ᠬᠠᠩᠰᠢ ᠶᠢᠨ ᠡᠳᠦᠷ ᠡᠯ᠎ᠡ ᠭᠠᠵᠠᠷ ᠤᠨ ᠬᠢᠨ ᠤᠯᠠᠨ ᠲᠦᠮᠠᠨᠴᠢ ᠴᠢᠨᠠᠷᠳᠠᠢ ᠲᠠᠬᠢᠯᠭ᠎ᠠ ᠶᠢᠨ ᠠᠵᠢᠯᠯᠠᠭ᠎ᠠ ᠡᠷᠬᠢᠯᠡᠬᠦ ᠶᠢ ᠲᠦᠷ ᠬᠤᠶᠢᠰᠢᠯᠠᠭᠤᠯᠵᠤ ᠪᠤᠯᠤᠨ᠎ᠡ
ᠨᠡᠶᠢᠲᠡᠯᠡᠭᠰᠡᠨ ᠴᠠᠭ᠄
2020/3/25
     ᠠᠷᠠᠳ ᠤᠨ ᠶᠠᠪᠤᠳᠠᠯ ᠤᠨ ᠶᠠᠮᠤᠨ 23᠎ ᠤ ᠡᠳᠦᠷ 2020 ᠣᠨ ᠤ ᠬᠠᠨᠭ᠍ᠰᠢ ᠶᠢᠨ ᠡᠳᠦᠷ ᠤᠨ ᠲᠠᠬᠢᠯᠭ᠎ᠠ ᠶᠢᠨ ᠠᠵᠢᠯ ᠤᠨ ᠲᠧᠯᠸᠢᠰ ᠤᠳᠠᠰᠤ ᠬᠤᠷᠠᠯ ᠢ ᠬᠤᠷᠠᠯᠳᠤᠭᠤᠯᠵᠤ᠂ ᠡᠯ᠎ᠡ ᠭᠠᠵᠠᠷ ᠤᠨ ᠬᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠨ ᠦᠨᠳᠤᠰᠤᠯᠠᠵᠤ᠂ ᠤᠯᠠᠨ ᠲᠦᠮᠠᠨᠴᠢ ᠴᠢᠨᠠᠷᠳᠠᠢ ᠬᠠᠮᠳᠤ ᠶᠢᠨ ᠲᠠᠬᠢᠯᠭ᠎ᠠ᠂ ᠴᠢᠨᠳᠠᠷ ᠢ ᠲᠠᠯᠠᠢ ᠳᠤ ᠰᠠᠴᠤᠬᠤ᠂ ᠨᠠᠶᠢᠳᠠ ᠶᠢᠨ ᠠᠰᠠᠷᠠᠮᠵᠢ ᠶᠢᠨ ᠴᠢᠨᠠᠷᠳᠠᠢ ᠤᠷᠤᠰᠢᠭᠤᠯᠭ᠎ᠠ ᠶᠢᠨ ᠶᠤᠰᠤᠯᠠᠯ ᠶᠠᠪᠤᠭᠤᠯᠬᠤ ᠵᠡᠷᠭᠡ ᠤᠯᠠᠨ ᠲᠦᠮᠠᠨᠴᠢ ᠴᠢᠨᠠᠷᠳᠠᠢ ᠠᠵᠢᠯᠯᠠᠭ᠎ᠠ ᠡᠷᠬᠢᠯᠡᠬᠦ ᠶᠢ ᠲᠦᠷ ᠬᠤᠶᠢᠰᠢᠯᠠᠭᠤᠯᠵᠤ ᠪᠤᠯᠤᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠦᠬᠦᠴᠡᠯ ᠢ ᠪᠦᠷᠢᠯᠳᠦᠬᠦᠯᠦᠭᠰᠡᠨ ᠦᠭᠡᠢ ᠴᠢᠨᠳᠠᠷ ᠢ ᠬᠠᠳᠠᠭᠠᠯᠠᠬᠤ ᠲᠠᠯᠠᠪᠤᠷ ᠤᠨ ᠲᠠᠬᠢᠯᠭ᠎ᠠ ᠶᠢᠨ ᠦᠢᠯᠡᠴᠢᠯᠡᠭᠡ ᠶᠢ ᠨᠡᠭᠡᠭᠡᠯᠳᠠ ᠲᠠᠢ ᠪᠤᠯᠭᠠᠬᠤ ᠶᠢ ᠲᠦᠷ ᠬᠤᠶᠢᠰᠢᠯᠠᠭᠤᠯᠤᠨ᠎ᠠ ᠭᠡᠵᠤ ᠱᠠᠭᠠᠷᠳᠠᠪᠠ᠃      ᠬᠤᠷᠠᠯ ᠠᠴᠠ᠂ ᠡᠨᠡ ᠵᠢᠯ ᠤᠨ ᠬᠠᠨᠭ᠍ᠰᠢ ᠶᠢᠨ ᠡᠳᠦᠷ ᠶᠠᠭ ᠤᠯᠤᠰ ᠲᠠᠶᠠᠭᠠᠷ ᠢᠶᠠᠨ ᠬᠢᠵᠢᠭ ᠲᠠᠢ ᠲᠠᠮᠠᠴᠡᠬᠦ᠂ ᠱᠠᠯᠠᠪᠳᠠᠨ ᠠᠵᠢᠯ ᠢᠶᠠᠨ ᠰᠡᠷᠬᠦᠭᠡᠵᠤ ᠦᠢᠯᠡᠳᠪᠤᠷᠢᠯᠡᠯ ᠢᠶᠠᠨ ᠰᠡᠷᠬᠦᠭᠡᠬᠦ ᠵᠠᠩᠭᠢᠯᠠᠭ᠎ᠠ ᠶᠢᠨ ᠬᠤᠭᠤᠴᠠᠭ᠎ᠠ ᠲᠠᠢ ᠲᠤᠬᠢᠶᠠᠯᠳᠤᠵᠤ᠂ ᠪᠠᠶᠢᠳᠠᠯ ᠦᠡᠭᠭᠡᠷᠡᠭᠰᠡᠨ ᠲᠠᠢ ᠠᠳᠠᠯᠢ ᠦᠭᠡᠢ ᠪᠤᠯᠵᠠᠢ᠃ ᠡᠯ᠎ᠡ ᠱᠠᠳᠤᠨ ᠤ ᠠᠷᠠᠳ ᠤᠨ ᠶᠠᠪᠤᠳᠠᠯ ᠎ ᠤᠨ ᠶᠠᠮᠤᠨ ᠵᠤᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠠᠷᠢᠨ ᠨᠢᠬᠳᠠ ᠲᠤᠬᠢᠷᠠᠭᠤᠯᠤᠨ ᠪᠠᠶᠢᠷᠢᠯᠠᠭᠤᠯᠵᠤ᠂ ᠤᠨᠤᠴᠠᠳᠠᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠬᠰᠡᠨ ᠤᠷᠢᠳᠠᠯ ᠲᠤᠤᠷ᠎ᠡ ᠤᠯᠠᠨ ᠲᠦᠮᠠᠨ ᠳᠤ ᠤᠯᠠᠨ ᠵᠦᠢᠯ ᠤᠨ ᠬᠡᠯᠪᠡᠷᠢ ᠶᠢᠨ ᠲᠠᠬᠢᠯᠭ᠎ᠠ ᠶᠢᠨ ᠦᠢᠯᠡᠴᠢᠯᠡᠭᠡ ᠬᠠᠨᠭ᠍ᠭᠠᠵᠤ᠂ ᠬᠢᠯᠪᠡᠷ ᠪᠤᠰᠤ ᠪᠠᠷ ᠤᠯᠤᠬᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠭᠡᠯ ᠢᠶᠠᠨ ᠠᠷᠭ᠎ᠠ ᠪᠦᠬᠦᠨ ᠢ ᠰᠦᠪᠡᠭᠴᠢᠯᠡᠨ ᠪᠠᠬᠢᠵᠢᠬᠦᠯᠵᠤ᠂ ᠤᠯᠠᠨ ᠲᠦᠮᠠᠨ ᠤ ᠲᠠᠬᠢᠯᠭ᠎ᠠ ᠶᠢᠨ ᠭᠡᠷᠡᠭᠴᠡᠭᠡ ᠶᠢ ᠬᠠᠨᠭ᠍ᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号