ᠬᠠᠮᠠᠭᠠᠯᠠᠯᠲᠠ ᠶᠢᠨ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢ ᠪᠦᠬᠦ ᠬᠦᠴᠦᠨ ᠢᠶᠠᠷ ᠢᠶᠠᠨ ᠪᠠᠲᠤᠯᠠᠵᠤ ᠪᠤᠢ
ᠨᠡᠶᠢᠲᠡᠯᠡᠭᠰᠡᠨ ᠴᠠᠭ᠄
2020/3/25
     3 ᠳ᠋ᠤᠭᠠᠷ ᠰᠠᠷ᠎ᠠ ᠶᠢᠨ 24᠎ ᠤ ᠡᠳᠦᠷ᠂ ᠮᠡᠷᠭᠡᠵᠢᠯ ᠤᠨ ᠠᠵᠢᠯᠲᠠᠳ ᠠᠮᠠᠪᠴᠢ ᠶᠢᠨ ᠥᠯᠢᠭᠡᠷ ᠡᠳ᠋ ᠤᠨ ᠠᠮᠢᠰᠬᠤᠭ᠎ᠠ ᠳᠦᠷᠢᠬᠦ᠂ ᠠᠮᠢᠰᠬᠤᠭ᠎ᠠ ᠠᠪᠬᠤ ᠰᠠᠭᠠᠲᠠᠭᠤᠯᠬᠤ ᠬᠦᠴᠦᠨ ᠤ ᠰᠢᠯᠭᠠᠯᠲᠠ ᠶᠢᠨ ᠦᠷ᠎ᠡ ᠳ᠋ᠦᠩ ᠳᠤ ᠵᠠᠳᠠᠯᠤᠯᠲᠠ ᠬᠢᠵᠦ ᠪᠠᠶᠢᠨ᠎ᠠ᠃ ᠮᠠᠨ ᠤ ᠣᠷᠣᠨ ᠤ ᠠᠮᠠᠪᠴᠢ᠂ ᠰᠡᠷᠭᠡᠶᠢᠯᠡᠨ ᠬᠠᠮᠠᠭᠠᠯᠠᠬᠤ ᠬᠤᠪᠴᠠᠰᠤ ᠵᠡᠷᠭᠡ ᠬᠠᠮᠠᠭᠠᠯᠠᠯᠲᠠ ᠶᠢᠨ ᠬᠡᠷᠡᠭᠰᠡᠯ ᠦᠢᠯᠡᠳᠪᠦᠷᠢᠯᠡᠬᠦ ᠠᠵᠤ ᠠᠬᠤᠶᠢᠯᠠᠯ ᠤᠨ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠥᠪᠥᠷ ᠮᠣᠩᠭᠤᠯ ᠤᠨ ᠰᠢᠷᠬᠡᠭᠯᠢᠭ ᠰᠢᠯᠭᠠᠨ ᠪᠠᠶᠢᠴᠠᠭᠠᠬᠤ ᠲᠣᠪᠴᠢᠶ᠎ᠠ ᠎ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤᠮᠳᠠᠬᠢ ᠰᠢᠷᠬᠡᠭᠯᠢᠭ ᠢ ᠰᠢᠯᠭᠠᠨ ᠪᠠᠶᠢᠴᠠᠭᠠᠬᠤ ᠮᠡᠷᠭᠡᠵᠢᠯ ᠤᠨ ᠪᠠᠲᠤᠯᠠᠭ᠎ᠠ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠰᠢᠯᠭᠠᠨ ᠪᠠᠶᠢᠴᠠᠭᠠᠬᠤ ᠰᠠᠭᠠᠳ ᠥᠬᠡᠶ ᠨᠡᠪᠲᠡᠷᠡᠬᠦ ᠵᠠᠮ ᠨᠡᠭᠡᠭᠡᠬᠦ᠂ ᠰᠢᠯᠭᠠᠨ ᠪᠠᠶᠢᠴᠠᠭᠠᠬᠤ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ᠂ ᠰᠢᠯᠭᠠᠨ ᠪᠠᠶᠢᠴᠠᠭᠠᠬᠤ ᠴᠠᠭ ᠢ ᠪᠣᠭᠤᠨᠢᠰᠬᠠᠬᠤ᠂ ᠬᠠᠮᠠᠭᠠᠯᠠᠯᠲᠠ ᠶᠢᠨ ᠬᠡᠷᠡᠭᠰᠡᠯ ᠰᠢᠯᠭᠠᠨ ᠪᠠᠶᠢᠴᠠᠭᠠᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠬᠠᠮᠠᠭᠠᠯᠠᠬᠤ ᠬᠡᠷᠡᠭᠰᠡᠯ ᠦᠶᠯᠡᠳᠪᠦᠷᠢᠯᠡᠬᠦ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠠᠲᠤᠯᠠᠵᠤ ᠪᠤᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号