ᠥᠪᠥᠷ ᠮᠣᠩᠭᠤᠯ ᠰᠢᠨᠵᠢᠯᠡᠭᠡ ᠮᠡᠷᠭᠡᠵᠢᠯ ᠪᠣᠯᠣᠨ ᠮᠥᠩᠭᠦᠨ ᠭᠦᠶᠯᠭᠡᠭᠡᠨ ᠤ ᠬᠠᠮᠲᠤᠷᠠᠯᠴᠠᠭ᠎ᠠ ᠶᠢᠨ ᠣᠯᠠᠨ ᠡᠰᠢᠵᠢᠯᠲᠡ ᠶᠢ ᠢᠳᠡᠪᠬᠢᠲᠡᠶ ᠳᠥᠯᠭᠢᠨ ᠠᠬᠢᠭᠤᠯᠵᠤ ᠪᠣᠶ
ᠨᠡᠶᠢᠲᠡᠯᠡᠭᠰᠡᠨ ᠴᠠᠭ᠄
2020/3/25
     ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠰᠢᠨᠵᠢᠯᠡᠭᠡ ᠮᠡᠷᠭᠡᠵᠢᠯ ᠪᠣᠯᠣᠨ ᠮᠥᠩᠭᠦᠨ ᠭᠦᠶᠯᠭᠡᠭᠡᠨ ᠤ ᠬᠠᠮᠲᠤᠷᠠᠯᠴᠠᠭ᠎ᠠ ᠶᠢ ᠦᠷᠭᠦᠯᠵᠢᠯᠡᠨ ᠠᠬᠢᠭᠤᠯᠵᠤ᠂ ᠰᠢᠨᠵᠢᠯᠡᠭᠡ ᠮᠡᠷᠭᠡᠵᠢᠯ ᠤᠨ ᠣᠷᠣᠭᠤᠯᠤᠯᠲᠠ ᠶᠢ ᠣᠯᠠᠨ ᠡᠰᠢᠵᠢᠭᠦᠯᠦᠨ ᠨᠡᠮᠡᠭᠳᠡᠭᠦᠯᠪᠡ᠃ ᠡᠨᠡ ᠵᠢᠯ ᠤᠨ ᠲᠦᠷᠦᠭᠦᠦ 2 ᠰᠠᠷ᠎ᠠ ᠳᠤ᠂ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠷ ᠳᠠᠨᠵᠢᠯᠠᠭᠰᠠᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢ ᠨᠡᠶᠢᠲᠡ 4 ᠬᠤᠪᠢ ᠪᠡᠶᠡᠯᠡᠭᠦᠯᠦᠨ᠂ 4 ᠠᠵᠤ ᠠᠬᠤᠶᠢᠯᠠᠯ ᠢ ᠳᠡᠮᠵᠢᠵᠦ᠂ ᠠᠵᠤ ᠠᠬᠤᠶᠢᠯᠠᠯ ᠤᠨ 6 ᠲᠤᠰᠬᠠᠶ ᠠᠰᠢᠭ ᠢ ᠳᠠᠨᠵᠢᠯᠠᠵᠤ᠂ 2996 ᠲᠦᠮᠡᠨ ᠲᠥᠭᠦᠷᠢᠭ ᠤᠨ ᠲᠦᠭᠰᠢᠭᠦᠷᠢ ᠶᠢᠨ ᠨᠥᠬᠦᠪᠦᠷᠢ ᠶᠢ ᠡᠷᠭᠢᠯᠳᠦᠭᠦᠯᠦᠨ ᠬᠡᠷᠡᠭᠯᠡᠵᠦ᠂ 5544 ᠲᠦᠮᠡᠨ ᠲᠥᠭᠦᠷᠢᠭ ᠤᠨ ᠪᠠᠩᠬᠢ ᠶᠢᠨ ᠵᠢᠭᠡᠯᠡᠯᠭᠡ ᠶᠢ ᠬᠥᠳᠡᠯᠭᠡᠪᠡ᠃      ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ 2016 ᠣᠨ ᠳᠤ ᠰᠢᠨᠵᠢᠯᠡᠬᠦ ᠤᠬᠠᠭᠠᠨ ᠮᠡᠷᠭᠡᠵᠢᠯ ᠎ ᠤᠨ ᠦᠷ᠎ᠡ ᠪᠦᠲᠦᠭᠡᠯ ᠢ ᠳᠠᠨᠵᠢᠯᠠᠵᠤ ᠪᠠᠯᠠ ᠳᠣᠭᠢᠷᠠᠭᠤᠯᠬᠤ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠨᠡᠶᠢᠲᠡ 79 ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠷ ᠳᠠᠨᠵᠢᠯᠠᠭᠰᠠᠨ ᠪᠠᠯᠠ ᠳᠣᠭᠢᠷᠠᠭᠤᠯᠬᠤ ᠵᠢᠭᠡᠯᠡᠯᠭᠡ ᠶᠢ ᠪᠡᠶᠡᠯᠡᠭᠦᠯᠦᠨ᠂ 60 ᠠᠵᠤ ᠠᠬᠤᠶᠢᠯᠠᠯ ᠢ ᠳᠡᠮᠵᠢᠵᠦ᠂ ᠳᠠᠨᠵᠢᠯᠠᠬᠤ ᠠᠵᠤ ᠠᠬᠤᠶᠢᠯᠠᠯ ᠤᠨ ᠲᠤᠰᠬᠠᠶ ᠠᠰᠢᠭ ᠨᠡᠶᠢᠲᠡ 235 ᠵᠦᠶᠯ ᠪᠠᠶᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠠᠨᠵᠢᠯᠠᠵᠤ ᠪᠠᠯᠠ ᠳᠣᠭᠢᠷᠠᠭᠤᠯᠬᠤ ᠲᠦᠭᠰᠢᠭᠦᠷᠢ ᠶᠢᠨ ᠨᠥᠬᠦᠪᠥᠷᠢ ᠮᠥᠩᠭᠦ ᠶᠢ ᠨᠡᠶᠢᠲᠡ 1.4 ᠳ᠋ᠦᠩᠰᠢᠭᠤᠷ ᠲᠥᠭᠦᠷᠢᠭ ᠣᠷᠣᠭᠤᠯᠵᠤ᠂ ᠪᠠᠩᠬᠢ ᠶᠢᠨ ᠵᠢᠭᠡᠯᠡᠯᠭᠡ ᠶᠢ ᠨᠡᠶᠢᠲᠡ 14.14 ᠳ᠋ᠦᠩᠰᠢᠭᠤᠷ ᠲᠥᠭᠦᠷᠢᠭ ᠬᠦᠳᠡᠯᠭᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠨᠡᠯᠡᠨ ᠵᠢᠱᠢᠬᠦ ᠵᠠᠷᠤᠳᠠᠯ ᠢ 156 ᠲᠦᠮᠡᠨ ᠲᠥᠭᠦᠷᠢᠭ ᠨᠥᠬᠦᠪᠥᠷᠢᠯᠡᠪᠡ᠃ 2019 ᠣᠨ ᠎ ᠳᠤ ᠰᠢᠨᠵᠢᠯᠡᠭᠡ ᠮᠡᠷᠭᠡᠵᠢᠯ ᠤᠨ ᠦᠷ᠎ᠡ ᠪᠦᠲᠦᠭᠡᠯ ᠢᠶᠠᠷ ᠳᠠᠨᠵᠢᠯᠠᠭᠰᠠᠨ ᠪᠠᠯᠠ ᠲᠣᠬᠢᠷᠠᠭᠤᠯᠭ᠎ᠠ ᠶᠢᠨ ᠵᠢᠭᠡᠯᠡᠯᠭᠡ ᠶᠢ 67 ᠬᠤᠪᠢ ᠪᠡᠶᠡᠯᠡᠭᠦᠯᠦᠨ᠂ 50 ᠠᠵᠤ ᠠᠬᠤᠶᠢᠯᠠᠯ ᠢ ᠳᠡᠮᠵᠢᠵᠦ᠂ ᠠᠵᠤ ᠠᠬᠤᠶᠢᠯᠠᠯ ᠤᠨ ᠲᠤᠰᠬᠠᠶ ᠠᠰᠢᠭ ᠢ ᠨᠡᠶᠢᠲᠡ 170 ᠵᠦᠢᠯ ᠳᠠᠨᠵᠢᠯᠠᠵᠤ᠂ 1 ᠳ᠋ᠦᠩᠰᠢᠭᠤᠷ ᠲᠥᠭᠦᠷᠢᠭ ᠤᠨ ᠲᠦᠭᠰᠢᠭᠦᠷᠢ ᠶᠢᠨ ᠨᠥᠬᠦᠪᠥᠷᠢ ᠮᠥᠩᠭᠦ ᠣᠷᠣᠭᠤᠯᠤᠨ᠂ ᠪᠠᠩᠬᠢ ᠶᠢᠨ ᠵᠢᠭᠡᠯᠡᠯᠭᠡ ᠶᠢ 12.698 ᠳ᠋ᠦᠩᠰᠢᠭᠤᠷ ᠲᠥᠭᠦᠷᠢᠭ ᠬᠦᠳᠡᠯᠭᠡᠵᠦ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠨᠡᠯᠡᠨ ᠵᠢᠱᠢᠬᠦ ᠵᠠᠷᠤᠳᠠᠯ ᠢ 132 ᠲᠦᠮᠡᠨ ᠲᠥᠭᠦᠷᠢᠭ ᠨᠥᠬᠦᠪᠥᠷᠢᠯᠡᠪᠡ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠡᠯᠭᠡᠴᠡ ᠳᠤ ᠢᠯᠡᠷᠬᠡᠶᠢᠯᠡᠯ ᠡᠯᠭᠦᠭᠰᠡᠨ ᠲᠦᠷᠦᠭᠦᠦ ᠪᠦᠯᠦᠭ 58 ᠠᠵᠤ ᠠᠬᠤᠶᠢᠯᠠᠯ ᠤᠨ ᠡᠷᠦᠬᠡ ᠪᠦᠷᠢ ᠳᠤ 20 ᠲᠦᠮᠡᠨ ᠲᠥᠭᠦᠷᠢᠭ ᠤᠨ ᠳᠠᠷᠠᠭᠠᠬᠢ ᠨᠥᠬᠦᠪᠥᠷᠢ ᠳᠡᠮᠵᠢᠯᠭᠡ ᠣᠯᠭᠤᠵᠤ᠂ ᠰᠢᠨᠵᠢᠯᠡᠭᠡ ᠮᠡᠷᠭᠡᠵᠢᠯ ᠤᠨ ᠲᠤᠰᠬᠠᠶ ᠪᠠᠯᠠ ᠮᠥᠩᠭᠦ ᠎ ᠶᠢ ᠨᠡᠶᠢᠲᠡ 1160 ᠲᠦᠮᠡᠨ ᠲᠥᠭᠦᠷᠢᠭ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ ᠪᠠᠰᠠ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠠᠮᠢᠶᠠᠷᠤᠯᠲᠠ ᠶᠢᠨ ᠲᠣᠪᠴᠢᠶ᠎ᠠ ᠵᠢᠴᠢ ᠬᠠᠮᠢᠶ᠎ᠠ ᠪᠥᠬᠦᠶ ᠮᠥᠩᠭᠦᠨ ᠭᠦᠶᠯᠭᠡᠭᠡᠨ ᠤ ᠪᠠᠶᠢᠭᠤᠯᠤᠮᠵᠢ ᠲᠠᠢ ᠬᠠᠮᠲᠤᠷᠠᠯᠴᠠᠵᠤ᠂ ᠥᠪᠥᠷ ᠮᠣᠩᠭᠤᠯ ᠤᠨ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠬᠤᠯᠪᠣᠭ᠎ᠠ ᠪᠠᠶᠢᠭᠤᠯᠤᠭᠰᠠᠨ ᠪᠥᠭᠡᠳ ᠥᠪᠥᠷ ᠮᠣᠩᠭᠤᠯ ᠪᠠᠩᠬᠢ᠂ ᠬᠥᠬᠡᠬᠤᠲᠠ ᠶᠢᠨ ᠶᠢᠨ ᠬᠥ᠋ ᠲᠠᠷᠢᠶᠠᠯᠠᠩ ᠬᠤᠳᠠᠯᠳᠤᠭᠠᠨ ᠤ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ ᠳᠤ ᠰᠢᠨᠵᠢᠯᠡᠭᠡ ᠮᠡᠷᠭᠡᠵᠢᠯ ᠮᠥᠩᠭᠦᠨ ᠭᠦᠶᠯᠭᠡᠭᠡᠨ ᠤ ᠵᠢᠱᠢᠶ᠎ᠡ ᠦᠵᠡᠭᠦᠯᠬᠦ 3 ᠰᠠᠯᠪᠤᠷᠢ ᠪᠠᠩᠬᠢ ᠶᠢᠨ ᠢᠯᠡᠷᠬᠡᠶᠢᠯᠡᠯ ᠢ ᠡᠯᠭᠦᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号