ᠮᠠ ᠰᠢᠤᠸᠠᠢ ᠵᠢᠶᠦ᠋ᠨ ᠬᠢᠩᠭᠠᠨ ᠠᠶᠢᠮᠠᠭ ᠲᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠴᠢᠬᠤᠯᠠᠴᠢᠯᠠᠬᠰᠠᠠ ᠨᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠪᠤᠯᠤᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠬᠦ ᠡᠯ᠎ᠡ ᠵᠦᠢᠯ ᠤᠨ ᠠᠵᠢᠯ ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠵᠥ ᠴᠢᠨᠡᠭᠡᠯᠢᠭ ᠨᠡᠶᠢᠬᠡᠮ ᠢ ᠪᠦᠬᠦ ᠲᠡᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠬᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠲᠠᠶᠢᠯᠠᠯᠳᠤᠭᠠᠨ ᠬᠢᠬᠦ ᠬᠠᠷᠠᠯᠳᠡ ᠡᠬᠦᠷᠬᠡ ᠶᠢ ᠴᠢᠷᠮᠡᠶᠢᠨ ᠪᠡᠶᠡᠯᠡᠬᠦᠯᠬᠦ ᠬᠡᠷᠡᠭᠳᠡᠢ
ᠨᠡᠶᠢᠲᠡᠯᠡᠭᠰᠡᠨ ᠴᠠᠭ᠄
2020/3/25
     3 ᠰᠠᠷ᠎ᠠ ᠶᠢᠨ 23᠎ ᠠᠴᠠ 24᠎ ᠤ ᠡᠳᠤᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠡᠨ ᠎ ᠤ ᠪᠠᠶᠢᠩᠭᠤ ᠶᠢᠨ ᠬᠡᠰᠢᠬᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠬᠢᠩᠭᠠᠨ ᠠᠶᠢᠮᠠᠭ ᠤᠨ ᠤᠯᠠᠭᠠᠨᠬᠤᠳᠠ ᠪᠤᠯᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠭᠠᠭᠠᠴᠢᠯᠠᠨ ᠬᠠᠷᠢᠯᠴᠠᠬᠤ ᠬᠤᠰᠢᠭᠤ ᠰᠢᠶᠠᠨ ᠪᠤᠯᠬᠤ ᠬᠤᠷᠴᠢᠨ ᠪᠠᠷᠠᠭᠤᠨ ᠭᠠᠷᠤᠨ ᠡᠮᠤᠨᠡᠳᠤ ᠬᠤᠰᠢᠭᠤ ᠳᠤ ᠬᠦᠷᠴᠦ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ᠂ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠵᠥ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠳᠡ ᠬᠢᠪᠡ᠃      ᠲᠢᠶᠠᠨ ᠵᠢᠶᠦ᠋ᠨ ᠱᠠᠨ ᠠᠮᠢ ᠠᠬᠤᠢ ᠶᠢ ᠰᠡᠷᠬᠦᠬᠡᠬᠦ ᠪᠠ ᠦᠵᠡᠮᠵᠢ ᠶᠢᠨ ᠲᠦᠷᠦᠯ ᠵᠦᠢᠯ᠂ ᠮᠧᠩ ᠨᠢᠤ ᠰᠦᠨ ᠎ ᠤ ᠦᠢᠯᠡᠰ ᠤᠨ ᠤᠯᠠᠭᠠᠨᠬᠤᠳᠠ ᠶᠢᠨ ᠺᠤᠮᠫᠠᠨᠢ ᠪᠤᠯᠤᠨ ᠬᠢᠩᠭᠠᠨ ᠠᠶᠢᠮᠠᠭ · ᠢᠯᠢ ᠪᠦᠯᠥᠭᠯᠡᠯ ᠤᠨ ᠠᠮᠢ ᠠᠬᠤᠢ ᠶᠢᠨ ᠡᠷᠡᠬᠦᠯᠵᠢᠯ ᠤᠨ ᠢᠳᠡᠬᠡᠨ ᠤ ᠰᠢᠨ᠎ᠡ ᠶᠢ ᠡᠬᠦᠳᠬᠦ ᠠᠵᠥ ᠦᠢᠯᠡᠰ ᠤᠨ ᠬᠤᠳᠠ ᠶᠢᠨ ᠲᠦᠷᠦᠯ ᠵᠦᠢᠯ᠂ ᠬᠢᠩᠭᠠᠨ ᠠᠶᠢᠮᠠᠭ ᠤᠨ ᠠᠵᠢᠯ ᠮᠡᠷᠬᠡᠵᠢᠯ ᠤᠨ ᠲᠡᠬᠡᠳᠤ ᠰᠤᠷᠭᠠᠭᠤᠯᠢ ᠶᠢᠨ ᠰᠢᠨ᠎ᠡ ᠪᠠᠶᠢᠷᠢ ᠶᠢᠨ ᠲᠦᠷᠦᠯ ᠵᠦᠢᠯ ᠤᠨ ᠠᠬᠤᠢ ᠲᠠᠯᠠᠪᠠᠢ ᠳᠤ᠂ ᠮᠠ ᠰᠢᠤᠸᠠᠢ ᠵᠢᠶᠦ᠋ᠨ ᠠᠵᠢᠯ ᠢᠶᠠᠨ ᠰᠡᠷᠬᠦᠬᠡᠵᠥ ᠦᠢᠯᠡᠳᠪᠤᠷᠢᠯᠡᠯ ᠢᠶᠠᠨ ᠰᠡᠷᠬᠦᠬᠡᠵᠥ ᠪᠠᠶᠢᠭ᠎ᠠ ᠪᠠᠶᠢᠳᠠᠯ ᠢ ᠪᠠᠶᠢᠴᠠᠭᠠᠨ ᠦᠵᠡᠪᠡ︔ ᠰᠠᠨ ᠾᠧ ᠲᠤᠰᠬᠤᠨ ᠤ ᠤᠷᠭᠠᠨᠢᠭ ᠤᠰᠤᠨ ᠳᠤᠳᠤᠷᠭ᠎ᠠ ᠲᠠᠷᠢᠬᠤ ᠲᠤᠰᠬᠠᠢ ᠬᠤᠷᠰᠢᠶ᠎ᠠ᠂ ᠰᠢᠩ ᠠᠨ ᠵᠢᠶᠠ ᠾᠧ ᠠᠮᠤ ᠪᠤᠳᠠᠭᠠᠨ ᠤ ᠦᠢᠯᠡᠰ ᠤᠨ ᠳᠤᠳᠤᠷᠭᠠᠨ ᠤ ᠠᠵᠤ ᠦᠢᠯᠡᠰ ᠢᠶᠠᠷ ᠶᠠᠳᠠᠭᠤ ᠶᠢ ᠳᠡᠳᠭᠦᠬᠦ ᠲᠦᠷᠦᠯ ᠵᠦᠢᠯ ᠳᠤ ᠠᠵᠢᠯ ᠢᠶᠠᠨ ᠡᠬᠢᠯᠡᠭᠦᠯᠦᠨ ᠠᠵᠢᠯ ᠢᠶᠠᠨ ᠰᠡᠷᠭᠦᠭᠡᠵᠤ ᠪᠠᠶᠢᠭ᠎ᠠ ᠪᠠᠶᠢᠳᠠᠯ ᠵᠢᠴᠢ ᠶᠠᠳᠠᠭᠤ ᠶᠢ ᠳᠡᠳᠭᠦᠵᠤ ᠪᠠᠶᠢᠭ᠎ᠠ ᠪᠠᠶᠢᠳᠠᠯ ᠢ ᠨᠠᠷᠢᠨ ᠤᠢᠢᠯᠠᠭᠠᠵᠠᠢ᠃ ᠳᠠᠭᠠᠭᠠᠴᠢᠯᠠᠨ ᠬᠠᠷᠢᠯᠴᠠᠵᠤ ᠪᠠᠶᠢᠭ᠎ᠠ ᠶᠠᠳᠠᠭᠤ ᠬᠦᠴᠢᠷᠳᠡᠯᠳᠠᠢ ᠡᠷᠦᠬᠡ ᠪᠤᠯᠬᠤ ᠬᠠᠨ ᠯᠢᠦ ᠵᠦ᠂ ᠴᠧᠨ ᠬᠤᠩ ᠵᠧᠨ ᠵᠢᠴᠢ ᠶᠠᠳᠠᠭᠤ ᠬᠦᠴᠢᠷᠳᠡᠯᠳᠠᠢ ᠡᠷᠦᠬᠡ ᠾᠦᠸᠧ ᠪᠠᠶᠠᠨᠪᠤᠯᠠᠭ ᠤᠨ ᠬᠢᠨ ᠳᠤ ᠬᠦᠷᠦᠬᠡᠳ᠂ ᠮᠠ ᠰᠢᠤᠸᠠᠢ ᠵᠢᠶᠦ᠋ᠨ ᠤᠷᠤᠯᠭ᠎ᠠ ᠶᠢᠨ ᠳᠠᠩᠰᠠ ᠶᠢ ᠨᠢ ᠨᠢᠭᠡᠳ ᠨᠢᠭᠡ ᠪᠠᠷ ᠪᠤᠳᠤᠵᠤ᠂ ᠳᠤᠳᠤᠷᠬᠠᠢᠢᠯᠠᠯᠳᠠ ᠶᠢᠨ ᠺᠠᠷᠲ ᠢ ᠨᠠᠷᠢᠨ ᠬᠢᠨᠠᠮᠠᠭᠠᠢ ᠪᠠᠶᠢᠴᠠᠭᠠᠵᠤ᠂ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠠᠷᠭ᠎ᠠ ᠶᠢ ᠬᠠᠮᠳᠦ ᠪᠠᠷ ᠰᠤᠳᠤᠯᠤᠭᠰᠠᠨ ᠪᠦᠭᠡᠳ ᠦᠨᠳᠦᠰᠦᠨ ᠱᠠᠳᠤᠨ ᠤ ᠺᠠᠳ᠋ᠷ ᠪᠤᠯᠤᠨ ᠲᠤᠰᠬᠤᠨ ᠳᠤ ᠰᠠᠭᠤᠭ᠎ᠠ ᠺᠠᠳ᠋ᠷ ᠢ ᠡᠷᠴᠢ ᠪᠠᠨ ᠤᠯᠠᠮ ᠴᠢᠩᠭᠠᠯᠠᠵᠤ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠶᠢ ᠪᠤᠳᠠᠳᠠᠢ ᠨᠠᠷᠢᠯᠢᠭ ᠭᠦᠢᠴᠡᠳ ᠠᠳᠬᠤᠬᠤ ᠬᠡᠷᠡᠭᠳᠠᠢ ᠭᠡᠵᠤ ᠵᠠᠬᠢᠵᠠᠢ᠃      ᠮᠠ ᠰᠢᠤᠸᠠᠢ ᠵᠢᠶᠦ᠋ᠨ᠂ ᠡᠯ᠎ᠠ ᠭᠠᠵᠠᠷ ᠡᠯ᠎ᠠ ᠰᠠᠯᠠᠭ᠎ᠠ ᠮᠦᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠎ ᠤᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠦᠷᠢᠳᠤ ᠳᠠᠶᠢᠯᠠᠯᠳᠤᠭᠠᠨ ᠬᠢᠵᠤ ᠰᠢᠢᠳᠪᠦᠷᠢᠳᠤ ᠢᠯᠠᠯᠳᠠ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠵᠠᠭᠤᠨ ᠡᠲᠦᠷ ᠤᠨ ᠪᠤᠭᠤᠮᠲᠠ ᠰᠢᠪᠲᠤᠯᠬᠤ︾ ᠲᠤᠰᠬᠠᠢ ᠠᠵᠢᠯᠯᠠᠭ᠎ᠠ ᠪᠠᠷ ᠭᠠᠷᠲᠠᠴᠠ ᠪᠤᠯᠭᠠᠠ᠂ ᠶᠠᠲᠠᠭᠤ ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠲᠤᠰᠬᠠᠢ ᠲᠤᠭᠤᠷᠢᠨ ᠪᠠᠶᠢᠴᠠᠭᠠᠯᠲᠠ ︽ᠡᠷᠬᠢᠨ ᠬᠠᠷᠠᠬᠤ︾ ᠪᠠ ᠠᠮᠵᠢᠯᠲᠠ ᠪᠦᠲᠦᠮᠵᠢ ᠶᠢ ᠨᠢ ᠰᠢᠯᠭᠠᠠ ᠪᠠᠶᠢᠴᠠᠭᠠᠵᠦ ᠬᠠᠷᠢᠭᠤ ᠲᠤᠰᠬᠠᠭᠰᠠᠠ ᠠᠰᠠᠭᠤᠲᠠᠯ ᠢ ᠴᠡᠭᠴᠡᠯᠡᠡ ᠰᠠᠶᠢᠵᠢᠷᠠᠭᠤᠯᠬᠤ ᠶᠢ ᠴᠢᠩᠭ᠎ᠠ ᠠᠴᠠ ᠴᠢᠩᠭ᠎ᠠ᠂ ᠦᠨᠡᠡ ᠪᠤᠲᠠᠲᠠᠢ ᠠᠬᠢᠭᠤᠯᠵᠦ᠂ ᠶᠠᠲᠠᠭᠤ ᠬᠦᠴᠢᠷᠲᠠᠯᠲᠠᠢ ᠬᠦᠲᠡᠯᠮᠦᠷᠢ ᠬᠦᠴᠤᠨ ᠢᠶᠠᠷ ᠠᠵᠢᠯ ᠬᠢᠯᠭᠡᠵᠦ ᠠᠵᠢᠯ ᠤᠯᠭᠤᠵᠦ᠂ ᠶᠠᠲᠠᠭᠤ ᠎ ᠶᠢ ᠲᠡᠳᠭᠦᠬᠦ ᠲᠦᠷᠦᠯ ᠵᠦᠢᠯ ᠠᠵᠢᠯ ᠢᠶᠠᠨ ᠡᠬᠢᠯᠡᠭᠦᠯᠵᠦ ᠠᠵᠢᠯ ᠢᠶᠠᠨ ᠰᠡᠷᠭᠦᠭᠡᠬᠦ ᠵᠢᠴᠢ ᠬᠦᠴᠢᠷᠲᠠᠯᠲᠠᠢ ᠤᠯᠠᠠ ᠲᠦᠮᠠᠠ ᠤ ᠬᠤᠷᠢᠭ᠎ᠠ ᠱᠤᠭᠤᠮ ᠢ ᠪᠠᠲᠤᠯᠠᠬᠤ ᠵᠡᠷᠭᠡ ᠠᠵᠢᠯ ᠢ ᠯᠠᠪᠲᠠᠭᠤᠨ ᠪᠠᠲᠤᠲᠠᠢ ᠰᠠᠶᠢᠨ ᠬᠢᠵᠦ᠂ ᠦᠯᠡᠲᠡᠭᠰᠡᠡ ᠶᠠᠲᠠᠭᠤ ᠬᠦᠴᠢᠷᠲᠠᠯᠲᠠᠢ ᠬᠦᠮᠦᠨ ᠠᠮᠠ ᠶᠢ ᠶᠠᠲᠠᠭᠤ ᠠᠴᠠ ᠠᠩᠭᠢᠵᠢᠷᠠᠭᠤᠯᠬᠤ ᠡᠬᠦᠷᠭᠡ ᠶᠢ ᠪᠠᠲᠤᠯᠠᠬᠤ ᠭᠡᠷᠡᠭᠲᠡᠢ᠃ ᠬᠢᠵᠢᠭ ᠤᠨ ᠪᠠᠶᠢᠲᠠᠯ ᠢ ᠰᠡᠷᠭᠡᠶᠢᠯᠡᠡ ᠡᠵᠡᠮᠲᠡᠬᠦ ᠪᠠ ᠠᠵᠦ ᠠᠬᠤᠢ ᠶᠢᠨ ᠪᠠᠶᠢᠲᠠᠯ ᠤᠨ ᠱᠠᠲᠤᠴᠢ ᠴᠢᠨᠠᠷ ᠲᠠᠢ ᠬᠤᠪᠢᠷᠠᠯᠲᠠ ᠶᠢ ᠤᠨᠤᠪᠴᠢᠲᠠᠢ ᠡᠵᠡᠮᠲᠡᠵᠦ᠂ ᠠᠰᠢᠭ ᠲᠠᠢ ᠠᠵᠠ ᠵᠠᠪᠰᠢᠶᠠᠠ ᠢ ᠠᠳᠬᠤᠵᠦ᠂ ᠲᠦᠷᠦ ᠶᠢᠨ ᠪᠤᠲᠤᠯᠭ᠎ᠠ᠂ ᠪᠡᠯᠡ ᠮᠦᠩᠭᠦ ᠶᠢ ᠨᠠᠶᠢᠲᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠦ᠂ ᠴᠢᠬᠤᠯᠠ ᠶᠡᠭᠡ ᠲᠦᠷᠦᠯ ᠵᠦᠢᠯ ᠤᠨ ᠢᠨᠵᠧᠨᠧᠷᠢᠩ ᠢ ᠲᠤᠭᠲᠠᠭᠰᠠᠠ ᠴᠠᠭ ᠲᠤᠨᠢ ᠲᠦᠷᠭᠡᠡ ᠠᠬᠢᠭᠤᠯᠬᠤ ᠶᠢ ᠪᠠᠲᠤᠯᠠᠵᠦ᠂ ᠪᠦᠬᠦ ᠵᠢᠯ ᠤᠨ ᠠᠵᠦ ᠠᠬᠤᠢ ᠨᠡᠶᠢᠭᠡᠮ ᠤᠨ ᠬᠦᠭᠵᠢᠯᠲᠠ ᠶᠢᠨ ᠬᠠᠷᠠᠯᠲᠠ ᠶᠢ ᠪᠦᠬᠦ ᠬᠦᠴᠤᠨ ᠢᠶᠠᠷ ᠢᠶᠠᠨ ᠪᠡᠶᠡᠯᠡᠭᠦᠯᠬᠦ ᠭᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号