ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠲᠤ ᠲᠤᠬᠢᠷᠠᠭᠤᠯᠤᠯᠳᠠ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2020/3/24
                                  ᠥᠪᠥᠷ ᠵᠠᠰᠠᠭ ᠦᠰᠦᠭ  ﹇2020﹈ 14 ᠳ᠋ᠦ᠋ᠭᠡᠷ ᠲᠣᠭᠠᠲᠤ          ︽ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠮᠨᠡᠵᠦ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ ᠲᠣᠭᠤᠷᠢᠭ ᠪᠠ ᠱᠠᠲᠤ ᠬᠤᠪᠢᠶᠠᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠠᠶᠢᠮᠠᠭ ᠬᠤᠲᠠ ᠶᠢᠨ ᠬᠠᠷᠢᠶᠠᠨ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢᠨ ᠳᠡᠰ ᠢ ᠰᠤᠳᠤᠯᠤᠨ ᠮᠠᠭᠠᠳᠯᠠᠭᠰᠠᠨ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠨᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠥᠬᠦ ᠣᠷᠣᠨ ᠤ 103 ᠬᠤᠰᠢᠭᠤ ᠰᠢᠶᠠᠨ ︵ᠬᠤᠲᠠ᠂ ᠲᠣᠭᠤᠷᠢᠭ︶ ᠤ ᠬᠢᠵᠢᠭ ᠤᠨ ᠪᠠᠶᠢᠳᠠᠯ ᠤᠨ ᠲᠦᠭᠰᠢᠭᠦᠷᠢ ᠶᠢᠨ ᠳᠡᠰ ᠪᠥᠬᠦᠨ ᠢ ᠳᠣᠣᠷ᠎ᠠ ᠳᠡᠰ ᠪᠣᠯᠭᠠᠨ ᠲᠣᠬᠢᠷᠠᠭᠤᠯᠬᠤ ᠪᠠᠷ ᠲᠣᠭᠲᠠᠭᠠᠪᠠ᠃      ᠲᠤᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                        2020  ᠣᠨ ᠤ 3 ᠳ᠋ᠤᠭᠠᠷ ᠰᠠᠷ᠎ᠠ ᠶᠢᠨ 16  ᠤ ᠡᠳᠦᠷ  
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ