ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 48 ᠳ᠋ᠤᠭᠠᠷ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ ︽ᠮᠥᠩᠭᠡ ᠰᠤᠪᠠᠭ︾ APP ᠪᠠ ᠡᠷᠡᠭᠦᠯ ᠮᠡᠨᠳᠦ ᠶᠢᠨ ᠺᠠᠷᠲ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ
ᠨᠡᠶᠢᠲᠡᠯᠡᠭᠰᠡᠨ ᠴᠠᠭ᠄
2020/3/24

     3 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠬᠡᠷ ᠰᠢᠨ᠎ᠡ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 48 ᠳ᠋ᠤᠭᠠᠷ ᠤᠳᠠᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠯᠪᠣᠭᠳᠠᠯ ᠪᠥᠬᠦᠶ ᠬᠠᠷᠢᠭᠤᠴᠠᠯᠭᠠᠲᠠᠨ ︽ᠮᠥᠩᠭᠡ ᠰᠤᠪᠠᠭ︾ APP ᠪᠠ ᠡᠷᠡᠭᠦᠯ ᠮᠡᠨᠳᠦ ᠶᠢᠨ ᠺᠠᠷᠲ ᠵᠡᠷᠭᠡ ᠬᠤᠯᠪᠣᠭᠳᠠᠯ ᠪᠥᠬᠦᠶ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃
     ᠲᠠᠨᠢᠯᠴᠠᠭᠤᠯᠤᠭᠰᠠᠨ ᠢᠶᠠᠷ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠡᠭᠦᠰᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠣᠪᠴᠢᠶ᠎ᠠ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠢᠳᠡᠪᠬᠢᠲᠡᠶ ᠪᠠᠷ ᠠᠵᠢᠯᠯᠠᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠪᠠ᠃
     ᠨᠢᠭᠡ ᠳᠤ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠴᠢᠩᠭᠠᠳᠬᠠᠵᠤ᠂ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ︿ᠰᠦᠯᠵᠢᠶᠡᠨ ᠳᠡᠭᠡᠷ᠎ᠡ ᠭᠦᠶᠴᠡᠳᠬᠡᠬᠦ﹀᠂  

︿ᠤᠷᠢᠳᠴᠢᠯᠠᠨ ᠪᠣᠯᠵᠣᠵᠤ ᠭᠦᠶᠴᠡᠳᠬᠡᠬᠦ﹀᠂ ︿ᠰᠢᠦᠳᠠᠨ ᠢᠶᠠᠷ ᠭᠦᠶᠴᠡᠳᠬᠡᠬᠦ﹀ ᠪᠠᠷ ᠳᠠᠮᠵᠢᠭᠤᠯᠤᠨ ᠶᠡᠭᠡ ᠲᠢᠩᠬᠢᠮ ᠳᠤ ᠬᠦᠷᠴᠦ ᠶᠠᠪᠤᠳᠠᠯ ᠭᠦᠢᠴᠡᠳᠬᠡᠬᠦ ᠶᠢ ᠪᠠᠭᠠᠰᠬᠠᠬᠤ ᠲᠤᠬᠠᠶ ᠰᠠᠨᠠᠭᠠᠴᠢᠯᠠᠭ᠎ᠠ ᠶᠢᠨ ᠪᠢᠴᠢᠭ︾ ᠢ ᠴᠠᠭ ᠲᠤᠬᠠᠶ ᠳᠤ ᠨᠢ ᠨᠡᠶᠢᠲᠡᠯᠡᠵᠦ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠦᠯᠵᠢᠶᠡᠨ ᠳᠡᠭᠡᠷ᠎ᠡ ᠭᠦᠶᠴᠡᠳᠬᠡᠬᠦ᠂ ᠭᠠᠷ ᠤᠲᠠᠰᠤᠨ ᠳᠡᠭᠡᠷ᠎ᠡ ᠭᠦᠶᠴᠡᠳᠬᠡᠬᠦ ᠶᠢ ᠰᠠᠨᠠᠭᠠᠴᠢᠯᠠᠵᠤ᠂ ᠨᠢᠭᠤᠷ ᠵᠣᠯᠭᠠᠯ ᠥᠬᠡᠶ᠂ ᠬᠦᠷᠦᠯᠴᠡᠬᠦ ᠴᠢᠬᠤᠯᠠ ᠦᠭᠡᠢ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠶᠢ ᠠᠬᠢᠭᠤᠯᠤᠨ᠎ᠠ᠃ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠫᠤᠷᠲ᠋ᠧᠯ ᠰᠦᠯᠵᠢᠶ᠎ᠡ ᠶᠢ ᠥᠭᠡᠷᠡᠴᠢᠯᠡᠨ ᠲᠠᠰ ᠳᠡᠪᠰᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠶᠯᠡᠴᠢᠯᠡᠭᠡᠨ ᠤ ᠲᠤᠰᠬᠠᠶ ᠪᠤᠯᠤᠩ ᠨᠡᠭᠡᠭᠡᠵᠦ᠂ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠦᠶᠯᠡᠴᠢᠯᠡᠭᠡ᠂ ᠵᠢᠵᠢᠭ ᠪᠢᠴᠢᠯ ᠠᠵᠤ ᠠᠬᠤᠶᠢᠯᠠᠯ ᠪᠠ ᠬᠤᠪᠢ ᠶᠢᠨ ᠦᠶᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡ ᠭᠤᠷᠪᠠᠨ ᠦᠢᠯᠡᠴᠢᠯᠡᠭᠡᠨ ᠤ ᠲᠣᠭᠤᠷᠢᠭ ᠢ ᠲᠣᠭᠲᠠᠭᠤᠨ ᠢᠶᠠᠷ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠳᠤ ᠬᠦᠴᠦᠨ ᠨᠡᠮᠡᠷᠢᠯᠡᠪᠡ᠃ ᠡᠭᠦᠨ ᠠᠴᠠ ᠭᠠᠳᠠᠨ᠎ᠠ᠂ ᠪᠠᠰᠠ ᠣᠷᠣᠨ ᠪᠦᠰᠡ ᠠᠯᠤᠰᠯᠠᠨ ᠨᠡᠶᠢᠳᠡᠮ ᠭᠦᠶᠴᠡᠳᠬᠡᠬᠦ ᠪᠠ ᠭᠤᠤᠯ ᠰᠡᠳᠦᠪᠲᠦ ᠬᠤᠷᠠᠮᠠᠯ ᠦᠢᠯᠡᠴᠢᠯᠡᠭᠡ ᠶᠢᠨ 2 ᠲᠤᠰᠬᠠᠶ ᠲᠣᠭᠤᠷᠢᠭ ᠭᠠᠷᠭᠠᠵᠤ᠂ ᠣᠷᠣᠨ ᠪᠦᠰᠡ ᠠᠯᠤᠰᠯᠠᠭᠰᠠᠨ᠂ ᠲᠠᠰ ᠳᠠᠪᠬᠤᠷᠭ᠎ᠠ ᠠᠯᠤᠰᠯᠠᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠩᠭᠠᠵᠤ᠂ ᠨᠢᠭᠤᠷ ᠵᠣᠯᠭᠠᠯ ᠥᠬᠡᠶ ᠬᠢᠨᠠᠨ ᠵᠥᠪᠰᠢᠶᠡᠷᠡᠬᠦ ᠶᠢ ᠶᠡᠭᠡ ᠪᠠᠷ ᠳᠥᠯᠭᠢᠨ ᠠᠬᠢᠭᠤᠯᠪᠠ᠃
     ᠬᠤᠶᠠᠷ ᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠤᠨ ᠠᠮᠤᠷ ᠲᠦᠪᠰᠢᠨ ᠠᠵᠢᠯᠯᠠᠬᠤ ᠶᠢ ᠦᠨᠡᠨ ᠬᠦ ᠪᠠᠲᠤᠯᠠᠵᠤ᠂ ᠪᠠᠴᠢᠮ ᠪᠤᠰᠤ ᠵᠦᠶᠯᠡᠰ ᠢ ᠬᠤᠶᠢᠰᠢᠯᠠᠭᠤᠯᠤᠨ ᠭᠦᠶᠴᠡᠳᠬᠡᠬᠦ᠂ ᠲᠤᠰᠬᠠᠶ ᠨᠡᠪᠲᠡᠷᠡᠬᠦ ᠵᠠᠮ ᠨᠡᠭᠡᠭᠡᠨ ᠭᠦᠶᠴᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ᠰᠢᠢᠳᠪᠦᠷᠢᠯᠡᠬᠦ ᠳᠤ ᠳᠥᠭᠦᠮ ᠦᠵᠡᠭᠦᠯᠪᠡ᠃
     ᠭᠤᠷᠪᠠ ᠳᠤ ᠬᠢᠨᠠᠨ ᠵᠥᠪᠰᠢᠶᠡᠷᠡᠬᠦ ᠦᠶᠯᠡᠴᠢᠯᠡᠭᠡᠨ ᠤ ︽ᠠᠮᠠᠯᠠᠯᠲᠠ ᠶᠢᠨ ᠲᠦᠷᠢᠮ︾ ᠤᠨ ᠥᠭᠡᠷᠡᠴᠢᠯᠡᠯᠲᠡ ᠶᠢ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠵᠡᠷᠭᠡ 10 ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠡᠷᠡᠭᠰᠡᠬᠦ ᠡᠳ᠋ ᠪᠠᠷᠠᠭ᠎ᠠ ᠶᠢᠨ ᠰᠢᠨ᠎ᠡ ᠪᠠᠷ ᠪᠠᠶᠢᠭᠤᠯᠬᠤ ᠲᠥᠷᠥᠯ ᠵᠦᠶᠯ ᠳᠤ ︽ᠠᠮᠠᠯᠠᠯᠲᠠ ᠶᠢᠨ ᠳᠦᠷᠢᠮ︾ ᠤᠨ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠮ ᠤᠨ ᠵᠦᠶᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠤᠯᠪᠣᠭᠳᠠᠬᠤ ᠬᠡᠰᠡᠭ ᠵᠦᠶᠯ ᠳᠤ ᠤᠷᠢᠳᠠᠪᠠᠷ ᠦᠨᠡᠮᠯᠡᠯ ᠣᠯᠭᠤᠵᠤ ᠳᠠᠷᠠᠭ᠎ᠠ ᠨᠢ ᠬᠢᠨᠠᠨ ᠰᠢᠯᠭᠠᠬᠤ ᠶᠢ ᠬᠡᠷᠡᠭᠵᠢᠭᠦᠯᠬᠦ ᠶᠢᠨ ᠬᠠᠮᠲᠤ ᠬᠢᠨᠠᠨ ᠵᠥᠪᠰᠢᠶᠡᠷᠡᠬᠦ ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠠᠵᠢᠯ ᠡᠷᠬᠢᠯᠡᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠠᠵᠤ ᠦᠶᠯᠡᠳᠪᠦᠷᠢ ᠶᠢᠨ ᠲᠥᠷᠥᠯ ᠵᠦᠶᠯ ᠤᠨ ᠣᠶ ᠰᠢᠭᠤᠶᠢᠲᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ ᠲᠠᠲᠠᠪᠤᠷᠢᠯᠠᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠴᠠᠭ ᠢ ᠤᠤᠯ ᠤᠨ 30 ᠡᠳᠦᠷ ᠪᠠᠶᠢᠭᠰᠠᠨ ᠠᠴᠠ ᠨᠢ 20 ᠡᠳᠦᠷ ᠪᠣᠯᠭᠠᠨ ᠪᠠᠭᠠᠰᠬᠠᠪᠠ᠃ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ ᠲᠠᠰᠤᠯᠤᠨ ᠪᠣᠳᠣᠬᠤ᠂ ᠪᠣᠳᠣᠵᠤ ᠣᠯᠭᠤᠬᠤ᠂ ᠨᠥᠭᠴᠢᠭᠰᠡᠳ ᠤᠨ ᠭᠡᠷ ᠪᠦᠯᠢ ᠶᠢᠨ ᠣᠯᠭᠤᠮᠵᠢ ᠵᠡᠷᠭᠡ 3 ᠵᠦᠶᠯᠡᠰ ᠢ ᠭᠦᠶᠴᠡᠳᠬᠡᠬᠦ ᠳᠤ ᠪᠠᠩᠬᠢ ᠶᠢᠨ ᠺᠠᠷᠲ ᠤᠨ ᠬᠠᠭᠤᠯᠪᠤᠷᠢ ᠵᠡᠷᠭᠡ 5 ᠵᠦᠶᠯ ᠤᠨ ᠮᠠᠲ᠋ᠧᠷᠢᠶᠠᠯ ᠢ ᠬᠦᠴᠦᠨ ᠦᠭᠡᠢ ᠪᠣᠯᠭᠠᠪᠠ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠵᠢᠭ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠨ᠂ ᠴᠣᠩᠬᠤᠪᠴᠢ ᠪᠠᠷ ᠬᠢᠨᠠᠨ ᠵᠥᠪᠰᠢᠶᠡᠷᠡᠬᠦ ᠭᠤᠭᠴᠤᠭ᠎ᠠ ᠶᠢ ᠬᠦᠴᠦᠨ ᠥᠬᠡᠶ ᠪᠣᠯᠭᠠᠵᠤ᠂ ᠡᠪᠡᠳᠴᠢᠲᠡᠨ ᠰᠢᠭᠤᠳ ᠡᠮ ᠤᠨ ᠳᠡᠯᠭᠡᠭᠦᠷ ᠲᠤ ᠬᠦᠷᠴᠦ ᠨᠥᠬᠦᠴᠡᠯ ᠳᠤ ᠨᠡᠶᠢᠴᠡᠬᠦ ᠡᠮ ᠤᠨ ᠵᠦᠶᠯ ᠵᠡᠷᠭᠡ ᠶᠢ ᠬᠤᠳᠠᠯᠳᠤᠨ ᠠᠪᠴᠤ ᠪᠣᠯᠤᠨ᠎ᠠ᠃
     ᠳᠥᠷᠪᠡ ᠳᠤ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠡᠷᠬᠡ ᠰᠦᠷᠲᠦ ᠲᠠᠪᠴᠠᠩ ᠤᠨ ᠦᠶᠯᠡᠳᠦᠯ ᠢ ᠭᠦᠶᠴᠡᠳ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠰᠬᠠᠶ ᠰᠡᠳᠦᠪ ᠭᠠᠷᠭᠠᠵᠤ᠂ ᠲᠥᠪ ᠤᠨ ᠪᠠᠶᠢᠷᠢᠯᠠᠭᠤᠯᠤᠯᠲᠠ᠂ ᠥᠨᠥᠳᠥᠷ ᠤᠨ ᠠᠩᠬᠠᠷᠤᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠭᠡᠨ ᠤ ᠪᠠᠲᠤᠯᠠᠭ᠎ᠠ ᠵᠡᠷᠭᠡ 10 ᠪᠤᠯᠤᠩ ᠲᠣᠬᠢᠷᠠᠭᠤᠯᠤᠨ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠡᠯ᠎ᠡ ᠵᠦᠶᠯ ᠤᠨ ᠠᠷᠭ᠎ᠠ ᠬᠡᠮᠵᠢᠶ᠎ᠡ ᠪᠠ ᠬᠠᠮᠢᠶ᠎ᠠ ᠪᠦᠬᠦᠢ ᠮᠡᠳᠡᠭᠡᠯᠡᠯ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠰᠢᠨ᠎ᠡ ᠪᠠᠶᠢᠳᠠᠯ ᠢ ᠴᠠᠭ ᠲᠤᠬᠠᠶ ᠳᠤ ᠨᠢ ᠨᠡᠶᠢᠲᠡᠯᠡᠬᠦ ᠪᠣᠯᠣᠨ᠎ᠠ᠃
     3 ᠳ᠋ᠤᠭᠠᠷ ᠰᠠᠷ᠎ᠠ ᠶᠢᠨ 13 ᠤ ᠡᠳᠦᠷ᠂ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠤᠨ ︽ᠮᠥᠩᠬᠡ ᠰᠤᠪᠠᠭ︾ APP ᠶᠢ ᠰᠦᠯᠵᠢᠶᠡᠨ ᠳᠤ ᠲᠤᠷᠰᠢᠨ ᠠᠵᠢᠯᠯᠠᠭᠤᠯᠪᠠ᠃
     ︽ᠮᠥᠩᠬᠡ ᠰᠤᠪᠠᠭ︾ APP ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠡᠭᠦᠳᠦᠨ ᠪᠠᠶᠢᠭᠤᠯᠤᠭᠰᠠᠨ ᠪᠥᠬᠦ ᠣᠷᠣᠨ ᠤ ᠨᠢᠭᠡ ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠰᠢᠯᠵᠢᠮᠡᠯ ᠦᠵᠦᠭᠦᠷ ᠪᠣᠯᠤᠨ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠭᠤᠷᠪᠠᠨ ᠱᠠᠲᠤ ᠬᠠᠮᠲᠤᠪᠠᠷ ᠪᠠᠶᠢᠭᠤᠯᠤᠨ ᠬᠠᠮᠲᠤᠪᠠᠷ ᠬᠡᠷᠡᠭᠯᠡᠵᠦ᠂ ᠥᠷᠭᠡᠨ ᠣᠯᠠᠨ ᠲᠦᠮᠡᠨ ᠪᠠ ᠠᠵᠤ ᠠᠬᠤᠶᠢᠯᠠᠯ ᠤᠨ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠥᠷᠲᠡᠭᠡ ᠮᠠᠶ᠋ᠢᠭ︾ ᠤᠨ ᠠᠯᠠᠭᠠᠨ ᠳᠡᠭᠡᠷ᠎ᠡ ᠪᠠᠨ ᠪᠠᠶᠢᠴᠠᠭᠠᠨ ᠯᠠᠪᠯᠠᠬᠤ᠂ ᠠᠯᠠᠭᠠᠨ ᠳᠡᠭᠡᠷ᠎ᠡ ᠪᠠᠨ ᠤᠷᠢᠳᠴᠢᠯᠠᠨ ᠪᠣᠯᠵᠣᠬᠤ᠂ ᠠᠯᠠᠭᠠᠨ ᠳᠡᠭᠡᠷ᠎ᠡ ᠪᠠᠨ ᠭᠦᠢᠴᠡᠳᠬᠡᠬᠦ᠂ ᠠᠯᠠᠭᠠᠨ ᠳᠡᠭᠡᠷ᠎ᠡ ᠪᠠᠨ ᠦᠨᠡᠯᠡᠬᠦ ᠵᠡᠷᠭᠡ ᠪᠥᠬᠦ ᠴᠤᠪᠤᠷᠠᠯ ᠤᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠡᠭᠦᠨ ᠤ ᠬᠠᠮᠲᠤ᠂ ︽ᠮᠥᠩᠬᠡ ᠰᠤᠪᠠᠭ︾ APP ᠪᠠᠰᠠ ᠰᠦᠢᠳᠬᠡᠯ ᠲᠤᠰᠢᠶᠠᠬᠤ᠂ ᠡᠯ᠎ᠡ ᠲᠥᠷᠥᠯ ᠤᠨ ᠪᠠᠶᠢᠴᠠᠭᠠᠨ ᠯᠠᠪᠯᠠᠬᠤ ᠵᠡᠷᠭᠡ ᠠᠷᠠᠳ ᠲᠤ ᠲᠥᠬᠦᠮ ᠦᠵᠡᠭᠦᠯᠬᠦ ᠣᠯᠠᠨ ᠵᠦᠢᠯ ᠤᠨ ᠦᠢᠯᠡᠴᠢᠯᠡᠭᠡ ᠬᠠᠩᠭᠠᠵᠤ᠂ ᠣᠯᠠᠨ ᠲᠦᠮᠡᠨ ᠢ ᠬᠡᠷ ᠡᠷᠦᠬᠡ ᠠᠴᠠ ᠨᠢ ᠭᠠᠷᠭᠠᠬᠤ ᠥᠬᠡᠶ ᠪᠠᠷ ᠠᠮᠢᠳᠤᠷᠠᠯ ᠳᠤ ᠨᠢ ᠲᠥᠬᠦᠮ ᠦᠵᠡᠭᠦᠯᠦᠨ᠎ᠡ᠃
     ᠣᠳᠣᠬᠠᠨ ᠳᠤ᠂ ︽ᠮᠥᠩᠬᠡ ᠰᠤᠪᠠᠭ︾ APP ᠨᠢ ᠨᠢᠭᠡᠨᠲᠡ ᠡᠷᠡᠭᠦᠯ ᠮᠡᠨᠳᠦ ᠶᠢᠨ ᠺᠠᠷᠲ᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠵᠢᠯᠣᠭᠤᠴᠢ ᠶᠢᠨ ᠦᠨᠡᠮᠯᠡᠯ᠂ ᠲᠡᠷᠭᠡ ᠶᠠᠪᠤᠭᠤᠯᠬᠤ ᠦᠨᠡᠮᠯᠡᠯ᠂ ᠣᠷᠤᠭ ᠤᠨ ᠦᠨᠡᠮᠯᠡᠯ᠂ ᠣᠷᠤᠭ ᠰᠠᠯᠬᠤ ᠦᠨᠡᠮᠯᠡᠯ᠂ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ ᠡᠵᠡᠩᠨᠡᠯᠲᠡ ᠶᠢᠨ ᠦᠨᠡᠮᠯᠡᠯ ᠵᠡᠷᠭᠡ 8 ᠲᠥᠷᠥᠯ ᠤᠨ ᠡᠯᠧᠺᠲᠷᠣᠨ ᠦᠨᠡᠮᠯᠡᠯ ᠢ ᠭᠤᠶᠤᠴᠢᠯᠠᠨ ᠠᠪᠬᠤ ᠪᠠ ᠭᠠᠷᠭᠠᠨ ᠦᠵᠡᠭᠦᠯᠬᠦ ᠵᠢᠴᠢ ᠨᠡᠶᠢᠲᠡ ᠶᠢᠨ ᠬᠤᠷᠠᠮᠳᠤᠯᠭ᠎ᠠ ᠶᠢᠨ ᠮᠥᠩᠭᠦ᠂ ᠡᠮᠴᠢᠯᠡᠭᠡᠨ ᠤ ᠳᠠᠭᠠᠳᠬᠠᠯ᠂ ᠨᠡᠶᠢᠭᠡᠮ ᠤᠨ ᠳᠠᠭᠠᠳᠬᠠᠯ ᠵᠡᠷᠭᠡ 55 ᠵᠦᠢᠯ ᠤᠨ ᠬᠡᠷᠡᠭᠯᠡᠭᠡᠨ ᠤ ᠳᠠᠪᠲᠠᠮᠵᠢ ᠪᠠᠷ ᠥᠨᠳᠥᠷ ᠥᠪᠡᠷᠮᠢᠴᠡ ᠣᠨᠴᠠᠯᠢᠭᠲᠤ ᠦᠢᠯᠡᠴᠢᠯᠡᠭᠡ ᠶᠢ ᠳᠡᠮᠵᠢᠬᠦ ᠪᠣᠯᠪᠠ᠃
     ᠥᠪᠡᠷᠲᠡᠭᠡᠨ ᠵᠠᠰᠠᠬᠤ ᠣᠷᠣᠨ ᠤ ᠰᠠᠭᠤᠭᠠᠯᠢ ᠠᠷᠠᠳ ᠵᠥᠪᠬᠡᠨ ᠡᠯ᠎ᠡ ᠲᠣᠮᠣ ᠭᠠᠷ ᠤᠲᠠᠰᠤᠨ ᠤ ᠬᠡᠷᠡᠭᠯᠡᠭᠡᠨ ᠤ ᠳᠡᠯᠭᠡᠭᠦᠷ ᠠᠴᠠ ︽ᠮᠥᠩᠬᠡ ᠰᠤᠪᠠᠭ︾ APP ᠶᠢ ᠪᠠᠭᠤᠯᠭᠠᠵᠤ ᠠᠪᠬᠤ ᠪᠤᠶᠤ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠩᠬᠢᠮ ᠳᠤ ᠳᠡᠯᠭᠡᠨ ᠦᠵᠡᠭᠦᠯᠵᠦ ᠪᠠᠶᠢᠭ᠎ᠠ ᠬᠤᠶᠠᠷ ᠬᠡᠮᠵᠢᠭᠳᠡᠯᠲᠦ ᠺᠣᠳ᠋ ᠢ ᠰᠢᠷᠪᠢᠬᠦ ᠪᠠᠷ ᠳᠠᠮᠵᠢᠨ ︽ᠮᠥᠩᠬᠡ ᠰᠤᠪᠠᠭ︾ ᠢ ᠪᠠᠭᠤᠯᠭᠠᠵᠤ ᠠᠪᠬᠤ ᠶᠢᠨ ᠬᠠᠮᠲᠤ ᠳᠠᠩᠰᠠᠯᠠᠭᠤᠯᠬᠤ ᠪᠠ ᠦᠨᠡᠨ ᠨᠡᠷ᠎ᠡ ᠪᠠᠨ ᠭᠡᠷᠡᠴᠢᠯᠡᠭᠰᠡᠨ ᠤ ᠳᠠᠷᠠᠭ᠎ᠠ ᠳᠠᠷᠤᠶ ︽ᠮᠥᠩᠬᠡ ᠰᠤᠪᠠᠭ︾ APP ᠶᠢᠨ ᠳᠣᠲᠣᠷᠠᠬᠢ ᠡᠯ᠎ᠡ ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠢᠳᠠᠮᠵᠢ ᠶᠢ ᠬᠡᠷᠡᠭᠯᠡᠵᠦ ᠪᠣᠯᠤᠨ᠎ᠠ᠃
     ︽ᠮᠥᠩᠬᠡ ᠰᠤᠪᠠᠭ︾ APP ︽ᠡᠯᠧᠺᠲᠷᠣᠨ ᠺᠠᠷᠲ ᠤᠨ ᠪᠣᠭᠤᠳᠠᠯ︾ ᠳᠤ ᠨᠢᠭᠡᠨᠲᠡ ᠰᠦᠯᠵᠢᠶᠡᠨ ᠳᠤ ᠤᠷᠤᠭᠰᠠᠨ ᠡᠷᠡᠭᠦᠯ ᠮᠡᠨᠳᠦ ᠶᠢᠨ ᠺᠣᠳ᠋ ︵ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ︶᠂ ᠨᠡᠶᠢᠭᠡᠮ ᠤᠨ ᠪᠠᠲᠤᠯᠠᠭ᠎ᠠ ᠶᠢᠨ ᠺᠠᠷᠲ᠂ ᠡᠯᠧᠺᠲᠷᠣᠨ ᠵᠢᠯᠣᠭᠤᠴᠢ ᠶᠢᠨ ᠦᠨᠡᠮᠯᠡᠯ᠂ ᠡᠯᠧᠺᠲᠷᠣᠨ ᠲᠡᠷᠭᠡ ᠶᠠᠪᠤᠭᠤᠯᠬᠤ ᠦᠨᠡᠮᠯᠡᠯ᠂ ᠡᠯᠧᠺᠲᠷᠣᠨ ᠣᠷᠤᠭ ᠤᠨ ᠦᠨᠡᠮᠯᠡᠯ᠂ ᠡᠯᠧᠺᠲᠷᠣᠨ ᠲᠥᠷᠥᠯᠳ᠋ᠨ ᠶᠢᠨ ᠠᠨᠠᠭᠠᠬᠤ ᠤᠬᠠᠭᠠᠨ ᠤ ᠭᠡᠷᠡᠴᠢ᠂ ᠡᠯᠧᠺᠲᠷᠣᠨ ᠡᠵᠡᠩᠨᠡᠯᠲᠡ ᠶᠢᠨ ᠦᠨᠡᠮᠯᠡᠯ ᠵᠡᠷᠭᠡ 8 ᠵᠦᠢᠯ ᠤᠨ ᠡᠯᠧᠺᠲᠷᠣᠨ ᠦᠨᠡᠮᠯᠡᠯ ᠨᠢ ᠰᠠᠭᠤᠭᠠᠯᠢ ᠠᠷᠠᠳ ᠤᠨ ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃
     ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠬᠡᠬᠦ ᠳᠤ ᠨᠠᠩ ᠲᠥᠬᠦᠮ ᠦᠵᠡᠭᠦᠯᠬᠦ ᠶᠢᠨ ᠲᠥᠯᠥᠭᠡ᠂ ᠬᠢᠵᠢᠭ ᠤᠨ ᠪᠠᠶᠢᠳᠠᠯ ᠤᠨ ᠬᠤᠭᠤᠴᠠᠭᠠᠨ ᠳᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ᠡᠷᠡᠭᠦᠯ ᠮᠡᠨᠳᠦ ᠶᠢᠨ ᠺᠣᠳ᠋︶ ᠪᠣᠯ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢᠨ ︽ᠨᠡᠪᠲᠡᠷᠡᠬᠦ ᠦᠨᠡᠮᠯᠡᠯ︾ ᠮᠥᠨ᠂ ᠡᠭᠦᠨ ᠤ ᠬᠠᠮᠲᠤ ᠪᠠᠰᠠ ︽ᠡᠪᠡᠳᠴᠢᠨ ᠦᠵᠡᠭᠦᠯᠬᠦ ᠺᠠᠷᠲ︾ ᠤᠨ ᠴᠢᠳᠠᠮᠵᠢ ᠶᠢ ᠡᠭᠦᠷᠭᠡᠯᠡᠵᠦ᠂ ᠭᠠᠵᠠᠷ ᠣᠷᠣᠨ ᠠᠯᠤᠰᠯᠠᠨ᠂ ᠡᠮᠨᠡᠯᠭᠡ ᠶᠢᠨ ᠬᠤᠷᠢᠶ᠎ᠠ ᠠᠯᠤᠰᠯᠠᠨ ᠤᠷᠢᠳᠴᠢᠯᠠᠨ ᠪᠣᠯᠵᠣᠵᠤ ᠳ᠋ᠤᠭᠠᠷᠯᠠᠬᠤ᠂ ᠠᠨᠠᠭᠠᠬᠤ ᠤᠬᠠᠭᠠᠨ ᠤ ᠪᠠᠶᠢᠴᠠᠭᠠᠯᠲᠠ ᠬᠢᠬᠦ᠂ ᠡᠪᠡᠳᠴᠢᠨ ᠤ ᠵᠢᠱᠢᠶ᠎ᠡ ᠶᠢᠨ ᠲᠡᠮᠳᠡᠭᠯᠡᠯ ᠬᠢᠬᠦ᠂ ᠰᠦᠯᠵᠢᠶᠡᠨ ᠳᠡᠭᠡᠷ᠎ᠡ ᠰᠦᠢᠳᠬᠡᠯ ᠲᠤᠰᠢᠶᠠᠬᠤ ᠵᠡᠷᠭᠡ ᠦᠢᠯᠡᠴᠢᠯᠡᠭᠡ ᠶᠢ ᠪᠡᠶᠡᠯᠡᠭᠦᠯᠵᠦ ᠪᠠᠶᠢᠨ᠎ᠠ᠃ ᠡᠯᠧᠺᠲᠷᠣᠨ ᠨᠡᠶᠢᠭᠡᠮ ᠤᠨ ᠪᠠᠲᠤᠯᠠᠭ᠎ᠠ ᠶᠢᠨ ᠺᠠᠷᠲ ᠨᠢ ᠰᠠᠭᠤᠭᠠᠯᠢ ᠠᠷᠠᠳ ᠢ ᠬᠠᠪᠰᠤᠷᠤᠨ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ ᠳᠤ ᠰᠦᠯᠵᠢᠶᠡᠨ ᠳᠡᠭᠡᠷ᠎ᠡ ᠺᠣᠳ᠋ ᠰᠢᠷᠪᠢᠬᠦ ᠪᠠᠷ ᠳᠠᠮᠵᠢᠨ ᠬᠠᠮᠢᠶ᠎ᠠ ᠪᠥᠬᠦᠶ ᠵᠠᠷᠤᠳᠠᠯ ᠢᠶᠠᠨ ᠳᠥᠯᠥᠵᠦ ᠪᠣᠯᠤᠨ᠎ᠠ᠃
     ᠣᠳᠣᠬᠠᠨ ᠳᠤ ᠶᠠᠭ ᠬᠡᠷᠡᠭᠵᠢᠭᠦᠯᠵᠦ ᠪᠠᠶᠢᠭ᠎ᠠ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠡᠯᠧᠺᠲᠷᠣᠨ ᠺᠠᠷᠲ ︵ᠡᠷᠡᠭᠦᠯ ᠮᠡᠨᠳᠦ ᠶᠢᠨ ᠺᠣᠳ᠋︶ ᠤᠨ ᠬᠠᠮᠢᠶᠠᠷᠤᠯᠲᠠ ᠶᠢᠨ ᠰᠢᠰᠲ᠋ᠧᠮ ᠨᠢᠭᠡᠨᠲᠡ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠲᠠᠪᠴᠠᠩ ᠳᠤ ᠵᠠᠯᠭᠠᠨ ᠣᠷᠣᠵᠤ᠂ ᠵᠢᠶᠠᠩᠰᠦ᠂ ᠨᠢᠩᠰᠢᠶᠠ᠂ ᠱᠠᠨᠳᠦ᠋ᠩ᠂ ᠰᠢᠨᠵᠢᠶᠠᠩ᠂ ᠴᠦᠩᠴᠢᠩ᠂ ᠭᠤᠸᠠᠩᠳᠦ᠋ᠩ᠂ ᠲᠢᠶᠠᠨᠵᠢᠨ᠂ ᠬᠠᠶᠢᠨᠠᠨ᠂ ᠬᠤᠨᠠᠨ ᠵᠡᠷᠭᠡ ᠮᠤᠵᠢ ᠬᠤᠲᠠ ᠲᠠᠢ ᠬᠠᠷᠢᠯᠴᠠᠨ ᠮᠡᠳᠡᠷᠡᠭᠰᠡᠨ ᠪᠠᠶᠢᠨ᠎ᠠ᠃
     ᠨᠢᠭᠡ ᠭᠠᠷ ᠤᠲᠠᠰᠤᠨ ᠤ ᠨᠣᠮᠧᠷ ᠢᠶᠠᠷ ᠭᠡᠷ ᠲᠤ ᠪᠠᠨ ᠰᠠᠭᠤᠭ᠎ᠠ ᠣᠶᠤᠨᠯᠢᠭ ᠭᠠᠷ ᠤᠲᠠᠰᠤ ᠥᠬᠡᠶ ᠨᠠᠰᠤᠲᠠᠨ᠂ ᠨᠠᠰᠤᠨ ᠳᠤ ᠬᠦᠷᠦᠭᠡᠳᠦᠶ ᠬᠡᠤᠬᠡᠳ ᠲᠤ ᠡᠷᠡᠭᠦᠯ ᠮᠡᠨᠳᠦ ᠶᠢᠨ ᠺᠣᠳ᠋ ᠭᠤᠶᠤᠴᠢᠯᠠᠨ ᠠᠪᠴᠤ ᠥᠭᠴᠦ ᠪᠣᠯᠤᠨ᠎ᠠ᠂ ᠭᠤᠶᠤᠴᠢᠯᠠᠨ ᠠᠪᠬᠤ ᠦᠶ᠎ᠡ ᠳᠤ ᠭᠤᠶᠤᠴᠢᠯᠠᠨ ᠠᠪᠤᠭᠴᠢ ᠳᠤ ᠪᠡᠶ᠎ᠡ ᠶᠢᠨ ᠦᠨᠡᠮᠯᠡᠯ ᠤᠨ ᠮᠡᠳᠡᠭᠡ ᠵᠠᠩᠭᠢ ᠶᠢᠨ ᠭᠡᠷᠡᠴᠢᠯᠡᠯ ᠬᠢᠨ᠎ᠡ᠃ ᠡᠷᠡᠭᠦᠯ ᠮᠡᠨᠳᠦ ᠶᠢᠨ ᠺᠣᠳ᠋ ᠢ ᠨᠢᠭᠡ ᠯᠡ ᠤᠳᠠᠭ᠎ᠠ ᠭᠤᠶᠤᠴᠢᠯᠠᠨ ᠠᠪᠤᠪᠠᠯ ᠨᠠᠰᠤᠨ ᠲᠤᠷᠰᠢᠳᠠ ᠬᠦᠴᠦᠨ ᠲᠠᠢ᠂ ᠮᠦᠨ ᠴᠦ ᠰᠠᠭᠤᠭᠠᠯᠢ ᠠᠷᠠᠳ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢᠨ ᠦᠢᠯᠡᠴᠢᠯᠡᠭᠡ ᠬᠠᠩᠭᠠᠬᠤ ᠠᠴᠢᠶᠠᠯᠠᠪᠤᠷᠢ ᠪᠣᠯᠤᠨ᠎ᠠ᠂ ᠰᠠᠭᠤᠭᠠᠯᠢ ᠠᠷᠠᠳ ᠡᠷᠡᠭᠦᠯ ᠮᠡᠨᠳᠦ ᠶᠢᠨ ᠺᠣᠳ᠋ ᠢᠶᠠᠷ ᠢᠶᠠᠨ ᠡᠮᠴᠢᠯᠡᠭᠦᠯᠵᠦ ᠪᠣᠯᠬᠤ ᠪᠦᠭᠡᠳ ᠠᠶᠢᠮᠠᠭ ᠬᠤᠲᠠ᠂ ᠡᠮᠨᠡᠯᠭᠡ ᠶᠢᠨ ᠬᠤᠷᠢᠶ᠎ᠠ ᠠᠯᠤᠰᠯᠠᠨ ᠨᠡᠶᠢᠳᠡᠮ ᠬᠡᠷᠡᠭᠯᠡᠵᠦ

ᠪᠣᠯᠤᠨ᠎ᠠ᠃  

ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ