3 ᠳ᠋ᠤᠭᠠᠷ ᠰᠠᠷ᠎ᠠ ᠶᠢᠨ 22 ᠤᠨ ᠡᠳᠦᠷ᠂ ᠮᠠᠨ ᠤ ᠣᠷᠣᠨ ᠤ ᠵᠢᠭᠤᠯᠴᠢᠯᠠᠯ ᠤᠨ ᠣᠳᠣᠨ ᠲᠠᠰ ᠤᠨ 165 | ᠪᠠᠭᠤᠳᠠᠯ ᠡᠵᠡᠩᠨᠡᠯᠲᠡ ᠪᠠᠨ ᠰᠡᠷᠭᠦᠭᠡᠨ᠂ 1.213 ᠲᠦᠮᠡᠨ ᠣᠯᠠᠨ ᠨᠡᠶᠢᠲᠡ ᠶᠢᠨ ᠰᠣᠶᠣᠯ ᠤᠨ ᠲᠠᠯᠠᠪᠤᠷ᠂ 136 | ᠵᠢᠭᠤᠯᠴᠢᠯᠠᠯ ᠤᠨ ᠦᠵᠡᠮᠵᠢ ᠶᠢᠨ ᠣᠷᠣᠨ ᠨᠡᠭᠡᠭᠡᠯᠲᠡ ᠪᠠᠨ ᠰᠡᠷᠭᠦᠭᠡᠵᠦ᠂ ᠠᠵᠢᠯ ᠢᠶᠠᠨ ᠰᠡᠷᠭᠦᠭᠡᠭᠰᠡᠨ ᠨᠣᠷᠮ᠎ᠠ ᠲᠣᠰ | ᠲᠣᠰ 63.71%᠂ 80.51% ᠪᠠ 28.75% ᠳᠤ ᠬᠦᠷᠴᠦ᠂ ᠡᠭᠦᠨ ᠳᠤ ᠵᠢᠭᠤᠯᠴᠢᠯᠠᠯ ᠤᠨ ᠣᠳᠣᠨ | ᠲᠠᠰ ᠤᠨ ᠪᠠᠭᠤᠳᠠᠯ᠂ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠭᠠᠵᠠᠷ ᠤᠨ ᠠᠵᠢᠯ ᠢᠶᠠᠨ ᠰᠡᠷᠭᠦᠭᠡᠭᠰᠡᠨ ᠨᠣᠷᠮ᠎ᠠ | ᠨᠢ ᠵᠢᠷᠭᠤᠭᠠᠨ ᠬᠤᠪᠢ ᠠᠴᠠ ᠳᠡᠭᠡᠭᠰᠢ ᠳᠤ ᠬᠦᠷᠴᠡᠶ᠃ | 3 ᠳ᠋ᠤᠭᠠᠷ ᠰᠠᠷ᠎ᠠ ᠶᠢᠨ 16 ᠤ ᠡᠳᠦᠷ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ | ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠵᠡᠷᠭᠡ ᠲᠠᠰ ᠢ | ᠪᠦᠬᠦᠨ ᠢ ᠳᠣᠤᠷ᠎ᠠ ᠲᠦᠭᠰᠢᠭᠦᠷᠢᠲᠦ ᠵᠡᠷᠭᠡ ᠳᠡᠰ ᠪᠣᠯᠭᠠᠨ ᠳᠣᠭᠢᠷᠠᠭᠤᠯᠤᠭᠰᠠᠨ ᠠᠴᠠ ᠨᠠᠭᠠᠰᠢ᠂ ᠮᠠᠨ ᠤ ᠣᠷᠣᠨ ᠤ | ᠰᠣᠶᠣᠯ ᠪᠠ ᠵᠢᠭᠤᠯᠴᠢᠯᠠᠯ ᠤᠨ ᠹᠷᠣᠨᠲ ᠨᠢ ᠬᠢᠵᠢᠭ ᠤᠨ ᠪᠠᠶᠢᠳᠠᠯ ᠤᠨ ᠰᠡᠷᠭᠡᠶᠢᠯᠡᠯᠲᠡ ᠡᠵᠡᠮᠳᠡᠯ ᠪᠠ ᠠᠵᠤ | ᠠᠬᠤᠶ ᠶᠢᠨ ᠪᠠᠶᠢᠳᠠᠯ ᠤᠨ ᠬᠤᠪᠢᠷᠠᠯᠲᠠ ᠶᠢ ᠣᠨᠣᠪᠴᠢᠲᠠᠶ ᠡᠵᠡᠮᠳᠡᠵᠦ᠂ ᠴᠠᠭ ᠪᠠ ᠪᠠᠶᠢᠳᠠᠯ ᠳᠤ ᠨᠢ ᠵᠣᠬᠢᠴᠠᠭᠤᠯᠤᠨ | ᠠᠵᠢᠯ ᠤᠨ ᠬᠦᠴᠦᠯᠡᠬᠦ ᠴᠡᠭ ᠪᠠ ᠠᠷᠭᠠᠴᠠᠭᠠᠬᠤ ᠠᠷᠭ᠎ᠠ ᠬᠡᠮᠵᠢᠶ᠎ᠡ ᠪᠠᠨ ᠲᠣᠬᠢᠷᠠᠭᠤᠯᠤᠨ᠂ ᠰᠣᠶᠣᠯ ᠪᠠ | ᠵᠢᠭᠤᠯᠴᠢᠯᠠᠯ ᠤᠨ ᠠᠵᠢᠯ ᠲᠥᠷᠥᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠣᠨᠣᠪᠴᠢᠲᠠᠶ | ᠪᠥᠭᠡᠳ ᠡᠮᠬᠢ ᠵᠢᠷᠤᠮ ᠲᠠᠢ ᠪᠠᠷ ᠠᠬᠢᠭᠤᠯᠵᠠᠶ᠃ | 3 ᠳ᠋ᠤᠭᠠᠷ ᠰᠠᠷ᠎ᠠ ᠶᠢᠨ 22 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ | ᠲᠢᠩᠬᠢᠮ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠣᠶᠣᠯ ᠵᠢᠭᠤᠯᠴᠢᠯᠠᠯ ᠤᠨ ᠬᠥᠭᠵᠢᠯᠲᠡ ᠶᠢ | ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠬᠤ ᠲᠤᠬᠠᠶ ᠮᠡᠳᠡᠭᠳᠡᠯ︾ ᠪᠠᠭᠤᠯᠭᠠᠵᠤ᠂ ᠡᠯ᠎ᠡ ᠭᠠᠵᠠᠷ ᠤᠨ ᠰᠣᠶᠣᠯ ᠪᠠ | ᠵᠢᠭᠤᠯᠴᠢᠯᠠᠯ ᠤᠨ ᠰᠠᠯᠠᠭ᠎ᠠ ᠮᠥᠴᠢᠷ ᠡᠷᠬᠡᠪᠰᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠰᠠᠶᠢᠲᠤᠷ ᠠᠳᠬᠤᠵᠤ᠂ ᠬᠢᠯᠪᠠᠷ ᠪᠤᠰᠤ ᠪᠠᠷ ᠢᠷᠡᠭᠰᠡᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠥᠷᠭᠦᠯᠵᠢᠯᠡᠨ ᠰᠠᠶᠢᠵᠢᠷᠠᠬᠤ ᠬᠠᠨᠳᠤᠰᠢ ᠶᠢ ᠶᠠᠭᠠᠬᠢᠭᠰᠠᠨ | ᠴᠤ ᠰᠦᠷᠬᠡᠦ ᠡᠷᠭᠢᠯᠲᠡ ᠭᠠᠷᠭᠠᠵᠤ ᠪᠣᠯᠬᠤ ᠥᠬᠡᠶ ᠪᠥᠭᠡᠳ ᠰᠣᠶᠣᠯ ᠤᠨ ᠲᠠᠯᠠᠪᠤᠷ ᠭᠠᠵᠠᠷ᠂ ᠵᠢᠭᠤᠯᠴᠢᠯᠠᠯ ᠤᠨ | ᠦᠵᠡᠮᠵᠢ ᠶᠢᠨ ᠣᠷᠣᠨ᠂ ᠣᠳᠣᠨ ᠲᠠᠰ ᠤᠨ ᠪᠠᠭᠤᠳᠠᠯ ᠵᠡᠷᠭᠡ ᠰᠣᠶᠣᠯ ᠪᠠ ᠵᠢᠭᠤᠯᠴᠢᠯᠠᠯ ᠤᠨ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠢᠳᠡᠪᠬᠢᠲᠡᠶ ᠠᠬᠢᠭᠤᠯᠵᠤ᠂ ᠬᠢᠵᠢᠭ ᠤᠨ | ᠪᠠᠶᠢᠳᠠᠯ ᠠᠴᠠ ᠪᠣᠯᠤᠭᠰᠠᠨ ᠬᠤᠬᠢᠷᠠᠯ ᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠪᠠᠷ | ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃ ︽ᠥᠪᠥᠷ ᠮᠣᠩᠭᠤᠯ ᠤᠨ ᠠᠷᠠᠳ ᠣᠯᠠᠨ ᠥᠪᠥᠷ ᠮᠣᠩᠭᠤᠯ ᠳᠤ ᠪᠠᠨ | ᠵᠢᠭᠤᠯᠴᠢᠯᠠᠬᠤ︾ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠶᠣᠯ ᠤᠨ ᠰᠢᠨ᠎ᠡ ᠶᠢ ᠡᠭᠦᠳᠬᠦ ᠳᠡᠯᠭᠡᠭᠦᠷ᠂ | ᠥᠪᠡᠷᠮᠢᠴᠡ ᠣᠨᠴᠠᠯᠢᠭᠲᠤ ᠨᠣᠮ ᠤᠨ ᠳᠡᠯᠭᠡᠭᠦᠷ᠂ ᠰᠣᠶᠣᠯ ᠵᠤᠭ᠎ᠠ ᠴᠡᠩᠭᠡᠯ ᠤᠨ ᠭᠠᠵᠠᠷ ᠵᠡᠷᠭᠡ ᠶᠢ | ᠲᠥᠪᠯᠡᠷᠡᠭᠦᠯᠦᠭᠰᠡᠨ ᠣᠯᠠᠨ ᠵᠦᠢᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠴᠤᠭᠯᠠᠷᠠᠯ ᠭᠠᠵᠠᠷ ᠪᠠᠶᠢᠭᠤᠯᠬᠤ ᠶᠢ | ᠵᠣᠷᠢᠭᠵᠢᠭᠤᠯᠵᠤ᠂ ᠰᠣᠶᠣᠯ ᠤᠨ ᠬᠡᠷᠡᠭᠯᠡᠭᠡᠨ ᠢ ᠡᠯ᠎ᠡ ᠲᠥᠷᠥᠯ ᠤᠨ ᠬᠡᠷᠡᠭᠯᠡᠭᠡᠨ ᠤ ᠭᠠᠵᠠᠷ ᠲᠤ ᠰᠢᠭᠢᠳᠬᠡᠨ | ᠣᠷᠣᠭᠤᠯᠵᠤ᠂ ᠨᠡᠶᠢᠭᠡᠮ ᠲᠣᠭᠤᠷᠢᠭ ᠤᠨ ᠶᠡᠷᠦᠩᠬᠡᠶᠢᠯᠡᠭᠰᠡᠨ ᠰᠣᠶᠣᠯ ᠤᠨ ᠦᠢᠯᠡᠴᠢᠯᠡᠭᠡᠨ ᠤ ᠲᠥᠪ ᠲᠤ ᠲᠦᠰᠢᠭᠯᠡᠨ | ᠣᠯᠠᠨ ᠲᠦᠮᠡᠨ ᠤ ᠳᠡᠷᠭᠡᠳᠡᠬᠢ ᠰᠣᠶᠣᠯ ᠤᠨ ᠬᠡᠷᠡᠭᠯᠡᠭᠡᠨ ᠤ ᠲᠣᠤᠷ ᠴᠢᠭ ᠢ ᠪᠠᠶᠢᠭᠤᠯᠤᠨ᠎ᠠ᠃ ᠤᠯᠠᠮᠵᠢᠯᠠᠯᠲᠤ | ᠲᠣᠭᠯᠠᠯᠲᠠ ᠶᠢᠨ ᠲᠠᠯᠠᠪᠤᠷ ᠭᠠᠵᠠᠷ ᠪᠠ ᠮᠦᠽᠧᠶ ᠳᠤ ᠬᠠᠤᠯᠢ ᠲᠣᠭᠲᠠᠭᠠᠯ ᠶᠣᠰᠣᠭᠠᠷ ᠪᠡᠯᠡᠳᠬᠡᠮᠵᠢ ᠶᠢ ᠨᠢ | ᠥᠭᠡᠷᠡᠴᠢᠯᠡᠨ ᠳᠡᠰ ᠳᠡᠪᠰᠢᠭᠦᠯᠬᠦ ᠶᠢ ᠵᠣᠷᠢᠭᠵᠢᠭᠤᠯᠵᠤ᠂ ᠢᠳᠡᠭᠡᠨ ᠤᠮᠳᠠᠭᠠᠨ ᠤ ᠲᠣᠭᠤᠷᠢᠭ᠂ ᠦᠵᠡᠭᠴᠢᠳ ᠤᠨ | ᠠᠮᠠᠷᠠᠬᠤ ᠲᠣᠭᠤᠷᠢᠭ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠳᠡᠯᠭᠡᠨ ᠦᠵᠡᠭᠦᠯᠵᠦ ᠬᠤᠳᠠᠯᠳᠤᠬᠤ | ᠲᠣᠭᠤᠷᠢᠭ ᠢ ᠵᠦᠶ ᠵᠣᠬᠢᠰᠲᠠᠶ ᠲᠥᠬᠦᠷᠵᠢᠭᠦᠯᠦᠨ᠂ ᠨᠠᠩ ᠴᠢᠨᠠᠷ ᠰᠠᠶᠢᠲᠠᠶ ᠬᠡᠷᠡᠭᠯᠡᠭᠡᠨ ᠤ ᠣᠷᠴᠢᠨ ᠲᠣᠭᠤᠷᠢᠨ ᠢ ᠪᠤᠢ | ᠪᠣᠯᠭᠠᠨ᠎ᠠ᠃ ︽ᠢᠨᠲ᠋ᠧᠷ ᠰᠦᠯᠵᠢᠶ᠎ᠡ + ᠵᠢᠭᠤᠯᠴᠢᠯᠠᠯ︾ ᠢ ᠲᠦᠷᠭᠡᠳᠬᠡᠨ ᠠᠬᠢᠭᠤᠯᠵᠤ᠂ ᠣᠶᠤᠨᠴᠢ ᠦᠵᠡᠮᠵᠢ ᠶᠢᠨ | ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠴᠠᠭ ᠲᠤᠬᠠᠢ ᠳᠤᠨᠢ ᠬᠢᠨᠠᠨ ᠬᠡᠮᠵᠢᠬᠦ᠂ ᠰᠢᠨᠵᠢᠯᠡᠬᠦ | ᠤᠬᠠᠭᠠᠨᠴᠢ ᠪᠠᠷ ᠬᠥᠲᠥᠯᠥᠨ ᠵᠢᠯᠣᠭᠤᠳᠬᠤ᠂ ᠣᠶᠤᠨᠴᠢ ᠪᠠᠷ ᠦᠢᠯᠡᠴᠢᠯᠡᠬᠦ ᠶᠢ ᠪᠡᠶᠡᠯᠡᠭᠦᠯᠦᠨ᠎ᠡ᠃ ᠨᠢᠭᠡ ᠪᠦᠯᠦᠭ | ᠬᠡᠪᠰᠢᠭᠰᠡᠨ᠂ ᠥᠪᠡᠷᠮᠢᠴᠡ ᠣᠨᠴᠠᠯᠢᠬᠵᠢᠭᠰᠠᠨ ᠰᠥᠨᠢ ᠶᠢᠨ ᠰᠣᠶᠣᠯ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ | ᠲᠥᠷᠥᠯ ᠵᠦᠢᠯ ᠢ ᠲᠥᠪᠯᠡᠷᠡᠭᠦᠯᠦᠨ ᠨᠡᠭᠡᠭᠡᠨ ᠬᠥᠭᠵᠢᠭᠦᠯᠵᠦ᠂ ᠰᠣᠶᠣᠯ ᠪᠠ ᠵᠢᠭᠤᠯᠴᠢᠯᠠᠯ ᠤᠨ ᠲᠠᠯᠠᠪᠤᠷ ᠤᠨ | ᠰᠥᠨᠢ ᠶᠢᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠲᠣᠭᠯᠠᠯᠲᠠ ᠭᠠᠷᠭᠠᠬᠤ ᠵᠡᠷᠭᠡ ᠦᠢᠯᠡᠴᠢᠯᠡᠭᠡ ᠶᠢ | ᠰᠢᠯᠢᠳᠡᠭᠵᠢᠭᠦᠯᠦᠨ᠂ ᠠᠮᠠᠷᠠᠯᠲᠠ ᠶᠢᠨ ᠡᠳᠦᠷ ᠪᠠ ᠰᠥᠨᠢ ᠶᠢᠨ ᠠᠵᠤ ᠠᠬᠤᠶ ᠶᠢ ᠲᠠᠰᠤᠷᠠᠯᠲᠠ ᠥᠬᠡᠶ | ᠴᠡᠴᠡᠭᠯᠡᠭᠦᠯᠦᠨ᠎ᠡ᠃ |