᠬᠦ ᠬᠡᠷᠡᠭᠲᠡᠶ᠃ | ︵ᠬᠤᠶᠠᠷ︶ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ᠃ | ᠥᠪᠡᠷᠲᠡᠭᠡᠨ ᠵᠠᠰᠠᠬᠤ ᠣᠷᠣᠨ ᠤ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠢ ᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠤᠨ ᠶᠣᠰᠣᠭᠠᠷ᠂ ᠲᠤᠰ ᠲᠤᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ ᠬᠦᠴᠦ ᠪᠠᠨ ᠬᠠᠮᠲᠤᠳᠬᠠᠨ | ᠬᠤᠷᠰᠢᠯᠴᠠᠵᠤ᠂ ᠨᠢᠭᠲᠠ ᠬᠠᠮᠵᠢᠯᠴᠠᠨ ᠠᠵᠢᠯᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠬᠦᠴᠦ ᠪᠠᠨ | ᠬᠠᠮᠲᠤᠳᠬᠠᠨ ᠰᠠᠶᠢᠲᠤᠷ ᠬᠢᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠨᠢ | ᠨᠡᠶᠢᠳᠡᠮ ᠪᠠᠶᠢᠴᠠᠭᠠᠯᠲᠠ ᠶᠢᠨ ᠠᠵᠢᠯ ᠢ ᠪᠣᠳᠠᠲᠠᠶ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ︔ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠨᠢ ᠨᠡᠶᠢᠳᠡᠮ ᠪᠠᠶᠢᠴᠠᠭᠠᠯᠲᠠ ᠶᠢᠨ | ᠤᠬᠠᠭᠤᠯᠭ᠎ᠠ ᠵᠢᠴᠢ ᠰᠣᠨᠢᠨ ᠮᠡᠳᠡᠭᠡᠨ ᠤ ᠵᠠᠭᠤᠴᠢᠯᠠᠭᠤᠷ ᠯᠤᠭ᠎ᠠ ᠶᠢᠨ ᠵᠣᠬᠢᠶᠠᠨ ᠪᠠᠶᠢᠭᠤᠯᠵᠦ ᠵᠣᠬᠢᠴᠠᠭᠤᠯᠬᠤ ᠠᠵᠢᠯ ᠢ | ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ ᠮᠡᠳᠡᠭᠡ | ᠵᠠᠩᠭᠢ ᠶᠢᠨ ᠠᠯᠪᠠᠨ ᠭᠡᠷ ᠨᠢ ᠨᠡᠶᠢᠳᠡᠮ ᠪᠠᠶᠢᠴᠠᠭᠠᠯᠲᠠ ᠶᠢᠨ ᠲᠣᠮᠣ ᠳ᠋ᠠᠶᠢᠲ᠋ᠠ ᠶᠢᠨ ᠬᠡᠷᠡᠭᠯᠡᠯᠲᠡ ᠪᠠ ᠢᠨᠲ᠋ᠧᠷ | ᠰᠦᠯᠵᠢᠶᠡᠨ ᠤ ᠤᠬᠠᠭᠤᠯᠭ᠎ᠠ ᠶᠢᠨ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠥᠪᠡᠷᠲᠡᠭᠡᠨ ᠵᠠᠰᠠᠬᠤ ᠣᠷᠣᠨ ᠤ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠶᠢᠨ ᠲᠥᠰᠦᠯ ᠬᠢᠭᠡᠳ ᠤᠯᠤᠰ | ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠲᠥᠯᠥᠪᠵᠢᠭᠦᠯᠭᠡ ᠵᠢᠴᠢ ᠬᠤᠯᠪᠣᠭᠳᠠᠯ ᠪᠦᠬᠦᠢ | ᠲᠤᠰᠬᠠᠶ ᠵᠦᠢᠯ ᠤᠨ ᠲᠥᠯᠥᠪᠵᠢᠭᠦᠯᠭᠡ ᠶᠢᠨ ᠵᠣᠯᠭᠠᠭᠤᠯᠬᠤ ᠠᠵᠢᠯ ᠢ ᠬᠠᠷᠢᠭᠤᠴᠠᠨ ᠵᠣᠬᠢᠴᠠᠭᠤᠯᠵᠤ᠂ ᠨᠡᠶᠢᠳᠡᠮ | ᠪᠠᠶᠢᠴᠠᠭᠠᠯᠲᠠ ᠶᠢᠨ ᠲᠦᠭᠦᠬᠡᠷᠦᠮᠵᠢ ᠶᠢᠨ ᠪᠡᠯᠡ ᠣᠷᠣᠭᠤᠯᠤᠯᠲᠠ ᠶᠢᠨ ᠪᠠᠲᠤᠯᠠᠭ᠎ᠠ ᠶᠢᠨ ᠲᠠᠯ᠎ᠠ ᠳᠤ ᠬᠤᠯᠪᠣᠭᠳᠠᠬᠤ | ᠵᠦᠢᠯ ᠤᠳ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠢ | ᠰᠤᠷᠭᠠᠭᠤᠯᠢ ᠳᠤ ᠪᠠᠶᠢᠭ᠎ᠠ ᠰᠤᠷᠤᠭᠴᠢᠳ ᠲᠠᠬᠢ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠠᠵᠢᠯ ᠵᠢᠴᠢ ᠶᠡᠭᠡ | ᠰᠤᠷᠭᠠᠭᠤᠯᠢ ᠪᠠ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ | ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ︔ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢ ᠡᠷᠦᠬᠡ ᠠᠮᠠ ᠶᠢ ᠴᠡᠭᠴᠡᠯᠡᠬᠦ ᠠᠵᠢᠯ ᠢ ᠬᠠᠷᠢᠭᠤᠴᠠᠵᠤ᠂ | ᠨᠡᠶᠢᠳᠡᠮ ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠬᠢᠭᠡᠳ ᠡᠷᠦᠬᠡ ᠠᠮᠠ ᠶᠢᠨ ᠵᠠᠰᠠᠭ | ᠵᠠᠬᠢᠷᠭᠠᠨ ᠤ ᠲᠡᠮᠳᠡᠭᠯᠡᠯ ᠢ ᠬᠠᠷᠢᠭᠤᠴᠠᠭᠤᠯᠵᠤ ᠬᠠᠷᠭᠤᠭᠤᠯᠬᠤ ᠠᠵᠢᠯ ᠢ ᠬᠠᠮᠵᠢᠯᠴᠠᠨ ᠥᠷᠨᠢᠭᠦᠯᠵᠦ᠂ ᠨᠡᠶᠢᠳᠡᠮ | ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤᠨ ᠳᠠᠬᠢ ᠬᠠᠮᠢᠶ᠎ᠠ ᠪᠦᠬᠦᠢ ᠠᠵᠢᠯ ᠢ ᠬᠠᠮᠵᠢᠯᠴᠠᠨ᠎ᠠ︔ ᠥᠪᠡᠷᠲᠡᠭᠡᠨ | ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠨᠢ ᠵᠠᠰᠠᠭ ᠵᠠᠬᠢᠷᠭᠠᠨ ᠤ ᠣᠷᠣᠨ ᠬᠤᠪᠢᠶᠠᠷᠢᠯᠠᠯ ᠤᠨ | ᠲᠠᠯ᠎ᠠ ᠪᠠᠷ ᠵᠣᠬᠢᠴᠠᠭᠤᠯᠤᠨ ᠬᠠᠮᠵᠢᠯᠴᠠᠬᠤ ᠠᠵᠢᠯ ᠢ ᠬᠠᠷᠢᠭᠤᠴᠠᠵᠤ᠂ ᠥᠭᠦᠭᠰᠡᠨ ᠬᠥᠮᠦᠨ ᠠᠮᠠ ᠶᠢ | ᠣᠷᠤᠰᠢᠭᠤᠯᠤᠭᠰᠠᠨ ᠲᠠᠯ᠎ᠠ ᠳᠤ ᠬᠠᠮᠢᠶᠠᠳᠠᠬᠤ ᠵᠠᠰᠠᠭ ᠵᠠᠬᠢᠷᠭᠠᠨ ᠤ ᠲᠡᠮᠳᠡᠭᠯᠡᠯ ᠢ ᠬᠠᠪᠰᠤᠷᠤᠨ ᠬᠠᠩᠭᠠᠨ᠎ᠠ︔ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠤᠨ | ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ | ᠪᠠᠶᠠᠯᠢᠭ ᠤᠨ ᠲᠢᠩᠬᠢᠮ ᠨᠢ ᠨᠡᠶᠢᠳᠡᠮ ᠪᠠᠶᠢᠴᠠᠭᠠᠯᠲᠠ ᠶᠢᠨ ᠵᠢᠷᠤᠭ ᠵᠢᠷᠤᠨᠨᠯᠠᠬᠤ ᠳᠤ ᠬᠡᠷᠡᠭᠰᠡᠬᠦ ᠭᠠᠵᠠᠷ ᠵᠦᠶ ᠶᠢᠨ | ᠮᠡᠳᠡᠭᠡ ᠵᠠᠩᠭᠢ ᠶᠢᠨ ᠮᠠᠲ᠋ᠧᠷᠢᠶᠠᠯ ᠤᠨ ᠵᠣᠬᠢᠴᠠᠭᠤᠯᠤᠨ ᠪᠠᠲᠤᠯᠠᠬᠤ ᠠᠵᠢᠯ ᠢ ᠬᠠᠷᠢᠭᠤᠴᠠᠨ᠎ᠠ︔ ᠥᠪᠡᠷᠲᠡᠭᠡᠨ ᠵᠠᠰᠠᠬᠤ | ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠨᠢ ᠬᠤᠲᠠ ᠶᠢᠨ | ᠬᠠᠮᠢᠶᠠᠷᠤᠯᠲᠠ᠂ ᠠᠳᠠᠯ ᠠᠬᠤᠶ ᠵᠡᠷᠭᠡ ᠰᠠᠯᠠᠭ᠎ᠠ ᠮᠥᠴᠢᠷ ᠢ ᠵᠣᠬᠢᠴᠠᠭᠤᠯᠵᠤ ᠪᠠᠶᠢᠭᠠᠳ ᠨᠡᠶᠢᠳᠡᠮ ᠪᠠᠶᠢᠴᠠᠭᠠᠯᠲᠠ ᠶᠢᠨ | ᠳᠠᠩᠰᠠᠯᠠᠨ ᠲᠡᠮᠳᠡᠭᠯᠡᠬᠦ ᠱᠠᠲᠤᠨ ᠤ ᠬᠠᠮᠢᠶ᠎ᠠ ᠪᠥᠬᠦᠶ ᠠᠵᠢᠯ ᠳᠤ ᠬᠠᠮᠵᠢᠯᠴᠠᠬᠤ ᠶᠢ ᠬᠠᠷᠢᠭᠤᠴᠠᠨ᠎ᠠ︔ ᠥᠪᠡᠷᠲᠡᠭᠡᠨ | ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠨᠡᠶᠢᠳᠡᠮ ᠪᠠᠶᠢᠴᠠᠭᠠᠯᠲᠠ ᠥᠷᠨᠢᠭᠦᠯᠬᠦ ᠳᠤ | ᠠᠰᠢᠭᠲᠠᠶ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠵᠢᠴᠢ ᠨᠡᠶᠢᠳᠡᠮ ᠪᠠᠶᠢᠴᠠᠭᠠᠯᠲᠠ ᠳᠤ ᠳᠠᠩᠰᠠᠯᠠᠨ | ᠲᠡᠮᠲᠡᠭᠯᠡᠭᠰᠡᠨ ᠮᠡᠳᠡᠭᠡ ᠵᠠᠩᠭᠢ ᠶᠢ ᠡᠷᠡᠭᠦᠯ ᠬᠠᠮᠠᠭᠠᠯᠠᠯ ᠡᠷᠡᠭᠦᠯ ᠮᠡᠨᠳᠦ ᠲᠠᠢ ᠬᠠᠮᠢᠶᠠᠳᠠᠬᠤ ᠵᠠᠰᠠᠭ ᠵᠠᠬᠢᠷᠭᠠᠨ ᠤ | ᠲᠡᠮᠳᠡᠭᠯᠡᠯ ᠯᠦᠭᠡ ᠬᠠᠷᠢᠴᠠᠭᠤᠯᠵᠤ ᠬᠠᠷᠭᠤᠭᠤᠯᠬᠤ ᠠᠵᠢᠯ ᠢ ᠬᠠᠷᠢᠭᠤᠴᠠᠵᠤ᠂ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠳᠠᠩᠰᠠᠯᠠᠨ ᠲᠡᠮᠳᠡᠭᠯᠡᠬᠦ ᠱᠠᠲᠤᠨ ᠤ ᠬᠠᠮᠢᠶ᠎ᠠ ᠪᠦᠬᠦᠢ ᠠᠵᠢᠯ ᠢ ᠬᠠᠮᠵᠢᠯᠴᠠᠨ᠎ᠠ᠃ ᠤᠳᠤᠷᠢᠳᠬᠤ | ᠳᠤᠭᠤᠶᠢᠯᠠᠩ ᠤᠨ ᠪᠤᠰᠤᠳ ᠪᠦᠷᠢᠯᠳᠦᠬᠦᠨ ᠨᠢᠭᠡᠴᠢ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ | ᠶᠣᠰᠣᠭᠠᠷ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠵᠣᠬᠢᠴᠠᠭᠤᠯᠬᠤ᠂ ᠨᠡᠶᠢᠳᠡᠮ ᠪᠠᠶᠢᠴᠠᠭᠠᠯᠲᠠ ᠶᠢᠨ | ᠳᠠᠩᠰᠠᠯᠠᠨ ᠲᠡᠮᠳᠡᠭᠯᠡᠬᠦ ᠪᠠ ᠤᠬᠠᠭᠤᠯᠤᠨ ᠳᠠᠶᠢᠴᠢᠯᠠᠬᠤ ᠵᠡᠷᠭᠡ ᠠᠵᠢᠯ ᠤᠳ ᠢ ᠬᠠᠮᠵᠢᠯᠴᠠᠨ ᠰᠠᠶᠢᠲᠤᠷ ᠬᠢᠬᠦ | ᠬᠡᠷᠡᠭᠲᠡᠶ᠃ | ︵ᠭᠤᠷᠪᠠ︶ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠬᠡᠷᠡᠭᠴᠡᠭᠡ ᠪᠠᠨ ᠦᠨᠳᠦᠰᠦᠯᠡᠵᠦ᠂ ᠨᠥᠬᠦᠴᠡᠯ ᠳᠤ ᠨᠡᠶᠢᠴᠡᠬᠦ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ | ᠪᠠ ᠨᠡᠶᠢᠳᠡᠮ ᠪᠠᠶᠢᠴᠠᠭᠠᠭᠴᠢ ᠶᠢ ᠤᠷᠢᠬᠤ ᠪᠣᠶᠤ ᠬᠤᠯᠪᠣᠭᠳᠠᠯ ᠪᠦᠬᠦᠢ ᠨᠢᠭᠡᠴᠢ ᠠᠴᠠ ᠵᠢᠭᠡᠯᠡᠵᠦ ᠬᠡᠷᠡᠭᠯᠡᠬᠦ ᠬᠡᠷᠡᠭᠲᠡᠶ᠃ | ᠨᠡᠶᠢᠳᠡᠮ ᠪᠠᠶᠢᠴᠠᠭᠠᠯᠲᠠ ᠬᠢᠬᠦ ᠣᠷᠣᠨ ᠪᠦᠷᠢ ᠳᠤ ᠨᠠᠭᠠᠳᠤ ᠵᠠᠬ᠎ᠠ ᠳᠤ ᠪᠠᠨ ᠨᠡᠶᠢᠳᠡᠮ ᠪᠠᠶᠢᠴᠠᠭᠠᠯᠲᠠ ᠶᠢᠨ | ᠵᠢᠯᠣᠭᠤᠳᠣᠭᠴᠢ ᠶᠢ 1 ᠲᠣᠬᠢᠷᠠᠭᠤᠯᠵᠤ᠂ ᠨᠡᠶᠢᠳᠡᠮ ᠪᠠᠶᠢᠴᠠᠭᠠᠭᠴᠢ ᠶᠢᠨ ᠠᠵᠢᠯ ᠢ ᠪᠠᠶᠢᠷᠢᠯᠠᠭᠤᠯᠬᠤ᠂ ᠵᠢᠯᠣᠭᠤᠳᠬᠤ᠂ | ᠰᠢᠮᠳᠠᠭᠤᠯᠬᠤ ᠪᠠ ᠪᠠᠶᠢᠴᠠᠭᠠᠬᠤ ᠶᠢ ᠬᠠᠷᠢᠭᠤᠴᠠᠭᠤᠯᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠬᠢᠬᠦ ᠰᠠᠭᠤᠭᠠᠯᠢ | ᠲᠣᠭᠤᠷᠢᠭ ᠪᠦᠷᠢ ᠳᠤ ᠨᠠᠭᠠᠳᠤ ᠵᠠᠬ᠎ᠠ ᠳᠤ ᠪᠠᠨ ᠨᠡᠶᠢᠳᠡᠮ ᠪᠠᠶᠢᠴᠠᠭᠠᠭᠴᠢ ᠶᠢ 1 ᠲᠣᠬᠢᠷᠠᠭᠤᠯᠵᠤ᠂ ᠡᠷᠦᠬᠡ ᠳᠤ | ᠣᠷᠤᠵᠤ ᠳᠠᠩᠰᠠᠯᠠᠨ ᠲᠡᠮᠳᠡᠭᠯᠡᠬᠦ ᠵᠡᠷᠭᠡ ᠨᠡᠶᠢᠳᠡᠮ ᠪᠠᠶᠢᠴᠠᠭᠠᠯᠲᠠ ᠶᠢᠨ ᠠᠵᠢᠯ ᠢ ᠬᠠᠷᠢᠭᠤᠴᠠᠭᠤᠯᠬᠤ ᠬᠡᠷᠡᠭᠲᠡᠢ᠃ | ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠠ ᠨᠡᠶᠢᠳᠡᠮ ᠪᠠᠶᠢᠴᠠᠭᠠᠭᠴᠢ ᠶᠢ ᠲᠥᠷᠥ ᠶᠢᠨ ᠪᠠᠶᠢᠭᠤᠯᠭ᠎ᠠ᠂ | ᠨᠡᠶᠢᠭᠡᠮ ᠤᠨ ᠪᠦᠯᠬᠦᠮ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠠᠴᠠ ᠵᠢᠭᠡᠯᠡᠵᠦ ᠬᠡᠷᠡᠭᠯᠡᠵᠦ ᠪᠣᠯᠬᠤ | ᠪᠥᠭᠡᠳ ᠪᠠᠰᠠ ᠭᠠᠴᠠᠭ᠎ᠠ ᠲᠣᠰᠬᠤᠨ ︵ᠰᠠᠭᠤᠭᠠᠯᠢ ᠠᠷᠠᠳ︶ ᠤ ᠵᠥᠪᠯᠡᠯ ᠪᠤᠶᠤ ᠨᠡᠶᠢᠭᠡᠮ ᠠᠴᠠ ᠤᠷᠢᠵᠦ ᠪᠣᠯᠤᠨ᠎ᠠ᠃ | ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠣᠯᠤᠨ ᠨᠡᠶᠢᠳᠡᠮ ᠪᠠᠶᠢᠴᠠᠭᠠᠭᠴᠢ ᠶᠢ ᠵᠢᠭᠡᠯᠡᠵᠦ ᠬᠡᠷᠡᠭᠯᠡᠬᠦ | ᠪᠠ ᠤᠷᠢᠬᠤ ᠠᠵᠢᠯ ᠢ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠬᠤ | ᠬᠡᠷᠡᠭᠲᠡᠢ᠃ | ᠨᠡᠶᠢᠳᠡᠮ ᠪᠠᠶᠢᠴᠠᠭᠠᠯᠲᠠ ᠶᠢᠨ ᠠᠵᠢᠯ ᠤᠨ ᠡᠩᠨᠡᠭᠡ ᠶᠢ ᠲᠣᠭᠲᠠᠭᠤᠨ ᠪᠠᠶᠢᠯᠭᠠᠵᠤ᠂ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠶᠢᠨ ᠲᠤᠰᠠᠳᠠ᠂ ᠤᠷᠢᠨᠨᠰᠠᠨ | ᠠᠵᠢᠯᠳᠠᠨ ᠤ ᠪᠠᠨ ᠬᠦᠳᠡᠯᠮᠦᠷᠢ ᠶᠢᠨ ᠬᠥᠯᠥᠰᠥ ᠣᠯᠭᠤᠮᠵᠢ ᠶᠢ ᠴᠠᠭ ᠲᠤᠬᠠᠶ ᠳᠤ ᠨᠢ ᠲᠤᠭᠠᠴᠠᠵᠦ᠂ ᠵᠢᠭᠡᠯᠡᠵᠦ | ᠬᠡᠷᠡᠭᠯᠡᠭᠰᠡᠨ ᠠᠵᠢᠯᠳᠠᠨ ᠤ ᠪᠠᠨ ᠤᠤᠯ ᠤᠨ ᠨᠢᠭᠡᠴᠢ ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠤᠮᠵᠢ ᠶᠢ ᠨᠢ | ᠬᠤᠪᠢᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠬᠠᠮᠲᠤ ᠤᠤᠯ ᠤᠨ ᠠᠵᠢᠯ ᠤᠨ ᠪᠠᠶᠢᠷᠢ ᠶᠢ ᠨᠢ ᠦᠯᠡᠳᠡᠭᠡᠬᠦ | ᠬᠡᠷᠡᠭᠲᠡᠶ᠃ ᠤᠷᠢᠨᠨᠰᠠᠨ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ ᠪᠠ ᠨᠡᠶᠢᠳᠡᠮ ᠪᠠᠶᠢᠴᠠᠭᠠᠭᠴᠢ ᠶᠢᠨ | ᠬᠥᠳᠡᠯᠮᠦᠷᠢ ᠶᠢᠨ ᠬᠥᠯᠥᠰᠥ ᠣᠯᠭᠤᠮᠵᠢ ᠶᠢ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠵᠠᠷᠤᠳᠠᠯ ᠳᠤ | ᠲᠣᠬᠢᠷᠠᠭᠤᠯᠵᠤ᠂ ᠤᠷᠢᠵᠤ ᠬᠡᠷᠡᠭᠯᠡᠭᠰᠡᠨ ᠨᠢᠭᠡᠴᠢ ᠠᠴᠠ ᠲᠤᠭᠠᠴᠠᠬᠤ ᠬᠡᠷᠡᠭᠲᠡᠢ᠃ | ᠳᠥᠷᠪᠡ᠂ ᠵᠠᠷᠤᠳᠠᠯ ᠤᠨ ᠪᠠᠲᠤᠯᠠᠭ᠎ᠠ | ᠲᠥᠷᠥ ᠲᠠᠷᠬᠠᠭᠠᠭᠰᠠᠨ ︹ 2019 ︺ 24 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ | ᠶᠣᠰᠣᠭᠠᠷ᠂ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ | ᠬᠡᠷᠡᠭᠰᠡᠬᠦ ᠵᠠᠷᠤᠳᠠᠯ ᠢ ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ | ᠬᠠᠮᠳᠤ ᠪᠠᠷ ᠡᠭᠦᠷᠭᠡᠯᠡᠨ᠎ᠡ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠳᠤ ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠭᠦᠢᠴᠡᠳ | ᠲᠤᠭ᠎ᠠ ᠪᠠᠷ ᠰᠠᠯᠭᠠᠨ ᠥᠭᠴᠦ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠣᠭᠤᠷᠢᠭ︶ ᠬᠤᠶᠠᠷ ᠱᠠᠲᠤᠨ ᠤ ᠡᠳ᠋ ᠤᠨ ᠵᠠᠰᠠᠭ ᠨᠢ ᠨᠡᠶᠢᠳᠡᠮ ᠪᠠᠶᠢᠴᠠᠭᠠᠯᠲᠠ ᠶᠢᠨ | ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠶᠢᠨ ᠬᠥᠳᠡᠯᠮᠦᠷᠢ ᠶᠢᠨ ᠬᠥᠯᠥᠰᠥ ᠣᠯᠭᠤᠮᠵᠢ ᠵᠢᠴᠢ ᠨᠡᠶᠢᠳᠡᠮ | ᠪᠠᠶᠢᠴᠠᠭᠠᠯᠲᠠ ᠶᠢᠨ ᠵᠢᠭᠠᠨ ᠵᠢᠯᠣᠭᠤᠳᠣᠭᠴᠢ᠂ ᠨᠡᠶᠢᠳᠡᠮ ᠪᠠᠶᠢᠴᠠᠭᠠᠭᠴᠢ ᠬᠤᠪᠢ ᠶᠢᠨ ᠤᠶᠤᠨᠴᠢ ᠭᠠᠷ | ᠤᠲᠠᠰᠤ ᠪᠠᠷ ᠢᠶᠠᠨ ᠲᠤᠭ᠎ᠠ ᠪᠠᠷᠢᠮᠲᠠ ᠴᠤᠨᠨᠯᠠᠭᠤᠯᠬᠤ ᠳᠤ ᠬᠡᠷᠡᠭᠯᠡᠭᠰᠡᠨ ᠭᠠᠷ ᠤᠳᠠᠰᠤᠨ ᠤ ᠵᠠᠷᠤᠳᠠᠯ ᠤᠨ | ᠨᠡᠮᠡᠭᠦᠷᠢ ᠶᠢ ᠭᠤᠤᠯᠳᠠᠯᠭ᠎ᠠ ᠲᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠡᠯ᠎ᠡ ᠭᠠᠵᠠᠷ ᠣᠷᠣᠨ ᠨᠡᠶᠢᠳᠡᠮ | ᠪᠠᠶᠢᠴᠠᠭᠠᠯᠲᠠ ᠶᠢᠨ ᠵᠠᠷᠤᠳᠠᠯ ᠤᠨ ᠠᠰᠠᠭᠤᠳᠠᠯ ᠠᠴᠠ ᠪᠣᠯᠵᠤ ᠨᠡᠶᠢᠳᠡᠮ ᠪᠠᠶᠢᠴᠠᠭᠠᠯᠲᠠ ᠶᠢᠨ ᠠᠵᠢᠯ ᠢ ᠥᠷᠨᠢᠭᠦᠯᠬᠦ ᠪᠠ | ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠴᠢᠨᠠᠷ ᠢ ᠨᠢ ᠨᠦᠯᠦᠭᠡᠯᠡᠵᠦ ᠪᠣᠯᠬᠤ ᠦᠭᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠬᠠᠤᠯᠢ ᠶᠣᠰᠣᠭᠠᠷ ᠨᠡᠶᠢᠳᠡᠮ ᠪᠠᠶᠢᠴᠠᠭᠠᠬᠤ ᠶᠢ ᠪᠠᠷᠢᠮᠲᠠᠯᠠᠬᠤ ᠬᠡᠷᠡᠭᠲᠡᠶ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠤᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ | ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ ᠶᠢᠨ | ᠬᠡᠷᠡᠭᠵᠢᠭᠦᠯᠬᠦ ᠳᠦᠷᠢᠮ︾᠂ ︽ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠳᠦᠷᠢᠮ︾ | ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ᠂ ᠨᠡᠶᠢᠳᠡᠮ ᠪᠠᠶᠢᠴᠠᠭᠠᠯᠲᠠ ᠶᠢᠨ ᠡᠯ᠎ᠡ | ᠵᠦᠢᠯ ᠤᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠳᠠᠬᠢ ᠲᠤᠭ᠎ᠠ ᠪᠠᠷᠢᠮᠲᠠ ᠶᠢ | ᠨᠡᠶᠢᠳᠡᠮ ᠪᠠᠶᠢᠴᠠᠭᠠᠯᠳᠠ ᠳᠤ ᠬᠡᠷᠡᠭᠯᠡᠬᠦ ᠵᠤᠷᠢᠯᠭ᠎ᠠ ᠪᠠᠷ ᠬᠢᠵᠠᠭᠠᠷᠯᠠᠨ ᠲᠤᠨᠨᠳᠠᠭᠠᠵᠦ᠂ ᠶᠠᠮᠠᠷᠪᠠ ᠰᠠᠯᠠᠭ᠎ᠠ ᠮᠥᠴᠢᠷ | ᠪᠠ ᠨᠢᠭᠡᠴᠢ ᠭᠡᠳ ᠡᠳᠡᠬᠡᠷ ᠢ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯ ᠢ ᠰᠢᠯᠭᠠᠨ ᠬᠢᠨᠠᠬᠤ᠂ | ᠱᠠᠩᠨᠠᠵᠤ ᠲᠣᠷᠭᠠᠬᠤ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ ᠨᠡᠶᠢᠳᠡᠮ ᠪᠠᠶᠢᠴᠠᠭᠠᠯᠲᠠ ᠳᠤ ᠣᠯᠤᠭᠰᠠᠨ ᠲᠠᠩ | ᠭᠠᠭᠴᠠ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠪᠡᠶ᠎ᠡ ᠭᠠᠷᠤᠯ ᠢ ᠢᠯᠭᠠᠨ ᠲᠠᠨᠢᠬᠤ ᠪᠤᠶᠤ ᠵᠦᠢᠴᠢᠯᠡᠨ ᠮᠠᠭᠠᠳᠯᠠᠵᠤ | ᠳᠡᠶᠢᠯᠬᠦ ᠮᠠᠲ᠋ᠧᠷᠢᠶᠠᠯ ᠢᠶᠠᠷ ᠨᠡᠶᠢᠳᠡᠮ ᠪᠠᠶᠢᠴᠠᠭᠠᠭᠳᠠᠬᠤ ᠡᠲᠡᠭᠡᠳ ᠢ ᠰᠢᠢᠳᠭᠡᠨ ᠲᠣᠷᠭᠠᠬᠤ ᠵᠡᠷᠭᠡ ᠵᠠᠰᠠᠭ | ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠶ᠃ | ︵ᠬᠤᠶᠠᠷ︶ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠬᠤ ᠬᠡᠷᠡᠭᠲᠡᠢ᠃ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠮᠦᠷᠳᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ | ᠪᠠᠶᠢᠭᠤᠯᠤᠮᠵᠢ ᠨᠢ ᠨᠡᠶᠢᠳᠡᠮ ᠪᠠᠶᠢᠴᠠᠭᠠᠯᠲᠠ ᠶᠢᠨ ᠠᠵᠢᠯ ᠤᠨ ᠶᠠᠪᠤᠴᠠ ᠳᠠᠬᠢ ᠰᠠᠬᠢᠯᠭ᠎ᠠ ᠪᠠᠲᠤ ᠬᠠᠤᠯᠢ | ᠴᠠᠭᠠᠵᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠪᠠ ᠨᠡᠪᠲᠡᠷᠡᠭᠦᠯᠦᠨ ᠮᠡᠳᠡᠬᠡᠯᠡᠵᠦ | ᠢᠯᠡᠷᠡᠭᠦᠯᠦᠨ ᠢᠯᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠢ ᠵᠣᠷᠢᠭᠤᠳᠠ | ᠬᠠᠷᠰᠢᠯᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ | ᠶᠠᠪᠤᠭᠳᠠᠬᠤ ᠪᠠ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠦᠭᠡᠳ ᠣᠨᠣᠪᠴᠢᠲᠠᠶ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ ᠶᠠᠪᠤᠴᠠ ᠳᠤ ᠨᠠᠮ ᠤᠨ ᠰᠠᠬᠢᠯᠭ᠎ᠠ | ᠪᠠᠲᠤ ᠵᠠᠰᠠᠭ ᠤᠨ ᠶᠠᠪᠤᠳᠠᠯ ᠤᠨ ᠰᠢᠢᠳᠭᠡᠯ ᠥᠭᠬᠦ ᠬᠡᠷᠡᠭᠲᠡᠶ ᠪᠤᠶᠤ ᠵᠣᠬᠢᠶᠠᠨ ᠪᠠᠶᠢᠭᠤᠯᠤᠯᠲᠠ ᠠᠴᠠ ᠰᠢᠢᠳᠪᠦᠷᠢᠯᠡᠬᠦ | ᠴᠢᠬᠤᠯᠠᠲᠠᠢ ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭᠠᠳᠤ | ᠬᠦᠮᠦᠨ ᠢ ᠢᠯᠡᠷᠡᠭᠦᠯᠪᠡᠯ᠂ ᠲᠤᠭ᠎ᠠ ᠪᠦᠷᠢᠳᠬᠡᠯ ᠤᠨ ᠪᠠᠶᠢᠭᠤᠯᠤᠮᠵᠢ ᠠᠴᠠ ᠲᠣᠭᠲᠠᠭᠠᠯ ᠶᠣᠰᠣᠭᠠᠷ ᠰᠢᠢᠳᠭᠡᠯ | ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠶᠢᠨ ᠬᠠᠮᠲᠤ᠂ ᠲᠣᠮᠢᠯᠠᠬᠤ ᠪᠠᠭᠤᠯᠭᠠᠬᠤ ᠪᠠᠶᠢᠭᠤᠯᠭ᠎ᠠ᠂ ᠰᠠᠬᠢᠯᠭ᠎ᠠ | ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠤᠶᠤ ᠵᠣᠬᠢᠶᠠᠨ ᠪᠠᠶᠢᠭᠤᠯᠤᠯᠲᠠ ︵ ᠠᠵᠢᠯᠳᠠᠨ ᠤ ᠶᠠᠪᠤᠳᠠᠯ︶ | ᠶᠢᠨ ᠰᠠᠯᠠᠭ᠎ᠠ ᠮᠥᠴᠢᠷ ᠲᠤ ᠴᠠᠭ ᠲᠤᠬᠠᠶ ᠳᠤ ᠨᠢ ᠰᠢᠯᠵᠢᠭᠦᠯᠦᠨ ᠬᠦᠷᠭᠡᠬᠦ ᠬᠡᠷᠡᠭᠲᠡᠶ᠃ | ︵ᠭᠤᠷᠪᠠ︶ ᠮᠡᠳᠡᠭᠡ ᠵᠠᠩᠬᠢᠴᠢᠯᠠᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃ ᠳᠣᠯᠣᠳᠤᠭᠠᠷ | ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠳᠤ ᠡᠯᠧᠺᠲᠷᠤᠨᠴᠢᠯᠠᠭᠰᠠᠨ ᠠᠷᠭ᠎ᠠ | ᠮᠠᠶ᠋ᠢᠭ ᠢᠶᠠᠷ ᠨᠡᠶᠢᠳᠡᠮ ᠪᠠᠶᠢᠴᠠᠭᠠᠯᠳᠠ ᠶᠢᠨ ᠳᠠᠩᠰᠠᠯᠠᠨ ᠲᠡᠮᠳᠡᠭᠯᠡᠬᠦ ᠠᠵᠢᠯ ᠢ ᠥᠷᠨᠢᠭᠦᠯᠵᠦ᠂ ᠡᠯᠧᠺᠲᠷᠤᠨ ᠢᠶᠠᠷ | ᠴᠤᠭᠯᠠᠭᠤᠯᠬᠤ ᠲᠥᠬᠦᠭᠡᠷᠦᠮᠵᠢ ︵PAD︶ ᠪᠤᠶᠤ ᠨᠡᠶᠢᠳᠡᠮ ᠪᠠᠶᠢᠴᠠᠭᠠᠭᠴᠢ ᠶᠢᠨ ᠦᠨᠡᠨ ᠨᠡᠷ᠎ᠡ ᠪᠠᠷ ᠭᠡᠷᠡᠴᠢᠯᠡᠭᠰᠡᠨ | ᠤᠶᠤᠨᠴᠢ ᠭᠠᠷ ᠤᠲᠠᠰᠤ ᠪᠠᠷ ᠨᠡᠶᠢᠳᠡᠮ ᠪᠠᠶᠢᠴᠠᠭᠠᠭᠳᠠᠬᠤ ᠡᠲᠡᠭᠡᠳ ᠤᠨ ᠮᠡᠳᠡᠭᠡ ᠵᠠᠩᠭᠢ ᠶᠢ ᠳᠠᠩᠰᠠᠯᠠᠨ | ᠲᠡᠮᠳᠡᠭᠯᠡᠬᠦ ᠶᠢᠨ ᠬᠠᠮᠲᠤ ᠴᠠᠭ ᠲᠤᠬᠠᠶ ᠳᠤ ᠨᠢ ᠳᠡᠭᠡᠭᠰᠢ ᠮᠡᠳᠡᠭᠦᠯᠦᠨ᠎ᠡ᠂ ᠡᠰᠡᠭᠦᠯ᠎ᠡ ᠨᠡᠶᠢᠳᠡᠮ ᠪᠠᠶᠢᠴᠠᠭᠠᠭᠳᠠᠬᠤ | ᠡᠲᠡᠭᠡᠳ ᠢᠨᠲ᠋ᠧᠷ ᠰᠦᠯᠵᠢᠶ᠎ᠡ ᠪᠠᠷ ᠦᠪᠡᠰᠦᠪᠡᠨ ᠲᠠᠭᠯᠠᠨ ᠮᠡᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ | ᠨᠡᠶᠢᠳᠡᠮ ᠪᠠᠶᠢᠴᠠᠭᠠᠯᠲᠠ ᠬᠢᠬᠦ ᠣᠷᠣᠨ ᠪᠦᠷᠢ ᠳᠤ ᠨᠠᠭᠠᠳᠤ ᠵᠠᠬ᠎ᠠ ᠳᠤ ᠪᠠᠨ 1 — 2 ᠰᠠᠭᠤᠷᠢ PAD | ᠪᠠᠶᠢᠬᠤ ᠶᠢ ᠪᠠᠲᠤᠯᠠᠵᠤ᠂ ᠨᠡᠶᠢᠳᠡᠮ ᠪᠠᠶᠢᠴᠠᠭᠠᠯᠲᠠ ᠶᠢᠨ ᠣᠷᠣᠨ ᠪᠦᠰᠡᠶᠢᠨ ᠵᠢᠷᠤᠭ ᠵᠢᠷᠤᠵᠦ ᠦᠢᠯᠡᠳᠬᠦ ᠵᠡᠷᠭᠡ | ᠠᠵᠢᠯ ᠳᠤ ᠬᠡᠷᠡᠭᠯᠡᠬᠦ ᠬᠡᠷᠡᠭᠲᠡᠶ᠃ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠲᠡᠮᠳᠡᠭᠯᠡᠯ ᠢ ᠥᠷᠭᠡᠨ ᠢᠶᠠᠷ ᠬᠡᠷᠡᠭᠯᠡᠵᠦ᠂ | ᠨᠡᠶᠢᠳᠡᠮ ᠪᠠᠶᠢᠴᠠᠭᠠᠯᠲᠠ ᠳᠤ ᠲᠣᠮᠣ ᠳ᠋ᠠᠶᠢᠲ᠋ᠠ ᠬᠡᠷᠡᠭᠯᠡᠬᠦ ᠶᠢ ᠠᠬᠢᠭᠤᠯᠤᠨ᠂ ᠨᠡᠶᠢᠳᠡᠮ ᠪᠠᠶᠢᠴᠠᠭᠠᠯᠲᠠ ᠶᠢᠨ ᠲᠤᠭ᠎ᠠ | ᠪᠠᠷᠢᠮᠲᠠ ᠶᠢ ᠴᠤᠭᠯᠠᠭᠤᠯᠤᠨ ᠰᠢᠢᠳᠪᠦᠷᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃ ᠡᠷᠬᠡᠳᠦ | ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠪᠦᠬᠦ ᠴᠤᠪᠤᠷᠠᠯ ᠳᠤ ᠬᠠᠮᠠᠭᠠᠯᠠᠯᠲᠠ ᠬᠢᠬᠦ ᠶᠢ ᠴᠢᠩᠭᠠᠳᠬᠠᠬᠤ | ᠬᠡᠷᠡᠭᠲᠡᠶ᠂ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ ᠠᠵᠢᠯᠲᠠᠳ ᠨᠢ ᠨᠢᠭᠤᠴᠠ ᠶᠢ | ᠬᠠᠮᠠᠭᠠᠯᠠᠬᠤ ᠡᠭᠦᠷᠭᠡ ᠪᠠᠨ ᠡᠷᠭᠡᠪᠰᠢ ᠴᠢᠩᠭ᠎ᠠ ᠭᠦᠢᠴᠡᠳᠭᠡᠵᠦ᠂ ᠶᠠᠮᠠᠷᠪᠠ ᠪᠠᠶᠢᠭᠤᠯᠤᠮᠵᠢ᠂ ᠨᠢᠭᠡᠴᠢ᠂ ᠬᠤᠪᠢ | ᠬᠥᠮᠦᠨ ᠳᠤ ᠡᠷᠬᠡᠳᠦ ᠠᠷᠠᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠵᠠᠳᠠᠷᠠᠭᠤᠯᠬᠤ ᠪᠤᠶᠤ ᠬᠤᠳᠠᠯᠳᠤᠭᠠᠯᠠᠬᠤ ᠶᠢ | ᠴᠢᠩᠭ᠎ᠠ ᠴᠠᠭᠠᠵᠠᠯᠠᠨ᠎ᠠ᠃ | ︵ᠳᠥᠷᠪᠡ︶ ᠤᠬᠠᠭᠤᠯᠭ᠎ᠠ ᠶᠢᠨ ᠠᠵᠢᠯ ᠢᠶᠠᠨ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠨᠡᠶᠢᠳᠡᠮ | ᠪᠠᠶᠢᠴᠠᠭᠠᠯᠲᠠ ᠶᠢᠨ ᠪᠠᠶᠢᠭᠤᠯᠤᠮᠵᠢ ᠨᠢ ᠤᠬᠠᠭᠤᠯᠭ᠎ᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠨᠡᠶᠢᠳᠡᠮ | ᠪᠠᠶᠢᠴᠠᠭᠠᠯᠲᠠ ᠶᠢᠨ ᠤᠬᠠᠭᠤᠯᠭ᠎ᠠ ᠶᠢ ᠤᠬᠠᠭᠠᠯᠠᠨ ᠰᠡᠳᠦᠬᠦ ᠪᠠ ᠵᠣᠬᠢᠶᠠᠨ ᠪᠠᠶᠢᠭᠤᠯᠬᠤ ᠠᠵᠢᠯ ᠢᠶᠠᠨ ᠬᠢᠨᠠᠮᠠᠭᠠᠶ | ᠰᠠᠶᠢᠲᠤᠷ ᠬᠢᠵᠦ᠂ ᠣᠯᠠᠨ ᠵᠦᠢᠯ ᠤᠨ ᠠᠷᠭ᠎ᠠ ᠪᠠᠷᠢᠯ ᠢᠶᠠᠷ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ | ᠠᠮᠠ ᠶᠢᠨ ᠨᠡᠶᠢᠳᠡᠮ ᠪᠠᠶᠢᠴᠠᠭᠠᠯᠲᠠ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠭᠦᠨᠵᠡᠭᠡᠶ ᠤᠬᠠᠭᠤᠯᠵᠤ᠂ | ᠥᠷᠭᠡᠨ ᠣᠯᠠᠨ ᠨᠡᠶᠢᠳᠡᠮ ᠪᠠᠶᠢᠴᠠᠭᠠᠭᠳᠠᠬᠤ ᠡᠲᠡᠭᠡᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠳᠡᠮ | ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠬᠤ ᠪᠠ ᠨᠡᠶᠢᠳᠡᠮ ᠪᠠᠶᠢᠴᠠᠭᠠᠯᠲᠠ ᠶᠢᠨ ᠲᠥᠷᠥᠯ ᠵᠦᠢᠯ ᠢ ᠨᠢ | ᠦᠨᠡᠨ ᠪᠣᠳᠠᠲᠠᠶ ᠪᠠᠷ ᠭᠤᠶᠤᠴᠢᠯᠠᠨ ᠮᠡᠳᠡᠬᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ | ᠬᠡᠷᠡᠭᠵᠢᠭᠦᠯᠦᠭᠳᠡᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ | | ᠳᠠᠭᠠᠯᠳᠤᠭᠤᠯᠤᠯ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ | | 2020 ᠣᠨ ᠤ 1 ᠳ᠋ᠦ᠋ᠭᠡᠷ ᠰᠠᠷ᠎ᠠ ᠶᠢᠨ 10 ᠤ ᠡᠳᠦᠷ | | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | | ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ | ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠭᠡᠰᠢᠭᠦᠨ ᠤ ᠨᠡᠷᠡᠰ | | | ᠳᠤᠭᠤᠶᠢᠯᠠᠩ ᠤᠨ ᠳᠠᠷᠤᠭ᠎ᠠ᠄ | ᠮᠠ ᠰᠢᠤᠸᠠᠢ ᠵᠢᠶᠦ᠋ᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ | ᠪᠠᠶᠢᠩᠭᠤ ᠶᠢᠨ ᠳᠡᠳ᠋ ᠲᠡᠷᠢᠭᠦᠯᠡᠭᠴᠢ | ᠳᠤᠭᠤᠶᠢᠯᠠᠩ ᠤᠨ ᠳᠡᠳ᠋ ᠳᠠᠷᠤᠭ᠎ᠠ᠄ | ᠶᠠᠩ ᠯᠢ ᠮᠢᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ | ᠫᠠᠨ ᡁᠢ ᠹᠧᠩ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ | ᠳᠠᠷᠤᠭ᠎ᠠ | ᠵᠧᠤ ᠴᠦᠨ ᠵᠢᠶᠧ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ | ᠯᠢᠦ ᠯᠢ ᠵᠢᠦᠸᠠᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠳᠡᠳ᠋ ᠡᠷᠬᠢᠯᠡᠭᠴᠢ | ᠬᠥᠬᠡ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ | ᠳᠡᠳ᠋ ᠳᠠᠷᠤᠭ᠎ᠠ | ᠵᠤᠤ ᠳ᠋ᠠ ᠶᠦᠩ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ | ᠲᠢᠩᠬᠢᠮ ᠤᠨ ᠳᠡᠳ᠋ ᠳᠠᠷᠤᠭ᠎ᠠ | ᠬᠠᠨ ᠶᠢᠦ ᠮᠢᠩ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠨᠢᠭᠡᠳᠦᠭᠡᠷ ᠳᠡᠰ ᠤᠨ ᠪᠠᠶᠢᠴᠠᠭᠠᠨ | ᠰᠤᠳᠤᠯᠤᠨᠨᠴᠢ | ᠸᠠᠩ ᠵᠠᠨ ᠭᠦᠸᠧ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠳᠡᠳ᠋ ᠡᠷᠬᠢᠯᠡᠭᠴᠢ | ᠭᠡᠰᠢᠭᠦᠨ᠄ | ᠵᠢᠶ ᠴᠢᠶᠠᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠠᠳᠠᠭᠠᠳᠤ ᠶᠠᠪᠤᠳᠠᠯ ᠤᠨ | ᠠᠯᠪᠠᠨ ᠬᠡᠷ ᠤᠨ ᠳᠡᠳ᠋ ᠡᠷᠬᠢᠯᠡᠭᠴᠢ | ᠯᠢ ᠫᠧᠶ ᠶᠠᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠠᠯᠪᠠᠨ ᠭᠡᠷ ᠤᠨ ᠳᠡᠳ᠋ ᠡᠷᠬᠢᠯᠡᠭᠴᠢ | ᠵᠠᠩ ᠰᠢ ᠷᠦᠩ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ | ᠰᠤᠷᠭᠠᠨ ᠬᠦᠮᠦᠵᠢᠯ ᠤᠨ ᠶᠡᠷᠦᠩᠬᠡᠶ ᠪᠠᠶᠢᠴᠠᠭᠠᠭᠴᠢ | ᠯᠢ ᠭᠦᠸᠧ ᠴᠧᠩ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠬᠢᠯᠡᠬᠦ | ᠵᠥᠪᠯᠡᠯ ᠤᠨ ᠳᠡᠳ᠋ ᠡᠬᠢᠯᠡᠭᠴᠢ | ᠹᠧᠩ ᠬᠦᠬᠡ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ | ᠳᠡᠳ᠋ ᠳᠠᠷᠤᠭ᠎ᠠ | ᠡᠤ ᠲᠢᠶᠧ ᠴᠧᠩ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ | ᠳᠡᠳ᠋ ᠳᠠᠷᠤᠭ᠎ᠠ | ᠮᠠ ᠪᠦᠦ ᠭᠦᠸᠧ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ | ᠳᠡᠳ᠋ ᠳᠠᠷᠤᠭ᠎ᠠ | ᠯᠢᠦ ᠬᠤᠤ ᠱᠧᠩ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠬᠤᠶᠠᠳᠤᠭᠠᠷ ᠳᠡᠰ ᠤᠨ ᠪᠠᠶᠢᠴᠠᠭᠠᠨ | ᠰᠤᠳᠤᠯᠤᠨᠨᠴᠢ | ᠶᠦᠨ ᠠᠢ ᠾᠧᠦ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ | ᠲᠣᠰᠬᠤᠨ ᠮᠠᠯᠵᠢᠬᠤ ᠣᠷᠣᠨ ᠤ ᠲᠢᠩᠬᠢᠮ ᠤᠨ ᠳᠡᠳ᠋ ᠳᠠᠷᠤᠭ᠎ᠠ | ᠫᠧᠩ ᠸᠠᠨ ᠵᠧᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠪᠠᠶᠢᠴᠠᠭᠠᠨ | ᠰᠤᠳᠤᠯᠤᠨᠨᠴᠢ | ᠯᠦ ᠸᠧᠨ ᠰᠢᠶᠠᠩ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶᠠᠨ ᠤ | ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠨᠨᠴᠢ | ᠯᠢᠦ ᠰᠢᠶᠠᠩ ᠳ᠋ᠦᠩ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶᠠᠨ ᠤ | ᠳᠡᠳ᠋ ᠳᠠᠷᠤᠭ᠎ᠠ | ᠴᠧᠩ ᠰᠢ ᠥᠪᠡᠷᠲᠡᠭᠡᠨ ᠵᠠᠰᠠᠬᠤ ᠣᠷᠣᠨ ᠤ ᠰᠤᠳᠤᠯᠬᠤ ᠲᠠᠰᠤᠭ ᠤᠨ | ᠳᠡᠳ᠋ ᠡᠷᠬᠢᠯᠡᠭᠴᠢ | ᠵᠧᠩ ᠰᠢᠩ ᠸᠠᠩ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ | ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠤᠤ ᠷᠦᠩ ᠬᠦᠶ ᠥᠪᠥᠷ ᠮᠣᠩᠭᠤᠯ ᠤᠨ ᠴᠢᠮᠡᠭᠡ ᠨᠡᠪᠳᠡᠷᠡᠯᠬᠡ ᠶᠢᠨ ᠬᠠᠮᠢᠶᠠᠷᠤᠯᠲᠠ ᠶᠢᠨ ᠲᠣᠪᠴᠢᠶᠠᠨ ᠤ | ᠳᠡᠳ᠋ ᠳᠠᠷᠤᠭ᠎ᠠ | ᠸᠠᠩ ᠬᠤᠸᠠ ᠯᠢᠨ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ | ᠠᠵᠢᠯ ᠤᠨ ᠲᠣᠪᠴᠢᠶᠠᠨ ᠤ ᠳᠡᠳ᠋ ᠡᠷᠬᠢᠯᠡᠭᠴᠢ | ᠰᠦᠩ ᠯᠢ ᠰᠢᠨ ᠵᠡᠪᠰᠡᠭᠲᠦ ᠴᠬᠠᠳᠠᠭᠠᠨ ᠤ ᠥᠪᠥᠷ ᠮᠣᠩᠭᠤᠯ ᠤᠨ ᠶᠡᠷᠦᠩᠬᠡᠶ ᠠᠩᠭᠢ ᠶᠢᠨ | ᠤᠯᠤᠰ ᠲᠥᠷᠥ ᠶᠢᠨ ᠠᠵᠢᠯ ᠤᠨ ᠬᠡᠯᠲᠡᠰ ᠤᠨ ᠳᠡᠳ᠋ ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠠᠯᠪᠠᠨ ᠭᠡᠷ ᠢ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ | ᠲᠣᠪᠴᠢᠶᠠᠨ ᠳᠤ ᠪᠠᠶᠢᠷᠢᠯᠠᠭᠤᠯᠵᠤ᠂ ᠠᠯᠪᠠᠨ ᠭᠡᠷ ᠤᠨ ᠡᠷᠬᠢᠯᠡᠭᠴᠢ ᠶᠢ ᠥᠪᠡᠷᠲᠡᠭᠡᠨ ᠵᠠᠰᠠᠬᠤ ᠣᠷᠣᠨ ᠤ ᠲᠤᠭ᠎ᠠ | ᠪᠦᠷᠢᠳᠬᠡᠯ ᠤᠨ ᠲᠣᠪᠴᠢᠶᠠᠨ ᠤ ᠳᠡᠳ᠋ ᠳᠠᠷᠤᠭ᠎ᠠ ᠯᠢᠦ ᠰᠢᠶᠠᠩ ᠳ᠋ᠦᠩ ᠬᠠᠪᠰᠤᠷᠭᠠᠨ ᠬᠠᠷᠢᠭᠤᠴᠠᠨ᠎ᠠ᠃ | | |