ᠮᠠᠨ ᠤ ᠣᠷᠣᠨ ᠨᠢᠰᠬᠡᠯ ᠤᠨ ᠬᠥᠮᠦᠨ ᠤ ᠬᠦᠴᠦ ᠪᠠᠷ ᠪᠣᠷᠣᠭᠠᠨ ᠨᠡᠮᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2020/3/24
     ᠣᠶᠢᠷ᠎ᠠ ᠳᠤ᠂ ᠰᠢᠨ ᠵᠧᠦ 60 ︵B — 3726︶ ᠨᠢᠰᠬᠡᠯ ᠥᠪᠥᠷ ᠮᠣᠩᠭᠤᠯ ᠤᠨ ᠬᠥᠮᠦᠨ ᠤ ᠬᠦᠴᠦ ᠎ ᠪᠠᠷ ᠪᠣᠷᠣᠭᠠᠨ ᠨᠡᠮᠡᠬᠦ ᠰᠠᠭᠤᠷᠢᠨ ᠭᠠᠵᠠᠷ ᠲᠤ ᠪᠠᠭᠤᠳᠠᠯᠯᠠᠭᠰᠠᠨ ᠨᠢ 2020 ᠣᠨ ᠤ ᠨᠢᠰᠬᠡᠯ ᠤᠨ ᠬᠥᠮᠦᠨ ᠤ ᠬᠦᠴᠦ ᠪᠠᠷ ᠪᠣᠷᠣᠭᠠᠨ ᠨᠡᠮᠡᠬᠦ ᠠᠵᠢᠯ ᠮᠠᠨ ᠤ ᠣᠷᠣᠨ ᠳᠤ ᠡᠬᠢᠯᠡᠭᠰᠡᠨ ᠢ ᠬᠠᠷᠠᠭᠤᠯᠪᠠ᠃       ᠡᠨᠡ ᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠣᠷᠣᠨ ᠎ ᠤ ᠴᠠᠭ ᠠᠭᠤᠷ ᠤᠨ ᠰᠠᠯᠠᠭ᠎ᠠ ᠮᠥᠴᠢᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠎ ᠶᠢᠨ ᠬᠠᠮᠲᠤ᠂ ᠬᠥᠮᠦᠨ ᠤ ᠬᠦᠴᠦ ᠪᠠᠷ ᠪᠣᠷᠣᠭᠠᠨ ᠨᠡᠮᠡᠬᠦ ᠰᠠᠭᠤᠷᠢᠨ ᠭᠠᠵᠠᠷ ᠤᠨ ᠠᠵᠢᠭᠯᠠᠨ ᠬᠡᠮᠵᠢᠬᠦ ᠲᠦᠬᠦᠭᠡᠷᠦᠮᠵᠢ᠂ ᠲᠤᠬᠠᠶᠢᠯᠠᠭᠰᠠᠨ ᠠᠵᠢᠯ ᠤᠨ ᠰᠢᠰᠲ᠋ᠧᠮ ᠪᠣᠯᠤᠨ ᠲᠣᠤᠷ ᠰᠦᠯᠵᠢᠶᠡᠨ ᠤ ᠪᠡᠯᠡᠳᠬᠡᠮᠵᠢ ᠶᠢ ᠪᠦᠬᠦ ᠲᠠᠯ᠎ᠠ ᠪᠠᠷ ᠪᠠᠶᠢᠴᠠᠭᠠᠵᠤ ᠠᠷᠠᠴᠢᠯᠠᠨ ᠬᠠᠮᠠᠭᠠᠯᠠᠵᠤ᠂ ᠠᠵᠢᠭᠯᠠᠨ ᠬᠡᠮᠵᠢᠬᠦ ᠰᠢᠰᠲ᠋ᠧᠮ ᠪᠣᠯᠤᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠨᠢᠰᠬᠡᠯ ᠤᠨ ᠬᠥᠮᠦᠨ ᠤ ᠬᠦᠴᠦ ᠪᠠᠷ ᠪᠣᠷᠣᠭᠠᠨ ᠨᠡᠮᠡᠬᠦ ᠠᠵᠢᠯ ᠦᠨᠳᠦᠷ ᠪᠦᠲᠦᠮᠵᠢᠲᠡᠢ ᠶᠠᠪᠤᠭᠳᠠᠬᠤ ᠶᠢᠨ ᠲᠤᠯᠭᠠᠭᠤᠷᠢᠯᠠᠬᠤ ᠦᠢᠯᠡᠳᠦᠯ ᠢ ᠪᠠᠲᠤᠯᠠᠪᠠ᠃ ᠣᠳᠣᠬᠠᠨ ᠳᠤ᠂ ᠪᠣᠷᠣᠭᠠᠨ ᠨᠡᠮᠡᠬᠦ ᠨᠢᠰᠬᠡᠯ ᠵᠢᠴᠢ ᠨᠢᠰᠬᠡᠯ ᠤᠨ ᠠᠴᠢᠶᠠᠯᠠᠪᠤᠷᠢ ᠶᠢᠨ ᠲᠥᠬᠦᠭᠡᠷᠦᠮᠵᠢ ᠶᠢᠨ ᠪᠠᠶᠢᠳᠠᠯ ᠮᠠᠰᠢ ᠰᠠᠶᠢᠨ ᠪᠠᠶᠢᠵᠤ᠂ ᠴᠠᠭ ᠠᠭᠤᠷ ᠤᠨ ᠰᠠᠯᠠᠭ᠎ᠠ ᠮᠥᠴᠢᠷ ᠴᠠᠭ ᠠᠭᠤᠷ ᠤᠨ ᠠᠰᠢᠭᠲᠠᠶ ᠨᠥᠬᠦᠴᠡᠯ ᠤᠳ ᠢ ᠵᠠᠪᠳᠤᠨ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠶ᠂ ᠠᠮᠤᠷ ᠲᠦᠪᠰᠢᠨ ᠨᠢᠰᠬᠡᠯ ᠤᠨ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠢ ᠦᠷᠨᠢᠭᠦᠯᠵᠦ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号