ᠬᠠᠶᠢᠷ᠎ᠠ ᠬᠠᠯᠠᠮᠵᠢ ᠶᠢᠨ ᠨᠢᠭᠡᠴᠢ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠪᠠ 12 ᠠᠶᠢᠮᠠᠭ ᠬᠤᠲᠠ ᠳᠤ ᠰᠦᠬᠡᠷᠬᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠵᠢᠴᠢ ᠢᠵᠢ ᠪᠦᠷᠢᠳᠦᠭᠦᠯᠦᠭᠰᠡᠨ ᠡᠮᠴᠢᠯᠡᠬᠡᠨ ᠤ ᠲᠥᠬᠦᠭᠡᠷᠦᠮᠵᠢ ᠬᠠᠨᠳᠢᠪᠯᠠᠪᠠ
ᠨᠡᠶᠢᠲᠡᠯᠡᠭᠰᠡᠨ ᠴᠠᠭ᠄
2020/3/23
     3 ᠰᠠᠷ᠎ᠠ ᠶᠢᠨ 21᠎ ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠵᠢᠴᠢ ᠢᠵᠢ ᠪᠦᠷᠢᠳᠦᠭᠦᠯᠦᠭᠰᠡᠨ ᠡᠮᠴᠢᠯᠡᠬᠡᠨ ᠤ ᠲᠥᠬᠦᠭᠡᠷᠦᠮᠵᠢ ᠬᠠᠨᠳᠢᠪᠯᠠᠬᠤ ᠠᠵᠢᠯᠯᠠᠭ᠎ᠠ ᠬᠥᠬᠡᠬᠤᠲᠠ ᠳᠤ ᠶᠠᠪᠤᠭᠳᠠᠪᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠨᠡᠷ᠎ᠡ ᠬᠦᠨᠳᠦᠲᠦ ᠳᠠᠷᠤᠭ᠎ᠠ ᠪᠦ᠋ ᠰᠢᠶᠤᠤ ᠯᠢᠨ ᠬᠠᠨᠳᠢᠪᠯᠠᠬᠤ ᠠᠵᠢᠯᠯᠠᠭ᠎ᠠ ᠳᠤ ᠣᠷᠣᠯᠴᠠᠭᠰᠠᠨ ᠪᠥᠭᠡᠳ ᠣᠷᠳᠣᠰ ᠬᠤᠲᠠ ᠶᠢᠨ ᠤᠯᠠᠭᠠᠨ ᠬᠦᠭᠵᠢᠭᠦᠯᠦᠯᠳᠡ ᠶᠢᠨ ᠪᠦᠯᠦᠭᠯᠡᠯ ᠺᠣᠮᠫᠠᠨᠢ᠂ ᠥᠪᠥᠷ ᠮᠣᠩᠭᠤᠯ ᠤᠨ ᠯᠣᠤ ᠨᠢᠤ ᠨᠢᠭᠦᠯᠡᠰᠦᠩᠭᠦᠶ ᠶᠢᠨ ᠰᠠᠭᠤᠷᠢ ᠮᠥᠩᠭᠦᠨ ᠤ ᠨᠡᠶᠢᠭᠡᠮᠯᠢᠭ᠂ ᠥᠪᠥᠷ ᠮᠣᠩᠭᠤᠯ ᠤᠨ ᠢ ᠲᠠᠢ ᠪᠦᠯᠦᠭᠯᠡᠯ ᠺᠣᠮᠫᠠᠨᠢ ᠵᠡᠷᠭᠡ 3 ᠬᠠᠶᠢᠷ᠎ᠠ ᠬᠠᠯᠠᠮᠵᠢ ᠶᠢᠨ ᠬᠠᠨᠳᠢᠪ ᠦᠭᠭᠦᠭᠰᠡᠨ ᠨᠢᠭᠡᠴᠢ ᠳᠤ ᠬᠠᠨᠳᠢᠪᠯᠠᠭᠰᠠᠨ ᠦᠨᠡᠮᠯᠠᠯ ᠤᠯᠭᠤᠵᠥ᠂ ᠬᠠᠨᠳᠢᠪ ᠬᠦᠯᠢᠶᠡᠭᠰᠡᠨ ᠨᠢᠭᠡᠴᠢ ᠳᠤ ᠲᠡᠷᠭᠡᠨ ᠲᠦᠯᠬᠢᠭᠦᠷ ᠭᠠᠷᠳᠠᠭᠤᠯᠵᠥ᠂ ᠰᠢᠨ᠎ᠡ ᠪᠠᠷ ᠵᠣᠬᠢᠶᠠᠨ ᠪᠠᠶᠢᠭᠤᠯᠤᠭᠰᠠᠨ ᠥᠪᠥᠷ ᠮᠣᠩᠭᠤᠯ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠲᠦᠷᠭᠡᠨ ᠠᠪᠤᠷᠠᠯᠳᠠ ᠶᠢᠨ ᠰᠢᠯᠵᠢᠭᠦᠯᠦᠨ ᠲᠡᠭᠡᠭᠡᠪᠦᠷᠢᠯᠡᠬᠦ ᠲᠡᠷᠭᠡᠨ ᠠᠩᠭᠢ ᠳᠤ ᠲᠤᠭ ᠣᠯᠭᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠦᠪᠡᠷᠳᠡᠭᠡᠨ ᠵᠠᠰᠠᠬᠤ ᠤᠷᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠳᠠᠷᠤᠭ᠎ᠠ ᠡᠸᠤ ᠶᠠᠩ ᠰᠢᠶᠤᠤ ᠬᠤᠶ ᠬᠠᠨᠳᠢᠪᠯᠠᠬᠤ ᠠᠵᠢᠯᠯᠠᠭ᠎ᠠ ᠶᠢ ᠡᠷᠭᠢᠯᠡᠪᠡ᠃      ᠤᠯᠠᠭᠠᠨ ᠪᠦᠯᠦᠭᠯᠡᠯ ᠺᠤᠮᠫᠠᠨᠢ᠂ ᠯᠤᠤ ᠨᠢᠦ ᠨᠢᠭᠦᠯᠡᠰᠦᠩᠭᠦᠶ ᠶᠢᠨ ᠰᠠᠭᠤᠷᠢ ᠮᠥᠩᠭᠦᠨ ᠤ ᠨᠡᠶᠢᠭᠡᠮᠯᠢᠭ ᠠᠴᠠ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠲᠤ ᠮᠦᠩᠬᠦ ᠬᠠᠨᠳᠢᠪᠯᠠᠵᠤ ᠪᠠᠶᠢᠭᠠᠳ ᠪᠦᠬᠦ ᠥᠷᠲᠡᠭ ᠨᠢ 995.4 ᠲᠦᠮᠡᠨ ᠲᠥᠭᠦᠷᠢᠭ ᠲᠤ ᠬᠦᠷᠬᠦ 21 ᠰᠦᠬᠡᠷᠬᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠵᠢᠴᠢ ᠢᠵᠢ ᠪᠦᠷᠢᠳᠦᠭᠦᠯᠦᠭᠰᠡᠨ ᠡᠮᠴᠢᠯᠡᠭᠡᠨ ᠤ ᠲᠥᠬᠦᠭᠡᠷᠦᠮᠵᠢ ᠶᠢ ᠬᠤᠳᠠᠯᠳᠤᠨ ᠠᠪᠴᠤ ᠦᠭᠪᠡ᠂ ᠡᠲᠡᠭᠡᠷ ᠰᠦᠬᠡᠷᠬᠦ ᠳᠠᠷᠤᠯᠲᠠᠳᠤ ᠲᠦᠷᠭᠡᠨ ᠠᠪᠤᠷᠠᠯᠳᠠ ᠶᠢᠨ ᠲᠡᠷᠭᠡ ᠵᠢᠴᠢ ᠢᠵᠢ ᠪᠦᠷᠢᠳᠦᠭᠦᠯᠦᠭᠰᠡᠨ ᠡᠮᠴᠢᠯᠡᠭᠡᠨ ᠤ ᠲᠥᠬᠦᠭᠡᠷᠦᠮᠵᠢ ᠶᠢ ᠦᠪᠡᠷᠳᠡᠬᠡᠨ ᠵᠠᠰᠠᠬᠤ ᠣᠷᠣᠨ ᠤ ᠰᠢᠭᠤᠳ ᠬᠠᠷᠢᠶ᠎ᠠ ᠭᠤᠤᠯᠳᠠᠯᠭᠠᠳᠤ ᠡᠮᠨᠡᠯᠭᠡ ᠶᠢᠨ ᠬᠤᠷᠢᠶ᠎ᠠ ᠵᠢᠴᠢ ᠪᠥᠬᠦ ᠣᠷᠣᠨ ᠤ 12 ᠠᠶᠢᠮᠠᠭ ᠬᠤᠲᠠ ᠶᠢᠨ ᠬᠠᠮᠢᠶ᠎ᠠ ᠪᠥᠬᠦᠶ ᠡᠮᠨᠡᠯᠭᠡ ᠶᠢᠨ ᠬᠤᠷᠢᠶ᠎ᠠ᠂ 120 ᠲᠦᠷᠭᠡᠨ ᠠᠪᠤᠷᠠᠯᠳᠠ ᠶᠢᠨ ᠲᠥᠪ ᠲᠤ ᠬᠤᠪᠢᠶᠠᠵᠤ ᠦᠭᠬᠦ ᠪᠤᠯᠤᠨ᠎ᠠ᠃ ᠢ ᠲᠠᠢ ᠪᠦᠯᠦᠭᠯᠡᠯ 200 ᠲᠦᠮᠡᠨ ᠲᠥᠭᠦᠷᠢᠭ ᠬᠠᠨᠳᠢᠪᠯᠠᠵᠤ᠂ ᠥᠪᠡᠷᠲᠡᠭᠡᠨ ᠵᠠᠰᠠᠬᠤ ᠣᠷᠣᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠢᠨ ᠤ ᠣᠯᠠᠨ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠤᠰᠠᠯᠠᠬᠤ ᠳᠤ ᠲᠤᠰᠬᠠᠶ ᠬᠡᠷᠡᠭᠯᠡᠬᠦ ᠶᠢ ᠳᠡᠮᠵᠢᠪᠡ᠂ ᠡᠨᠡ ᠪᠤᠯ ᠮᠠᠨ ᠤ ᠣᠷᠣᠨ ᠤ ᠭᠠᠳᠠᠭᠠᠳᠤ ᠶᠢ ᠲᠤᠰᠠᠯᠠᠬᠤ ᠪᠠᠷ ᠮᠥᠩᠭᠦ ᠬᠠᠨᠳᠢᠪᠯᠠᠭᠰᠠᠨ ᠠᠩᠬᠠᠳᠠᠭᠴᠢ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号