ᠪᠦ᠋ ᠰᠢᠶᠤᠤ ᠯᠢᠨ ᠨᠡᠶᠢᠰᠯᠡᠯ ᠤᠨ ᠨᠢᠰᠬᠡᠯ ᠤᠨ ᠪᠠᠭᠤᠳᠠᠯ ᠤᠨ ᠬᠡᠰᠡᠭ ᠤᠯᠠᠨ ᠤᠯᠤᠰ ᠤᠨ ᠵᠢᠰᠢᠶᠠᠨ ᠤ ᠨᠢᠰᠬᠡᠯ ᠢ ᠬᠥᠬᠡᠬᠤᠲᠠ ᠳᠤ ᠪᠠᠭᠤᠯᠭᠠᠬᠤ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠠᠶᠢᠴᠠᠭᠠᠨ ᠵᠢᠯᠤᠭᠤᠳᠬᠤ ᠳᠠᠭᠠᠨ ᠴᠢᠬᠤᠯᠠᠴᠢᠯᠠᠬᠰᠠᠨ ᠨᠢ ᠨᠡᠶᠢᠰᠯᠡᠯ ᠤᠨ ᠬᠢᠯᠢ ᠶᠢᠨ ᠭᠠᠳᠠᠨᠠᠬᠢ ᠬᠢᠵᠢᠭ ᠤᠷᠤᠵᠥ ᠢᠷᠡᠬᠦ ᠶᠢ ᠰᠡᠷᠭᠡᠶᠢᠯᠡᠬᠦ ︽ᠭᠠᠯ ᠰᠡᠷᠭᠡᠶᠢᠯᠡᠬᠦ ᠬᠡᠷᠡᠮ︾᠎ ᠢ ᠪᠠᠲᠤ ᠴᠣᠭᠴᠠᠯᠠᠵᠥ ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ
ᠨᠡᠶᠢᠲᠡᠯᠡᠭᠰᠡᠨ ᠴᠠᠭ᠄
2020/3/26
     3 ᠰᠠᠷ᠎ᠠ ᠶᠢᠨ 25᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠢ ᠵᠢᠯᠤᠭᠤᠳᠤᠬᠴᠢ ᠪᠦ᠋ ᠰᠢᠶᠤᠤ ᠯᠢᠨ ᠬᠥᠬᠡᠬᠤᠲᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠳᠤ ᠬᠦᠷᠴᠦ᠂ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠬᠡᠰᠡᠭ ᠤᠯᠠᠨ ᠤᠯᠤᠰ ᠤᠨ ᠵᠢᠰᠢᠶᠠᠨ ᠤ ᠨᠢᠰᠬᠡᠯ ᠢ ᠬᠦᠬᠡᠬᠤᠳᠠ ᠳᠤ ᠪᠠᠭᠤᠯᠭᠠᠬᠤ ᠶᠢ ᠠᠷᠭᠠᠴᠠᠭᠠᠨ ᠰᠢᠢᠳᠪᠦᠷᠢᠯᠡᠬᠦ ᠠᠵᠢᠯ ᠢ ᠪᠠᠶᠢᠴᠠᠭᠠᠨ ᠵᠢᠯᠤᠭᠤᠳᠴᠤ᠂ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠢ ᠪᠠᠲᠤ ᠪᠤᠢ ᠪᠣᠯᠭᠠᠵᠤ᠂ ᠨᠢᠬᠡᠳᠦᠬᠡᠷ ᠬᠢᠯᠢ ᠳᠤ ᠤᠷᠤᠬᠤ ᠴᠡᠭ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠨᠡᠶᠢᠰᠯᠡᠯ ᠤᠨ ᠬᠢᠯᠢ ᠶᠢᠨ ᠭᠠᠳᠠᠨᠠᠬᠢ ᠬᠢᠵᠢᠭ ᠤᠷᠤᠵᠥ ᠢᠷᠡᠬᠦ ᠶᠢ ᠰᠡᠷᠭᠡᠶᠢᠯᠡᠬᠦ ︽ᠭᠠᠯ ᠰᠡᠷᠭᠡᠶᠢᠯᠡᠬᠦ ᠬᠡᠷᠡᠮ︾᠎ ᠢ ᠪᠠᠲᠤ ᠴᠣᠭᠴᠠᠯᠠᠵᠥ᠂ ᠥᠪᠥᠷ ᠮᠣᠩᠭᠤᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠰᠠᠶᠢᠲᠤᠷ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃      ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ ᠡᠸᠤ ᠶᠠᠩ ᠰᠢᠶᠤᠤ ᠬᠤᠶ ᠪᠠᠶᠢᠴᠠᠭᠠᠨ ᠵᠢᠯᠣᠭᠤᠳᠬᠤ ᠳᠤ ᠣᠷᠣᠯᠴᠠᠪᠠ᠃      ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠠᠷᠭᠠᠴᠠᠭᠠᠨ ᠰᠢᠢᠳᠪᠦᠷᠢᠯᠡᠬᠦ ᠠᠵᠢᠯ ᠤᠨ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠲᠤ᠂ ᠪᠦ᠋ ᠰᠢᠶᠤᠤ ᠯᠢᠨ ᠳᠣᠲᠣᠭᠠᠳᠤ ᠶᠢ ᠬᠠᠮᠠᠭᠠᠯᠠᠬᠤ᠂ ᠨᠢᠰᠬᠡᠯ ᠤᠨ ᠪᠠᠭᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠬᠢᠯᠢ ᠶᠢᠨ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠦᠬᠡᠬᠤᠳᠠ ᠪᠠᠷ ᠳᠠᠮᠵᠢᠨ ᠦᠩᠬᠡᠷᠡᠬᠦ ᠨᠡᠶᠢᠰᠯᠡᠯ ᠤᠨ ᠨᠢᠰᠭᠡᠯ ᠤᠨ ᠪᠠᠭᠤᠳᠠᠯ ᠤᠨ ᠬᠡᠰᠡᠭ ᠤᠯᠠᠨ ᠤᠯᠤᠰ ᠤᠨ ᠵᠢᠰᠢᠶᠠᠨ ᠤ ᠨᠢᠰᠬᠡᠯ ᠢ ᠠᠷᠭᠠᠴᠠᠭᠠᠨ ᠰᠢᠢᠳᠪᠦᠷᠢᠯᠡᠭᠰᠡᠨ ᠪᠠᠶᠢᠳᠠᠯ ᠢ ᠣᠶᠢᠯᠠᠭᠠᠵᠤ᠂ ᠲᠤᠯᠭᠠᠷᠠᠵᠤ ᠪᠠᠶᠢᠭ᠎ᠠ ᠭᠤᠤᠯ ᠠᠰᠠᠭᠤᠳᠠᠯ ᠪᠠ ᠬᠦᠴᠢᠷᠳᠡᠯ ᠢ ᠠᠰᠠᠭᠤᠨ ᠯᠠᠪᠯᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠲᠤᠬᠠᠶ ᠱᠠᠭᠠᠷᠳᠠᠯᠭ᠎ᠠ ᠳᠤᠷᠠᠳᠪᠠ᠃ ᠲᠡᠷᠡ᠂ ᠥᠪᠥᠷ ᠮᠣᠩᠭᠤᠯ ᠪᠣᠯ ᠨᠡᠶᠢᠰᠯᠡᠯ ᠤᠨ ︽ᠤᠨᠠᠭᠤᠯᠢ ᠭᠤᠤᠯ︾ ᠮᠥᠨ᠂ ᠲᠥᠪ ᠤᠨ ᠬᠢᠵᠢᠭ ᠎ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠨᠢᠭᠡᠳᠦᠯᠲᠡᠶ ᠪᠠᠶᠢᠷᠢᠯᠠᠭᠤᠯᠤᠯᠲᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠢᠰᠢᠶᠠᠨ ᠤ ᠨᠢᠰᠬᠡᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠠᠷᠢᠯᠢᠭ ᠤᠨᠤᠴᠠᠳᠠᠢ ᠴᠢᠩᠭ᠎ᠠ ᠨᠢᠮᠪᠠᠢ ᠪᠦᠲᠦᠮᠵᠢᠲᠡᠶ ᠪᠠᠷ ᠬᠠᠮᠢᠶᠠᠷᠤᠨ ᠡᠵᠡᠮᠳᠡᠵᠦ᠂ ᠬᠢᠯᠢ ᠶᠢᠨ ᠭᠠᠳᠠᠨ᠎ᠠ ᠠᠴᠠ ᠬᠢᠵᠢᠭ ᠣᠷᠣᠵᠥ ᠢᠷᠡᠬᠦ ᠶᠢ ᠰᠡᠷᠭᠡᠶᠢᠯᠡᠬᠦ ᠨᠢᠭᠡᠳᠦᠭᠡᠷ ᠪᠣᠭᠤᠮᠲᠠ ᠶᠢ ᠪᠠᠲᠤ ᠰᠠᠬᠢᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠎ ᠤᠨ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ ᠨᠢᠭᠳᠠ ᠠᠴᠠ ᠨᠢᠭᠳᠠ ᠰᠠᠶᠢᠲᠤᠷ ᠨᠠᠶᠢᠳᠠᠪᠤᠷᠢᠵᠢᠭᠤᠯᠵᠤ᠂ ᠪᠦᠬᠦ ᠶᠠᠪᠤᠴᠠ ᠪᠠᠷ ᠪᠢᠳᠡᠬᠦᠮᠵᠢᠯᠡᠬᠦ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠭᠤᠭᠴᠤᠭ᠎ᠠ ᠨᠢᠭᠡᠪᠦᠷᠢ ᠶᠢ ᠭᠡᠳᠡᠷᠬᠦ ᠮᠦᠷᠳᠡᠵᠦ ᠪᠣᠯᠬᠤ ᠶᠢ ᠪᠠᠲᠤᠯᠠᠵᠤ᠂ ᠮᠠᠨ ᠤ ᠣᠷᠣᠨ ᠤ ᠬᠢᠯᠪᠠᠷ ᠪᠤᠰᠤ ᠪᠠᠷ ᠣᠯᠤᠭᠰᠠᠨ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠬᠦ ᠬᠡᠷᠡᠭᠲᠡᠶ ᠬᠡᠵᠥ ᠵᠢᠭᠠᠵᠥ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号