3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ | ᠮᠡᠳᠡᠭᠡᠨ ᠤ ᠠᠯᠪᠠᠨ ᠬᠡᠷ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠤᠨ 48 ᠳ᠋ᠤᠭᠠᠷ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠮᠥᠩᠭᠡ ᠰᠤᠪᠠᠭ︾ | APP ᠪᠠ ᠡᠷᠡᠭᠦᠯ ᠮᠡᠨᠳᠦ ᠶᠢᠨ ᠺᠠᠷᠲ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ | ᠶᠢᠨ ᠠᠰᠠᠭᠤᠯᠲᠠ ᠶᠢ ᠬᠠᠷᠢᠭᠤᠯᠪᠠ᠃ | ᠲᠠᠨᠢᠯᠴᠠᠭᠤᠯᠤᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠡᠭᠦᠰᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠢᠳᠡᠪᠬᠢᠲᠡᠶ ᠪᠠᠷ ᠠᠵᠢᠯᠯᠠᠨ᠂ ᠥᠪᠡᠷᠲᠡᠭᠡᠨ | ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠯ᠎ᠡ ᠵᠦᠶᠯ ᠤᠨ ᠠᠵᠢᠯ ᠤᠨ | ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃ | ᠨᠢᠭᠡ ᠳᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠴᠢᠩᠭᠠᠳᠬᠠᠵᠤ᠂ ︽ᠬᠢᠵᠢᠭ | ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ︿ᠰᠦᠯᠵᠢᠶᠡᠨ ᠳᠡᠭᠡᠷ᠎ᠡ ᠭᠦᠶᠴᠡᠳᠬᠡᠬᠦ﹀᠂ | ︿ᠤᠷᠢᠳᠴᠢᠯᠠᠨ ᠪᠣᠯᠵᠣᠵᠤ ᠭᠦᠶᠴᠡᠳᠬᠡᠬᠦ﹀᠂ ︿ᠰᠢᠦᠳᠠᠨ ᠢᠶᠠᠷ ᠭᠦᠶᠴᠡᠳᠬᠡᠬᠦ﹀ ᠪᠠᠷ ᠳᠠᠮᠵᠢᠭᠤᠯᠤᠨ ᠶᠡᠭᠡ ᠲᠢᠩᠬᠢᠮ | ᠳᠤ ᠬᠦᠷᠴᠦ ᠶᠠᠪᠤᠳᠠᠯ ᠭᠦᠢᠴᠡᠳᠬᠡᠬᠦ ᠶᠢ ᠪᠠᠭᠠᠰᠬᠠᠬᠤ ᠲᠤᠬᠠᠶ ᠰᠠᠨᠠᠭᠠᠴᠢᠯᠠᠭ᠎ᠠ ᠶᠢᠨ ᠪᠢᠴᠢᠭ︾ ᠢ ᠴᠠᠭ ᠲᠤᠬᠠᠶ ᠳᠤ | ᠨᠢ ᠨᠡᠶᠢᠲᠡᠯᠡᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ | ᠭᠦᠶᠴᠡᠳᠬᠡᠬᠦ᠂ ᠭᠠᠷ ᠤᠲᠠᠰᠤᠨ ᠳᠡᠭᠡᠷ᠎ᠡ ᠭᠦᠶᠴᠡᠳᠬᠡᠬᠦ ᠶᠢ ᠰᠠᠨᠠᠭᠠᠴᠢᠯᠠᠵᠤ᠂ ᠨᠢᠭᠤᠷ ᠵᠣᠯᠭᠠᠯ ᠥᠬᠡᠶ᠂ ᠬᠦᠷᠦᠯᠴᠡᠬᠦ | ᠴᠢᠬᠤᠯᠠ ᠦᠭᠡᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠬᠢᠭᠤᠯᠤᠨ᠎ᠠ᠃ ᠪᠥᠬᠦ | ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ | ᠫᠤᠷᠲ᠋ᠧᠯ ᠰᠦᠯᠵᠢᠶ᠎ᠡ ᠶᠢ ᠥᠭᠡᠷᠡᠴᠢᠯᠡᠨ ᠲᠠᠰ ᠳᠡᠪᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠦᠶᠯᠡᠴᠢᠯᠡᠭᠡᠨ ᠤ ᠲᠤᠰᠬᠠᠶ ᠪᠤᠯᠤᠩ ᠨᠡᠭᠡᠭᠡᠵᠦ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ | ᠦᠶᠯᠡᠴᠢᠯᠡᠭᠡ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ | ᠦᠢᠯᠡᠴᠢᠯᠡᠭᠡ ᠭᠤᠷᠪᠠᠨ ᠦᠢᠯᠡᠴᠢᠯᠡᠭᠡᠨ ᠤ ᠲᠣᠭᠤᠷᠢᠭ ᠢ ᠲᠣᠭᠲᠠᠭᠤᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ | ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ ᠪᠠᠰᠠ ᠣᠷᠣᠨ ᠪᠦᠰᠡ ᠠᠯᠤᠰᠯᠠᠨ ᠨᠡᠶᠢᠳᠡᠮ ᠭᠦᠶᠴᠡᠳᠬᠡᠬᠦ ᠪᠠ | ᠭᠤᠤᠯ ᠰᠡᠳᠦᠪᠲᠦ ᠬᠤᠷᠠᠮᠠᠯ ᠦᠢᠯᠡᠴᠢᠯᠡᠭᠡ ᠶᠢᠨ 2 ᠲᠤᠰᠬᠠᠶ ᠲᠣᠭᠤᠷᠢᠭ ᠭᠠᠷᠭᠠᠵᠤ᠂ ᠣᠷᠣᠨ ᠪᠦᠰᠡ | ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ | ᠬᠠᠩᠭᠠᠵᠤ᠂ ᠨᠢᠭᠤᠷ ᠵᠣᠯᠭᠠᠯ ᠥᠬᠡᠶ ᠬᠢᠨᠠᠨ ᠵᠥᠪᠰᠢᠶᠡᠷᠡᠬᠦ ᠶᠢ ᠶᠡᠭᠡ ᠪᠠᠷ ᠳᠥᠯᠭᠢᠨ ᠠᠬᠢᠭᠤᠯᠪᠠ᠃ | ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ | ᠦᠶᠯᠡᠴᠢᠯᠡᠭᠡᠨ ᠤ ᠲᠢᠩᠬᠢᠮ ᠤᠨ ᠠᠮᠤᠷ ᠲᠦᠪᠰᠢᠨ ᠠᠵᠢᠯᠯᠠᠬᠤ ᠶᠢ ᠦᠨᠡᠨ ᠬᠦ ᠪᠠᠲᠤᠯᠠᠵᠤ᠂ ᠪᠠᠴᠢᠮ ᠪᠤᠰᠤ ᠵᠦᠶᠯᠡᠰ | ᠢ ᠬᠤᠶᠢᠰᠢᠯᠠᠭᠤᠯᠤᠨ ᠭᠦᠶᠴᠡᠳᠬᠡᠬᠦ᠂ ᠲᠤᠰᠬᠠᠶ ᠨᠡᠪᠲᠡᠷᠡᠬᠦ ᠵᠠᠮ ᠨᠡᠭᠡᠭᠡᠨ ᠭᠦᠶᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ | ᠰᠢᠢᠳᠪᠦᠷᠢᠯᠡᠬᠦ ᠳᠤ ᠳᠥᠭᠦᠮ ᠦᠵᠡᠭᠦᠯᠪᠡ᠃ | ᠭᠤᠷᠪᠠ ᠳᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ︽ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ | ᠶᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ | ᠵᠡᠷᠭᠡ 10 ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠠᠷᠠᠭ᠎ᠠ ᠶᠢᠨ | ᠰᠢᠨ᠎ᠡ ᠪᠠᠷ ᠪᠠᠶᠢᠭᠤᠯᠬᠤ ᠲᠥᠷᠥᠯ ᠵᠦᠶᠯ ᠳᠤ ︽ᠠᠮᠠᠯᠠᠯᠲᠠ ᠶᠢᠨ ᠳᠦᠷᠢᠮ︾ ᠤᠨ ᠬᠢᠨᠠᠨ ᠵᠥᠪᠰᠢᠶᠡᠷᠡᠬᠦ | ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ | ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠬᠡᠰᠡᠭ ᠵᠦᠶᠯ ᠳᠤ | ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠬᠢᠨᠠᠨ ᠰᠢᠯᠭᠠᠬᠤ ᠶᠢ ᠬᠡᠷᠡᠭᠵᠢᠭᠦᠯᠬᠦ ᠶᠢᠨ ᠬᠠᠮᠲᠤ ᠬᠢᠨᠠᠨ ᠵᠥᠪᠰᠢᠶᠡᠷᠡᠬᠦ | ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠠᠵᠢᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ | ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠵᠤ ᠦᠶᠯᠡᠳᠪᠦᠷᠢ ᠶᠢᠨ | ᠲᠥᠷᠥᠯ ᠵᠦᠶᠯ ᠤᠨ ᠣᠶ ᠰᠢᠭᠤᠶᠢᠲᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠲᠠᠲᠠᠪᠤᠷᠢᠯᠠᠨ ᠬᠡᠷᠡᠭᠯᠡᠬᠦ ᠶᠢ | ᠬᠢᠨᠠᠨ ᠵᠥᠪᠰᠢᠶᠡᠷᠡᠬᠦ ᠴᠠᠭ ᠢ ᠤᠤᠯ ᠤᠨ 30 ᠡᠳᠦᠷ ᠪᠠᠶᠢᠭᠰᠠᠨ ᠠᠴᠠ ᠨᠢ 20 ᠡᠳᠦᠷ ᠪᠣᠯᠭᠠᠨ ᠪᠠᠭᠠᠰᠬᠠᠪᠠ᠃ | ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠠᠰᠤᠯᠤᠨ ᠪᠣᠳᠣᠬᠤ᠂ ᠪᠣᠳᠣᠵᠤ ᠣᠯᠭᠤᠬᠤ᠂ | ᠨᠥᠭᠴᠢᠭᠰᠡᠳ ᠤᠨ ᠭᠡᠷ ᠪᠦᠯᠢ ᠶᠢᠨ ᠣᠯᠭᠤᠮᠵᠢ ᠵᠡᠷᠭᠡ 3 ᠵᠦᠶᠯᠡᠰ ᠢ ᠭᠦᠶᠴᠡᠳᠬᠡᠬᠦ ᠳᠤ ᠪᠠᠩᠬᠢ ᠶᠢᠨ ᠺᠠᠷᠲ ᠤᠨ | ᠬᠠᠭᠤᠯᠪᠤᠷᠢ ᠵᠡᠷᠭᠡ 5 ᠵᠦᠶᠯ ᠤᠨ ᠮᠠᠲ᠋ᠧᠷᠢᠶᠠᠯ ᠢ ᠬᠦᠴᠦᠨ ᠦᠭᠡᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠵᠢᠭ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠬᠢᠨᠠᠨ | ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠨ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠴᠦᠨ | ᠥᠬᠡᠶ ᠪᠣᠯᠭᠠᠵᠤ᠂ ᠡᠪᠡᠳᠴᠢᠲᠡᠨ ᠰᠢᠭᠤᠳ ᠡᠮ ᠤᠨ ᠳᠡᠯᠭᠡᠭᠦᠷ ᠲᠤ ᠬᠦᠷᠴᠦ ᠨᠥᠬᠦᠴᠡᠯ ᠳᠤ ᠨᠡᠶᠢᠴᠡᠬᠦ ᠡᠮ ᠤᠨ | ᠵᠦᠶᠯ ᠵᠡᠷᠭᠡ ᠶᠢ ᠬᠤᠳᠠᠯᠳᠤᠨ ᠠᠪᠴᠤ ᠪᠣᠯᠤᠨ᠎ᠠ᠃ | ᠳᠥᠷᠪᠡ ᠳᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠡᠷᠬᠡ ᠰᠦᠷᠲᠦ ᠲᠠᠪᠴᠠᠩ ᠤᠨ ᠦᠶᠯᠡᠳᠦᠯ | ᠢ ᠭᠦᠶᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪ ᠭᠠᠷᠭᠠᠵᠤ᠂ ᠲᠥᠪ | ᠤᠨ ᠪᠠᠶᠢᠷᠢᠯᠠᠭᠤᠯᠤᠯᠲᠠ᠂ ᠥᠨᠥᠳᠥᠷ ᠤᠨ ᠠᠩᠬᠠᠷᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ | ᠤ ᠪᠠᠲᠤᠯᠠᠭ᠎ᠠ ᠵᠡᠷᠭᠡ 10 ᠪᠤᠯᠤᠩ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠪᠠ ᠬᠠᠮᠢᠶ᠎ᠠ ᠪᠦᠬᠦᠢ ᠮᠡᠳᠡᠭᠡᠯᠡᠯ ᠢ | ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤ ᠨᠢ ᠨᠡᠶᠢᠲᠡᠯᠡᠬᠦ ᠪᠣᠯᠣᠨ᠎ᠠ᠃ | 3 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ | ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠤᠨ ︽ᠮᠥᠩᠬᠡ ᠰᠤᠪᠠᠭ︾ | APP ᠶᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃ | ︽ᠮᠥᠩᠬᠡ ᠰᠤᠪᠠᠭ︾ APP ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠳᠦᠨ | ᠪᠠᠶᠢᠭᠤᠯᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ | ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠪᠠᠷ ᠪᠠᠶᠢᠭᠤᠯᠤᠨ ᠬᠠᠮᠲᠤᠪᠠᠷ ᠬᠡᠷᠡᠭᠯᠡᠵᠦ᠂ ᠥᠷᠭᠡᠨ ᠣᠯᠠᠨ | ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠥᠷᠲᠡᠭᠡ ᠮᠠᠶ᠋ᠢᠭ︾ ᠤᠨ ᠠᠯᠠᠭᠠᠨ | ᠳᠡᠭᠡᠷ᠎ᠡ ᠪᠠᠨ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠪᠠᠨ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠪᠠᠨ | ᠭᠦᠢᠴᠡᠳᠬᠡᠬᠦ᠂ ᠠᠯᠠᠭᠠᠨ ᠳᠡᠭᠡᠷ᠎ᠡ ᠪᠠᠨ ᠦᠨᠡᠯᠡᠬᠦ ᠵᠡᠷᠭᠡ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠵᠠᠰᠠᠭ ᠤᠨ | ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ︽ᠮᠥᠩᠬᠡ ᠰᠤᠪᠠᠭ︾ APP ᠪᠠᠰᠠ ᠰᠦᠢᠳᠬᠡᠯ | ᠲᠤᠰᠢᠶᠠᠬᠤ᠂ ᠡᠯ᠎ᠡ ᠲᠥᠷᠥᠯ ᠤᠨ ᠪᠠᠶᠢᠴᠠᠭᠠᠨ ᠯᠠᠪᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ | ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠡᠷᠦᠬᠡ ᠠᠴᠠ ᠨᠢ ᠭᠠᠷᠭᠠᠬᠤ ᠥᠬᠡᠶ ᠪᠠᠷ ᠠᠮᠢᠳᠤᠷᠠᠯ ᠳᠤ ᠨᠢ | ᠲᠥᠬᠦᠮ ᠦᠵᠡᠭᠦᠯᠦᠨ᠎ᠡ᠃ | ᠣᠳᠣᠬᠠᠨ ᠳᠤ᠂ ︽ᠮᠥᠩᠬᠡ ᠰᠤᠪᠠᠭ︾ APP ᠨᠢ ᠨᠢᠭᠡᠨᠲᠡ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ | ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ᠂ ᠣᠷᠤᠭ ᠤᠨ ᠦᠨᠡᠮᠯᠡᠯ᠂ | ᠣᠷᠤᠭ ᠰᠠᠯᠬᠤ ᠦᠨᠡᠮᠯᠡᠯ᠂ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ ᠡᠵᠡᠩᠨᠡᠯᠲᠡ ᠶᠢᠨ ᠦᠨᠡᠮᠯᠡᠯ ᠵᠡᠷᠭᠡ | 8 ᠲᠥᠷᠥᠯ ᠤᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠭᠠᠷᠭᠠᠨ ᠦᠵᠡᠭᠦᠯᠬᠦ ᠵᠢᠴᠢ ᠨᠡᠶᠢᠲᠡ ᠶᠢᠨ | ᠬᠤᠷᠠᠮᠳᠤᠯᠭ᠎ᠠ ᠶᠢᠨ ᠮᠥᠩᠭᠦ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ 55 ᠵᠦᠢᠯ ᠤᠨ | ᠬᠡᠷᠡᠭᠯᠡᠭᠡᠨ ᠤ ᠳᠠᠪᠲᠠᠮᠵᠢ ᠪᠠᠷ ᠥᠨᠳᠥᠷ ᠥᠪᠡᠷᠮᠢᠴᠡ ᠣᠨᠴᠠᠯᠢᠭᠲᠤ ᠦᠢᠯᠡᠴᠢᠯᠡᠭᠡ ᠶᠢ ᠳᠡᠮᠵᠢᠬᠦ ᠪᠣᠯᠪᠠ᠃ | ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠵᠥᠪᠬᠡᠨ ᠡᠯ᠎ᠡ ᠲᠣᠮᠣ ᠭᠠᠷ ᠤᠲᠠᠰᠤᠨ ᠤ ᠬᠡᠷᠡᠭᠯᠡᠭᠡᠨ ᠤ | ᠳᠡᠯᠭᠡᠭᠦᠷ ᠠᠴᠠ ︽ᠮᠥᠩᠬᠡ ᠰᠤᠪᠠᠭ︾ APP ᠶᠢ ᠪᠠᠭᠤᠯᠭᠠᠵᠤ ᠠᠪᠬᠤ ᠪᠤᠶᠤ ᠡᠯ᠎ᠡ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠳᠡᠯᠭᠡᠨ ᠦᠵᠡᠭᠦᠯᠵᠦ ᠪᠠᠶᠢᠭ᠎ᠠ ᠬᠤᠶᠠᠷ ᠬᠡᠮᠵᠢᠭᠳᠡᠯᠲᠦ ᠺᠣᠳ᠋ ᠢ | ᠰᠢᠷᠪᠢᠬᠦ ᠪᠠᠷ ᠳᠠᠮᠵᠢᠨ ︽ᠮᠥᠩᠬᠡ ᠰᠤᠪᠠᠭ︾ ᠢ ᠪᠠᠭᠤᠯᠭᠠᠵᠤ ᠠᠪᠬᠤ ᠶᠢᠨ ᠬᠠᠮᠲᠤ ᠳᠠᠩᠰᠠᠯᠠᠭᠤᠯᠬᠤ ᠪᠠ ᠦᠨᠡᠨ | ᠨᠡᠷ᠎ᠡ ᠪᠠᠨ ᠭᠡᠷᠡᠴᠢᠯᠡᠭᠰᠡᠨ ᠤ ᠳᠠᠷᠠᠭ᠎ᠠ ᠳᠠᠷᠤᠶ ︽ᠮᠥᠩᠬᠡ ᠰᠤᠪᠠᠭ︾ APP ᠶᠢᠨ ᠳᠣᠲᠣᠷᠠᠬᠢ ᠡᠯ᠎ᠡ ᠵᠦᠢᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠬᠡᠷᠡᠭᠯᠡᠵᠦ ᠪᠣᠯᠤᠨ᠎ᠠ᠃ | ︽ᠮᠥᠩᠬᠡ ᠰᠤᠪᠠᠭ︾ APP ︽ᠡᠯᠧᠺᠲᠷᠣᠨ ᠺᠠᠷᠲ ᠤᠨ ᠪᠣᠭᠤᠳᠠᠯ︾ ᠳᠤ ᠨᠢᠭᠡᠨᠲᠡ ᠰᠦᠯᠵᠢᠶᠡᠨ ᠳᠤ | ᠤᠷᠤᠭᠰᠠᠨ ᠡᠷᠡᠭᠦᠯ ᠮᠡᠨᠳᠦ ᠶᠢᠨ ᠺᠣᠳ᠋ ︵ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ︶᠂ | ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠯᠧᠺᠲᠷᠣᠨ ᠵᠢᠯᠣᠭᠤᠴᠢ ᠶᠢᠨ ᠦᠨᠡᠮᠯᠡᠯ᠂ ᠡᠯᠧᠺᠲᠷᠣᠨ ᠲᠡᠷᠭᠡ ᠶᠠᠪᠤᠭᠤᠯᠬᠤ | ᠦᠨᠡᠮᠯᠡᠯ᠂ ᠡᠯᠧᠺᠲᠷᠣᠨ ᠣᠷᠤᠭ ᠤᠨ ᠦᠨᠡᠮᠯᠡᠯ᠂ ᠡᠯᠧᠺᠲᠷᠣᠨ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ | ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ 8 ᠵᠦᠢᠯ ᠤᠨ ᠡᠯᠧᠺᠲᠷᠣᠨ ᠦᠨᠡᠮᠯᠡᠯ ᠨᠢ ᠰᠠᠭᠤᠭᠠᠯᠢ ᠠᠷᠠᠳ ᠤᠨ | ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ | ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠦᠵᠡᠭᠦᠯᠬᠦ ᠶᠢᠨ ᠲᠥᠯᠥᠭᠡ᠂ | ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ | ᠡᠷᠡᠭᠦᠯ ᠮᠡᠨᠳᠦ ᠶᠢᠨ ᠺᠣᠳ᠋︶ ᠪᠣᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ︽ᠨᠡᠪᠲᠡᠷᠡᠬᠦ | ᠦᠨᠡᠮᠯᠡᠯ︾ ᠮᠥᠨ᠂ ᠡᠭᠦᠨ ᠤ ᠬᠠᠮᠲᠤ ᠪᠠᠰᠠ ︽ᠡᠪᠡᠳᠴᠢᠨ ᠦᠵᠡᠭᠦᠯᠬᠦ ᠺᠠᠷᠲ︾ ᠤᠨ ᠴᠢᠳᠠᠮᠵᠢ ᠶᠢ ᠡᠭᠦᠷᠭᠡᠯᠡᠵᠦ᠂ | ᠭᠠᠵᠠᠷ ᠣᠷᠣᠨ ᠠᠯᠤᠰᠯᠠᠨ᠂ ᠡᠮᠨᠡᠯᠭᠡ ᠶᠢᠨ ᠬᠤᠷᠢᠶ᠎ᠠ ᠠᠯᠤᠰᠯᠠᠨ ᠤᠷᠢᠳᠴᠢᠯᠠᠨ ᠪᠣᠯᠵᠣᠵᠤ ᠳ᠋ᠤᠭᠠᠷᠯᠠᠬᠤ᠂ ᠠᠨᠠᠭᠠᠬᠤ | ᠤᠬᠠᠭᠠᠨ ᠤ ᠪᠠᠶᠢᠴᠠᠭᠠᠯᠲᠠ ᠬᠢᠬᠦ᠂ ᠡᠪᠡᠳᠴᠢᠨ ᠤ ᠵᠢᠱᠢᠶ᠎ᠡ ᠶᠢᠨ ᠲᠡᠮᠳᠡᠭᠯᠡᠯ ᠬᠢᠬᠦ᠂ ᠰᠦᠯᠵᠢᠶᠡᠨ ᠳᠡᠭᠡᠷ᠎ᠡ ᠰᠦᠢᠳᠬᠡᠯ | ᠲᠤᠰᠢᠶᠠᠬᠤ ᠵᠡᠷᠭᠡ ᠦᠢᠯᠡᠴᠢᠯᠡᠭᠡ ᠶᠢ ᠪᠡᠶᠡᠯᠡᠭᠦᠯᠵᠦ ᠪᠠᠶᠢᠨ᠎ᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ | ᠺᠠᠷᠲ ᠨᠢ ᠰᠠᠭᠤᠭᠠᠯᠢ ᠠᠷᠠᠳ ᠢ ᠬᠠᠪᠰᠤᠷᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠰᠦᠯᠵᠢᠶᠡᠨ | ᠳᠡᠭᠡᠷ᠎ᠡ ᠺᠣᠳ᠋ ᠰᠢᠷᠪᠢᠬᠦ ᠪᠠᠷ ᠳᠠᠮᠵᠢᠨ ᠬᠠᠮᠢᠶ᠎ᠠ ᠪᠥᠬᠦᠶ ᠵᠠᠷᠤᠳᠠᠯ ᠢᠶᠠᠨ ᠳᠥᠯᠥᠵᠦ ᠪᠣᠯᠤᠨ᠎ᠠ᠃ | ᠣᠳᠣᠬᠠᠨ ᠳᠤ ᠶᠠᠭ ᠬᠡᠷᠡᠭᠵᠢᠭᠦᠯᠵᠦ ᠪᠠᠶᠢᠭ᠎ᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ | ᠺᠠᠷᠲ ︵ᠡᠷᠡᠭᠦᠯ ᠮᠡᠨᠳᠦ ᠶᠢᠨ ᠺᠣᠳ᠋︶ ᠤᠨ ᠬᠠᠮᠢᠶᠠᠷᠤᠯᠲᠠ ᠶᠢᠨ ᠰᠢᠰᠲ᠋ᠧᠮ ᠨᠢᠭᠡᠨᠲᠡ ᠪᠥᠬᠦ ᠤᠯᠤᠰ ᠤᠨ ᠨᠢᠭᠡ | ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠳᠤ ᠵᠠᠯᠭᠠᠨ ᠣᠷᠣᠵᠤ᠂ ᠵᠢᠶᠠᠩᠰᠦ᠂ ᠨᠢᠩᠰᠢᠶᠠ᠂ | ᠱᠠᠨᠳᠦ᠋ᠩ᠂ ᠰᠢᠨᠵᠢᠶᠠᠩ᠂ ᠴᠦᠩᠴᠢᠩ᠂ ᠭᠤᠸᠠᠩᠳᠦ᠋ᠩ᠂ ᠲᠢᠶᠠᠨᠵᠢᠨ᠂ ᠬᠠᠶᠢᠨᠠᠨ᠂ ᠬᠤᠨᠠᠨ ᠵᠡᠷᠭᠡ ᠮᠤᠵᠢ | ᠬᠤᠲᠠ ᠲᠠᠢ ᠬᠠᠷᠢᠯᠴᠠᠨ ᠮᠡᠳᠡᠷᠡᠭᠰᠡᠨ ᠪᠠᠶᠢᠨ᠎ᠠ᠃ | ᠨᠢᠭᠡ ᠭᠠᠷ ᠤᠲᠠᠰᠤᠨ ᠤ ᠨᠣᠮᠧᠷ ᠢᠶᠠᠷ ᠭᠡᠷ ᠲᠤ ᠪᠠᠨ ᠰᠠᠭᠤᠭ᠎ᠠ ᠣᠶᠤᠨᠯᠢᠭ ᠭᠠᠷ ᠤᠲᠠᠰᠤ ᠥᠬᠡᠶ ᠨᠠᠰᠤᠲᠠᠨ᠂ | ᠨᠠᠰᠤᠨ ᠳᠤ ᠬᠦᠷᠦᠭᠡᠳᠦᠶ ᠬᠡᠤᠬᠡᠳ ᠲᠤ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠠᠪᠴᠤ ᠥᠭᠴᠦ ᠪᠣᠯᠤᠨ᠎ᠠ᠂ | ᠭᠤᠶᠤᠴᠢᠯᠠᠨ ᠠᠪᠬᠤ ᠦᠶ᠎ᠡ ᠳᠤ ᠭᠤᠶᠤᠴᠢᠯᠠᠨ ᠠᠪᠤᠭᠴᠢ ᠳᠤ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢᠨ | ᠭᠡᠷᠡᠴᠢᠯᠡᠯ ᠬᠢᠨ᠎ᠡ᠃ ᠡᠷᠡᠭᠦᠯ ᠮᠡᠨᠳᠦ ᠶᠢᠨ ᠺᠣᠳ᠋ ᠢ ᠨᠢᠭᠡ ᠯᠡ ᠤᠳᠠᠭ᠎ᠠ ᠭᠤᠶᠤᠴᠢᠯᠠᠨ ᠠᠪᠤᠪᠠᠯ ᠨᠠᠰᠤᠨ ᠲᠤᠷᠰᠢᠳᠠ | ᠬᠦᠴᠦᠨ ᠲᠠᠢ᠂ ᠮᠦᠨ ᠴᠦ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢᠨ | ᠦᠢᠯᠡᠴᠢᠯᠡᠭᠡ ᠬᠠᠩᠭᠠᠬᠤ ᠠᠴᠢᠶᠠᠯᠠᠪᠤᠷᠢ ᠪᠣᠯᠤᠨ᠎ᠠ᠂ ᠰᠠᠭᠤᠭᠠᠯᠢ ᠠᠷᠠᠳ ᠡᠷᠡᠭᠦᠯ ᠮᠡᠨᠳᠦ ᠶᠢᠨ ᠺᠣᠳ᠋ ᠢᠶᠠᠷ ᠢᠶᠠᠨ | ᠡᠮᠴᠢᠯᠡᠭᠦᠯᠵᠦ ᠪᠣᠯᠬᠤ ᠪᠦᠭᠡᠳ ᠠᠶᠢᠮᠠᠭ ᠬᠤᠲᠠ᠂ ᠡᠮᠨᠡᠯᠭᠡ ᠶᠢᠨ ᠬᠤᠷᠢᠶ᠎ᠠ ᠠᠯᠤᠰᠯᠠᠨ ᠨᠡᠶᠢᠳᠡᠮ ᠬᠡᠷᠡᠭᠯᠡᠵᠦ | ᠪᠣᠯᠤᠨ᠎ᠠ᠃ |